ᠾᠧ ᠳ᠋ᠦᠩ ᠪᠠᠯᠭᠠᠰᠤ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ︽ᠨᠠᠢᠮᠠ ᠶᠢ ᠪᠦᠷᠢᠳᠬᠡᠵᠦ ᠨᠠᠢᠮᠠᠵᠢᠭᠤᠯᠬᠤ︾ ᠵᠢᠷᠤᠮᠵᠢᠭᠰᠠᠨ ᠰᠤᠮᠤ ᠰᠢᠶᠠᠩ ᠪᠠᠯᠭᠠᠰᠤᠨ ᠤ ᠴᠣᠯᠠ ᠶᠢ ᠢᠷᠠᠭᠤ ᠠᠯᠳᠠᠷᠲᠠᠢ ᠪᠠᠷ ᠭᠥᠷᠳᠡᠪᠡ
ᠨᠡᠶᠢᠲᠡᠯᠡᠭᠰᠡᠨ ᠴᠠᠭ᠄
2023/2/28
     ᠣᠶᠢᠷ᠎ᠠ ᠳᠤ᠂ ᠪᠤᠭᠤᠲᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ ᠾᠧ ᠳ᠋ᠦᠩ ᠪᠠᠯᠭᠠᠰᠤ ︽ᠪᠤᠭᠤᠲᠤ ᠬᠤᠲᠠ ᠶᠢᠨ 2022 ᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ︿ᠨᠠᠢᠮᠠ ᠶᠢ ᠪᠦᠷᠢᠳᠬᠡᠵᠦ ᠨᠠᠢᠮᠠᠵᠢᠭᠤᠯᠬᠤ﹀ ᠵᠢᠷᠤᠮᠵᠢᠭᠰᠠᠨ ᠰᠤᠮᠤ ᠰᠢᠶᠠᠩ ᠪᠠᠯᠭᠠᠰᠤ︾ ᠶᠢᠨ ᠴᠣᠯᠠ ᠶᠢ ᠭᠥᠷᠳᠡᠪᠡ᠃     ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ︽ᠨᠠᠢᠮᠠ ᠶᠢ ᠪᠦᠷᠢᠳᠬᠡᠵᠦ ᠨᠠᠢᠮᠠᠵᠢᠭᠤᠯᠬᠤ︾ᠠᠵᠢᠯ ᠢ ᠥᠷᠨᠢᠭᠦᠯᠦᠭᠰᠡᠨ ᠠᠴᠠ ᠨᠠᠰᠢ᠂ ᠡᡁᠸ ᠳ᠋ᠦᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠠᠢ᠃      ᠨᠢᠭᠡ ᠳᠤ᠂ ᠰᠠᠭᠤᠷᠢ ᠶᠢ ᠪᠠᠬᠢᠵᠢᠭᠦᠯᠵᠦ ᠪᠦᠬᠦ ᠬᠦᠴᠦᠨ ᠢᠶᠠᠷ ᠢᠶᠠᠨ ᠪᠠᠲᠤᠯᠠᠨ᠎ᠠ᠃ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠭ᠎ᠠ ᠪᠦᠷᠢᠳᠬᠡᠯ ᠤᠨ ᠠᠵᠢᠯ  ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠵᠠᠷᠤᠳᠠᠯ  ᠢ ᠪᠠᠲᠤᠯᠠᠨ᠂ ᠠᠵᠢᠯᠯᠠᠬᠤ ᠨᠥᠬᠦᠴᠡᠯ  ᠢ ᠰᠠᠶᠢᠵᠢᠷᠠᠭᠤᠯᠵᠤ᠂ ᠲᠤᠭ᠎ᠠ ᠪᠦᠷᠢᠳᠬᠡᠯ ᠤᠨ ᠲᠤᠰᠬᠠᠢ ᠺᠣᠮᠫᠢᠦ᠋ᠲ᠋ᠧᠷ  ᠢ ᠲᠣᠬᠢᠷᠠᠭᠤᠯᠤᠨ᠂ ᠳᠣᠲᠣᠭᠠᠳᠤ ᠭᠠᠳᠠᠭᠠᠳᠤ ᠰᠦᠯᠵᠢᠶᠡᠨ ᠤ ᠹᠢᠽᠢᠺ ᠤᠨ ᠲᠤᠰᠠᠭᠠᠷᠯᠠᠯ  ᠢ ᠪᠡᠶᠡᠯᠡᠭᠦᠯᠵᠡᠢ᠃ᠪᠦᠬᠦ ᠪᠠᠯᠭᠠᠰᠤᠨ ᠤ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠳᠦᠷ᠂ 