ᠳ᠋ᠦᠩ ᠾᠧ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠰᠡᠷᠡᠮᠵᠢᠯᠡᠭᠦᠯᠬᠦ ᠬᠥᠮᠦᠵᠢᠯ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/28
     2023 ᠣᠨ ᠤ 2 ᠰᠠᠷ᠎ᠠ ᠶᠢᠨ 22  ᠤᠨ ᠦᠳᠡ ᠶᠢᠨ ᠬᠤᠶᠢᠨ᠎ᠠ᠂ ᠳ᠋ᠦᠩ ᠡᡁᠸ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠰᠡᠷᠡᠮᠵᠢᠯᠡᠭᠦᠯᠬᠦ ᠬᠥᠮᠦᠵᠢᠯ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠰᠦᠨ ᠭᠦᠸᠧ ᠢᠦᠢ ᠲᠣᠪᠴᠢᠶᠠᠨ ᠳᠠᠷᠤᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠦᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠵᠤ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠭᠡᠰᠢᠭᠦᠨ ᠭᠤᠸᠠᠨ ᠫᠣᠩ ᠬᠤᠷᠠᠯ ᠳᠤ ᠣᠷᠣᠯᠴᠠᠭᠰᠠᠨ ᠪᠥᠭᠡᠳ ᠪᠦᠬᠦ ᠶᠠᠪᠤᠴᠠ ᠳᠤ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠰᠦᠨ ᠭᠦᠸᠧ ᠢᠦᠢ 2023 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠡᠮᠵᠢ ᠶᠢᠨ ᠬᠥᠮᠦᠵᠢᠯ ᠤᠨ ᠺᠢᠨᠣ᠋︽ᠰᠤᠷᠲᠠᠯ ᠢ ᠲᠥᠪ ᠪᠣᠯᠭᠠᠨ ᠢᠯᠵᠢᠷᠡᠯ ᠢ ᠡᠰᠡᠷᠭᠦᠴᠡᠬᠦ ᠨᠢ ᠳᠡᠷᠭᠡᠳᠡ ᠨᠢ ᠪᠠᠶᠢᠨ᠎ᠠ︾ᠭᠡᠬᠦ ᠺᠢᠨᠣ᠋ ᠶᠢ ᠦᠵᠡᠵᠦ᠂ ᠰᠡᠭᠦᠳᠡᠷ ᠢ ᠦᠵᠡᠭᠰᠡᠨ ᠤ ᠳᠠᠷᠠᠭ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ ᠶᠢᠨ ᠮᠡᠳᠡᠯᠭᠡ ᠶᠢᠨ ᠰᠢᠯᠭᠠᠯᠲᠠ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠄ ᠪᠦᠭᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠦᠭᠦ ᠲᠠᠯ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠬᠦᠢᠠᠵᠠᠭᠡᠢ ᠥᠷᠨᠢᠭᠦᠯᠬᠦ ᠶᠢ ᠠᠬᠢᠭᠤᠯᠬᠤ ᠬᠡᠷᠠᠭᠲᠠᠢ᠃ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠬᠤ ᠨᠠᠮ ᠢ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠨᠠᠮ ᠤᠨ ᠪᠠᠶᠢᠭᠤᠯᠤᠯᠲᠠ ᠬᠢᠭᠡᠳ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠲᠦᠯᠬᠢᠨ ᠠᠬᠢᠭᠤᠯᠬᠤ ᠶᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠬᠢᠨᠠᠨ ᠰᠢᠯᠭᠠᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠢᠶᠠᠨ ᠬᠤᠪᠢᠷᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠴᠢᠩᠭ᠎ᠠ ᠰᠠᠬᠢᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1