6 ᠰᠠᠷ᠎ᠠ ᠶᠢᠨ ᠰᠡᠭᠦᠯᠴᠢ ᠶᠢᠨ ᠵᠤᠨ ᠤ ᠤᠯᠠᠷᠢᠯ ᠤᠨ ᠮᠠᠯ ᠠᠵᠤ ᠠᠬᠤᠢ ᠶᠢᠨ ᠪᠠᠶᠢᠴᠠᠭᠠᠯᠲᠠ᠂ ᠬᠥᠮᠥᠨ ᠠᠮᠠ ᠶᠢᠨ ᠦᠯᠢᠭᠡᠷ ᠠᠪᠴᠤ ᠪᠠᠶᠢᠴᠠᠭᠠᠯᠲᠠ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠲᠤᠭ᠎ᠠ ᠪᠦᠷᠢᠳᠬᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ  ᠶᠢ ᠥᠷᠨᠢᠭᠦᠯᠵᠦ᠂ ᠰᠦᠯᠵᠢᠶᠡᠨ ᠳᠡᠭᠡᠷ᠎ᠡ ᠰᠦᠯᠵᠢᠶᠡᠨ ᠤ ᠸᠢᠴᠠᠲ ᠤᠨ ᠪᠦᠯᠦᠭ᠂ ᠲᠣᠰᠬᠤᠨ ᠤ ᠠᠷᠠᠳ ᠤᠨ ᠬᠡᠰᠡᠭ ᠲᠣᠭᠤᠷᠢᠭ ᠤᠨ ᠪᠦᠯᠦᠭ᠂ ᠰᠠᠭᠤᠭᠠᠯᠢ ᠠᠷᠠᠳ ᠤᠨ ᠠᠰᠠᠷ ᠠᠰᠠᠷ ᠤᠨ ᠪᠦᠯᠦᠭ ᠢ ᠭᠦᠢᠴᠡᠳ ᠠᠰᠢᠭᠯᠠᠨ ᠲᠤᠭ᠎ᠠ ᠪᠦᠷᠢᠳᠬᠡᠯ ᠤᠨ ᠨᠡᠶᠢᠳᠡᠮ ᠪᠠᠶᠢᠴᠠᠭᠠᠯᠲᠠ ᠶᠢᠨ ᠪᠠᠭ᠎ᠠ ᠮᠡᠳᠡᠯᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠠᠭ ᠲᠤᠬᠠᠢ ᠳᠤᠨᠢ ᠬᠦᠷᠭᠡᠬᠦ ᠪᠠ ᠳᠠᠮᠵᠢᠭᠤᠯᠤᠨ ᠲᠠᠷᠬᠠᠭᠠᠵᠤ᠂ ᠰᠦᠯᠵᠢᠶᠡᠨ ᠠᠴᠠ ᠭᠠᠳᠠᠨ᠎ᠠ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠠᠯᠪᠠᠨ ᠵᠠᠷ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠭ᠎ᠠ ᠬᠢᠵᠦ᠂ ᠲᠤᠭ᠎ᠠ ᠪᠦᠷᠢᠳᠬᠡᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠬᠦ ᠬᠠᠮᠵᠢᠯᠴᠠᠭ᠎ᠠ ᠪᠠ ᠳᠡᠮᠵᠢᠯᠭᠡ ᠶᠢ ᠳᠡᠭᠡᠭᠰᠢᠯᠡᠭᠦᠯᠵᠦ᠂ ᠲᠤᠭ᠎ᠠ ᠪᠦᠷᠢᠳᠬᠡᠭᠴᠢ ᠶᠢ ᠨᠠᠩ ᠰᠠᠶᠢᠨ᠂ ᠨᠠᠩ ᠲᠦᠷᠭᠡᠨ᠂ ᠨᠠᠩ ᠪᠦᠲᠦᠮᠵᠢᠲᠡᠶ ᠠᠵᠢᠯ ᠢᠶᠠᠨ ᠥᠷᠨᠢᠭᠦᠯᠬᠦ ᠪᠣᠯᠭᠠᠵᠠᠢ᠃      ᠬᠤᠶᠠᠷ ᠲᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠤ ᠡᠩᠨᠡᠭᠡ ᠶᠢ ᠪᠠᠶᠢᠭᠤᠯᠤᠨ᠎ᠠ᠃ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠰᠣᠶᠣᠯ ᠤᠨ ᠬᠢᠷᠢ ᠬᠡᠮᠵᠢᠶ᠎ᠡ ᠪᠠᠷ ᠥᠨᠳᠥᠷ 2 ᠵᠠᠯᠠᠭᠤ ᠺᠠᠳ᠋ᠷ ᠢ ᠰᠢᠯᠢᠳᠡᠭ ᠢ ᠨᠢ ᠰᠣᠩᠭᠤᠨ ᠲᠣᠮᠢᠯᠠᠵᠤ ᠪᠠᠯᠭᠠᠰᠤᠨ ᠤ ᠲᠠᠰ ᠤᠨ ᠲᠤᠭ᠎ᠠ ᠪᠦᠷᠢᠳᠬᠡᠯ ᠤᠨ ᠠᠵᠢᠯ ᠢ ᠬᠢᠯᠭᠡᠨ᠎ᠡ ᠃ᠪᠥᠬᠦ ᠪᠠᠯᠭᠠᠰᠤᠨ ᠤ 26 ᠲᠣᠰᠬᠤᠨ ᠤ 2 ᠨᠡᠶᠢᠭᠡᠮ ᠲᠣᠭᠤᠷᠢᠭ ᠤᠨ ᠬᠢᠨ ᠴᠥᠮ ᠬᠤᠶᠠᠷ ᠵᠥᠪᠯᠡᠯ ᠤᠨ ᠪᠠᠭ ᠤᠨ ᠳᠣᠲᠣᠷ᠎ᠠ  ᠠᠴᠠ ᠺᠣᠮᠫᠢᠦ᠋ᠲ᠋ᠧᠷ  ᠢ ᠪᠣᠯᠪᠠᠰᠤᠷᠠᠩᠭᠤᠢ ᠠᠵᠢᠯᠯᠠᠭᠤᠯᠬᠤ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠬᠤᠶᠠᠷ ᠵᠥᠪᠯᠡᠯ ᠤᠨ ᠪᠦᠷᠢᠯᠳᠦᠭᠦᠨ  ᠢ ᠰᠣᠩᠭᠤᠨ ᠲᠣᠮᠢᠯᠠᠵᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ  ᠢ ᠬᠠᠷᠢᠭᠤᠴᠠᠭᠤᠯᠵᠤ᠂ ᠲᠤᠭ᠎ᠠ ᠪᠦᠷᠢᠳᠬᠡᠯ ᠤᠨ ᠠᠵᠢᠯ  ᠢ ᠦᠨᠳᠦᠰᠦᠨ ᠱᠠᠲᠤᠨ ᠳᠤ ᠪᠦᠲᠦᠮᠵᠢᠲᠡᠶ ᠪᠠᠷ ᠤᠷᠲᠤᠳᠬᠠᠬᠤ  ᠶᠢ ᠪᠡᠶᠡᠯᠡᠭᠦᠯᠵᠡᠢ᠃ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠪᠠᠯᠭᠠᠰᠤᠨ ᠤ ᠲᠤᠭ᠎ᠠ ᠪᠦᠷᠢᠳᠬᠡᠭᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠪᠣᠯᠪᠠᠰᠤᠷᠠᠭᠤᠯᠤᠯ ᠳᠤ ᠢᠳᠡᠪᠬᠢᠲᠡᠢ ᠣᠷᠣᠯᠴᠠᠵᠤ᠂ ᠰᠠᠷ᠎ᠠ ᠪᠦᠷᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠣᠲᠣᠭᠠᠳᠤ ᠰᠦᠯᠵᠢᠶ᠎ᠡ ᠶᠢᠨ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ︾ ᠪᠤᠯᠤᠩ ᠪᠠ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠪᠢᠴᠢᠯ ᠮᠡᠳᠡᠭᠡᠯᠡᠯ ︽ᠦᠨᠳᠦᠰᠦᠨ ᠱᠠᠲᠤᠨ ᠤ ᠰᠠᠭᠤᠷᠢ ᠦᠢᠯᠡᠴᠢᠯᠡᠭᠡ︾ ᠪᠤᠯᠤᠩ ᠳᠤ ᠭᠠᠷᠴᠤ ᠪᠡᠶ᠎ᠡ ᠪᠠᠨ ᠳᠠᠭᠠᠭᠠᠵᠤ ᠰᠤᠷᠤᠯᠴᠠᠬᠤ ᠪᠣᠯᠣᠨ᠎ᠠ᠃ᠪᠠᠯᠭᠠᠰᠤᠨ ᠤ ᠱᠠᠲᠤᠨ ᠤ  ᠬᠢᠨ ᠲᠣᠰᠬᠤᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠯ ᠤᠨ ᠠᠵᠢᠯ ᠢ ᠵᠡᠷᠭᠡᠪᠡᠷ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ ᠂ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠣᠨᠣᠯ ᠤᠨ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠦᠭᠰᠡᠨ ᠢᠶᠠᠷ ᠪᠠᠷᠠᠬᠤ ᠦᠭᠡᠢ ᠪᠠᠰᠠ ᠠᠵᠢᠯ ᠤᠨ ᠳᠤᠮᠳᠠᠬᠢ ᠪᠣᠳᠠᠲᠠᠢ ᠠᠰᠠᠭᠤᠳᠠᠯ ᠳᠤ ᠴᠢᠭᠯᠡᠭᠦᠯᠦᠨ ᠬᠦᠴᠢᠷ ᠲᠦᠪᠡᠭᠲᠡᠢ ᠠᠰᠠᠭᠤᠳᠠᠯ ᠢ ᠲᠥᠪᠯᠡᠷᠡᠭᠦᠯᠦᠨ ᠲᠠᠶᠢᠯᠪᠤᠷᠢᠯᠠᠬᠤ ᠶᠢ ᠵᠣᠬᠢᠶᠠᠨ ᠪᠠᠶᠢᠭᠤᠯᠵᠤ᠂ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠨ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠳᠤ ᠰᠠᠭᠤᠷᠢ ᠲᠠᠯᠪᠢᠭᠰᠠᠨ ᠪᠠᠶᠢᠨ᠎ᠠ᠃      ᠭᠤᠷᠪᠠ ᠳᠤ ᠳᠦᠷᠢᠮ ᠢ ᠲᠡᠭᠦᠯᠳᠡᠷᠵᠢᠭᠦᠯᠦᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃︽ᠲᠤᠭ᠎ᠠ ᠪᠦᠷᠢᠳᠬᠡᠯ ᠤᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯ ᠢᠶᠠᠨ ᠨᠠᠶᠢᠳᠠᠪᠤᠷᠢᠵᠢᠭᠤᠯᠵᠤ᠂ ᠾᠧ ᠳ᠋ᠦᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠾᠧ ᠳ᠋ᠦᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠳᠦᠷᠢᠮ︾ ︽ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠠᠯᠢ ᠣᠯᠠᠨ ᠠᠵᠢᠯ ᠤᠨ ᠳᠦᠷᠢᠮ ᠢ ᠲᠣᠭᠲᠠᠭᠠᠵᠤ᠂ ᠲᠤᠭ᠎ᠠ ᠪᠠᠷᠢᠮᠲᠠ ᠴᠤᠭᠯᠠᠭᠤᠯᠬᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠲᠤᠭ᠎ᠠ ᠪᠠᠷᠢᠮᠲᠠ ᠶᠢᠨ ᠬᠠᠮᠢᠶᠠᠷᠤᠯᠲᠠ ᠳᠤ ᠬᠤᠯᠪᠣᠭᠳᠠᠬᠤ ᠭᠤᠭᠴᠤᠭ᠎ᠠ ᠶᠢ ᠴᠤᠪᠤᠷᠠᠯᠵᠢᠭᠤᠯᠬᠤ ᠂ ᠵᠢᠷᠤᠮᠵᠢᠭᠤᠯᠬᠤ᠂ ᠲᠠᠩᠰᠠ ᠡᠪᠬᠡᠮᠡᠯᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠢᠶᠠᠷᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠴᠠᠭ ᠲᠤᠬᠠᠢ ᠳᠤᠨᠢ ᠪᠠᠶᠢᠬᠤ ᠶᠢ ᠪᠠᠲᠤᠯᠠᠬᠤ ᠬᠡᠷᠡᠭᠲᠡᠢ᠃      ᠳᠥᠷᠪᠡ ᠳᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠶᠢ ᠵᠢᠷᠤᠮᠵᠢᠭᠤᠯᠤᠨ᠎ᠠ᠃ᠪᠦᠷᠢᠳᠬᠡᠯ ᠤᠨ ᠲᠤᠭ᠎ᠠ ᠪᠠᠷᠢᠮᠲᠠ ᠶᠢ ᠵᠢᠷᠤᠮᠵᠢᠭᠤᠯᠤᠨ ᠳᠡᠭᠡᠭᠰᠢ ᠮᠡᠳᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠳ ᠬᠦᠴᠦᠨ ᠲᠠᠢ ᠬᠤᠭᠤᠴᠠᠭᠠᠨ ᠳᠣᠲᠣᠷ᠎ᠠ ᠲᠤᠭ᠎ᠠ ᠪᠠᠷᠢᠮᠲᠠ ᠶᠢ ᠪᠦᠷᠢᠳᠬᠡᠬᠦ᠂ ᠡᠮᠬᠢᠯᠡᠵᠦ ᠮᠡᠳᠡᠭᠦᠯᠦᠨ ᠬᠦᠷᠭᠡᠬᠦ ᠠᠵᠢᠯ ᠢ ᠨᠠᠷᠢᠨ ᠬᠢᠨᠠᠮᠠᠭᠠᠢ ᠪᠡᠶᠡᠯᠡᠭᠦᠯᠵᠦ᠂ ᠮᠡᠳᠡᠭᠦᠯᠬᠦ ᠶᠢ ᠣᠷᠬᠢᠭᠳᠠᠭᠤᠯᠬᠤ ᠦᠭᠡᠢ᠂ ᠰᠠᠶᠢᠨ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ ᠦᠭᠡᠢ᠂ ᠲᠤᠭ᠎ᠠ ᠪᠠᠷᠢᠮᠲᠠ ᠶᠢ ᠦᠨᠡᠨ ᠪᠣᠳᠠᠲᠠᠢ᠂ ᠪᠦᠷᠢᠨ ᠪᠦᠲᠦᠨ᠂ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ ᠰᠠᠬᠢᠵᠤ᠂ ᠲᠡᠭᠦᠨ ᠤ ᠳᠣᠲᠣᠷᠠᠬᠢ ᠬᠡᠪ ᠤᠨ ᠪᠤᠰᠤ ᠪᠠᠶᠢᠳᠠᠯ ᠣᠷᠣᠰᠢᠵᠤ ᠪᠠᠶᠢᠭ᠎ᠠ ᠲᠤᠭ᠎ᠠ ᠪᠠᠷᠢᠮᠲᠠ ᠶᠢᠨ ᠢᠷᠡᠯᠲᠡ ᠶᠢ ᠨᠡᠬᠡᠮᠵᠢᠯᠡᠨ᠎ᠡ᠃ᠨᠡᠷᠡᠰ ᠤᠨ ᠬᠥᠮᠥᠷᠭᠡ ᠶᠢ ᠰᠢᠨᠡᠳᠬᠡᠨ ᠬᠠᠮᠠᠭᠠᠯᠠᠬᠤ᠂ ᠰᠢᠶᠠᠩ ᠤᠨ ᠺᠠᠷᠲ ᠲᠣᠰᠬᠤᠨ ᠤ ᠺᠠᠷᠲ᠂ 6 ᠳ᠋ᠤᠭᠠᠷ ᠰᠠᠷ᠎ᠠ ᠶᠢᠨ ᠰᠡᠭᠦᠯᠴᠢ ᠶᠢᠨ ᠵᠣᠨ ᠤ ᠤᠯᠠᠷᠢᠯ ᠤᠨ ᠮᠠᠯ ᠠᠵᠤ ᠠᠬᠤᠢ ᠶᠢᠨ ᠪᠠᠶᠢᠴᠠᠭᠠᠯᠲᠠ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠮᠡᠳᠡᠭᠦᠯᠦᠯᠲᠡ ᠶᠢᠨ ᠬᠦᠰᠦᠨᠦᠭᠲᠦ᠂ ᠬᠡᠪᠴᠢᠶ᠎ᠡ ︵ᠬᠢᠵᠠᠭᠠᠷᠯᠠᠭᠰᠠᠨ ᠲᠤᠭ᠎ᠠ︶  ᠠᠴᠠ ᠳᠣᠷᠣᠭᠰᠢᠬᠢ ᠨᠢᠭᠡᠴᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠂ ᠰᠠᠭᠤᠭᠠᠯᠢ ᠡᠷᠦᠬᠡ ᠶᠢᠨ ᠥᠯᠢᠭᠡᠷ ᠡᠳ᠋ ᠢ ᠶᠡᠭᠡ ᠪᠠᠷ ᠡᠭᠡᠯᠵᠢᠯᠡᠭᠦᠯᠦᠨ ᠰᠣᠯᠢᠬᠤ᠂ ᠬᠥᠮᠥᠨ ᠠᠮᠠ ᠶᠢᠨ ᠥᠯᠢᠭᠡᠷ ᠠᠪᠴᠤ ᠪᠠᠶᠢᠴᠠᠭᠠᠬᠤ ᠵᠡᠷᠭᠡ ᠠᠵᠢᠯ ᠢ ᠴᠢᠨᠠᠷ ᠰᠠᠶᠢᠲᠠᠢ ᠪᠡᠶᠡᠯᠡᠭᠦᠯᠪᠡ᠃ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠲᠠᠰᠤᠭ ᠨᠢ ᠡᠯᠧᠺᠲᠷᠣᠨ ᠡᠬᠡ ᠲᠠᠩᠰᠠ ᠪᠠ ᠠᠩᠬᠠᠨ ᠤ ᠮᠠᠲ᠋ᠧᠷᠢᠶᠠᠯ ᠢ ᠪᠠᠭᠲᠠᠭᠠᠭᠰᠠᠨ ᠪᠦᠷᠢᠨ ᠲᠡᠭᠦᠯᠳᠡᠷ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠠᠶᠢᠭᠤᠯᠵᠤ᠂ ︽ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠳᠦᠷᠢᠮ︾ ᠤᠨ ᠶᠣᠰᠣᠭᠠᠷ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠡᠷᠢ ᠲᠡᠭᠰᠢ ᠬᠠᠳᠠᠭᠠᠯᠠᠵᠤ᠂ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠵᠤ᠂ ᠳᠡᠪᠲᠡᠷᠯᠡᠨ ᠳᠡᠪᠲᠡᠷᠯᠡᠵᠦ᠂ ᠲᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠵᠠᠢ᠃      ᠾᠧ ᠳ᠋ᠦᠩ ᠪᠠᠯᠭᠠᠰᠤ ᠡᠨᠡ ᠬᠦ ᠢᠷᠠᠭᠤ ᠠᠯᠳᠠᠷ ᠢ ᠭᠥᠷᠳᠡᠭᠰᠡᠨ ᠢᠶᠠᠨ ᠬᠤᠪᠢ ᠳᠠᠬᠢᠨ ᠨᠠᠨᠳᠢᠩᠨᠠᠵᠤ᠂ ᠲᠤᠶᠢᠯ ᠢᠶᠠᠷ ᠵᠣᠷᠢᠭᠵᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠠᠷᠤᠶᠢᠬᠠᠨ ᠭᠦᠢᠴᠡᠳᠬᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠲᠡᠷᠢᠭᠦᠨ ᠤ ᠬᠢ ᠶᠢ ᠲᠡᠮᠡᠴᠡᠨ ᠣᠯᠬᠤ︾ ᠠᠵᠢᠯ ᠤᠨ ᠰᠤᠷᠲᠠᠯ ᠢ ᠪᠠᠲᠤ ᠪᠠᠬᠢ ᠪᠣᠶ ᠪᠣᠯᠭᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠡᠬᠢ ᠡᠭᠦᠰᠦᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1