ᠡᠷᠴᠢ ᠵᠣᠷᠢᠭ ᠢᠶᠠᠨ ᠬᠥᠪᠴᠢᠯᠡᠨ ᠬᠠᠪᠤᠷ ᠤᠨ ᠲᠦᠯᠬᠢᠭᠡᠨ ᠤ ᠪᠠᠶᠢᠳᠠᠯ ᠢ ᠬᠤᠪᠢᠷᠠᠭᠤᠯᠵᠤ ᠬᠥᠭᠵᠢᠯᠲᠡ ᠶᠢ | ᠠᠬᠢᠭᠤᠯᠬᠤ ᠬᠡᠷᠡᠭᠲᠡᠢ | ᠴᠠᠭᠠᠨ ᠰᠠᠷ᠎ᠠ ᠶᠢᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ᠂ ᠳ᠋ᠦᠩ ᠡᡁᠸ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ︽ᠪᠠᠴᠢᠮ ᠴᠤᠭᠯᠠᠷᠠᠯ︾ ᠢ ᠬᠠᠩᠭᠢᠨᠠᠭᠤᠯᠵᠤ᠂ ︽ᠲᠡᠮᠡᠴᠡᠯ ᠤᠨ | ᠲᠠᠶᠢᠨ ᠤ ᠲᠠᠯᠠᠪᠤᠷ︾ ᠲᠤ ᠣᠴᠢᠵᠤ᠂ ᠪᠦᠬᠦ ᠺᠠᠳ᠋ᠷᠴᠤᠳ ᠦᠳᠲᠡᠷ ᠲᠦᠷᠭᠡᠨ ᠢᠶᠠᠷ ᠰᠡᠳᠬᠢᠯ ᠢᠶᠠᠨ ᠬᠤᠷᠢᠶᠠᠵᠤ᠂ | ᠪᠠᠶᠢᠳᠠᠯ ᠳᠤᠨᠢ ᠣᠷᠣᠵᠤ᠂ ᠰᠢᠯᠢᠳᠡᠭ ᠪᠣᠯᠬᠤ ᠪᠠᠷ ᠴᠢᠷᠮᠠᠶᠢᠬᠤ᠂ ᠲᠡᠷᠢᠭᠦᠨ ᠤ ᠪᠣᠯᠬᠤ ᠪᠠᠷ ᠴᠢᠷᠮᠠᠶᠢᠬᠤ᠂ ᠦᠷ᠎ᠡ | ᠪᠦᠲᠦᠮᠵᠢ ᠣᠯᠬᠤ ᠪᠠᠷ ᠴᠢᠷᠮᠠᠶᠢᠬᠤ ᠳᠡᠭᠡᠳᠦ ᠬᠡᠮᠵᠢᠶᠡᠨ ᠤ ᠤᠬᠠᠮᠰᠠᠷ ᠢᠶᠠᠷ ᠢᠶᠠᠨ ᠠᠵᠤ ᠠᠬᠤᠢ ᠶᠢᠨ ᠲᠥᠯᠥᠭᠡ | ᠴᠢᠷᠮᠠᠶᠢᠨ ᠲᠡᠮᠡᠴᠡᠵᠦ᠂ ᠬᠥᠭᠵᠢᠯᠲᠡ ᠶᠢ ᠠᠬᠢᠭᠤᠯᠵᠤ᠂ ︽ᠡᠭᠦᠳᠡ ᠪᠠᠨ ᠨᠡᠭᠡᠭᠡᠵᠦ ᠲᠣᠭᠲᠠᠭᠤᠨ︾︽ᠰᠠᠶᠢᠨ ᠡᠬᠢᠯᠡᠯᠲᠡ︾ | ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠡᠢ᠃ | ᠪᠤᠭᠤᠲᠤ ᠬᠤᠲᠠ ᠶᠢᠨ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ | ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ | ᠂ ᠴᠢᠬᠤᠯᠠ ᠶᠡᠭᠡ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠦᠷ᠎ᠡ | ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠭᠠᠷ ᠭᠦᠢᠴᠡᠳᠬᠡᠯ ᠢ ᠭᠦᠢᠴᠡᠳᠬᠡᠬᠦ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ᠂ ᠬᠤᠷᠢᠭᠯᠠᠯ᠂ | ᠬᠤᠷᠢᠭᠯᠠᠯᠲᠠ ᠶᠢᠨ ᠴᠡᠭ ᠢ ᠣᠨᠣᠪᠴᠢᠲᠠᠶ ᠰᠢᠢᠳᠪᠦᠷᠢᠯᠡᠵᠦ᠂ ᠳ᠋ᠦᠩ ᠾᠧ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠴᠢᠬᠤᠯᠠ ᠶᠡᠭᠡ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠳᠡᠰ | ᠳᠠᠪᠬᠤᠷᠭ᠎ᠠ ᠪᠠ ᠠᠬᠢᠴᠠ ᠶᠢ ᠪᠦᠬᠦ ᠲᠠᠯ᠎ᠠ ᠪᠠᠷ ᠣᠨᠣᠪᠴᠢᠲᠠᠶ ᠡᠮᠬᠢᠯᠡᠨ ᠳᠢᠭᠯᠡᠵᠦ᠂ ᠳ᠋ᠦᠩ ᠾᠧ ᠲᠣᠭᠤᠷᠢᠭ ᠤᠨ | 2023 ᠣᠨ ᠤ ᠴᠢᠬᠤᠯᠠ ᠶᠡᠭᠡ ᠲᠥᠷᠥᠯ ᠵᠦᠢᠯ ᠤᠨ ᠭᠠᠷᠳᠠᠮ ᠭᠦᠢᠴᠡᠳᠬᠡᠬᠦ ᠲᠤᠰᠬᠠᠢ ᠠᠩᠭᠢ ᠶᠢ ᠪᠠᠶᠢᠭᠤᠯᠵᠤ᠂ | ᠡᠳᠦᠷ ᠢᠶᠠᠷ ᠲᠣᠬᠢᠷᠠᠭᠤᠯᠬᠤ᠂ ᠭᠠᠷᠠᠭ ᠢᠶᠠᠷ ᠨᠡᠪᠲᠡᠷᠡᠭᠦᠯᠬᠦ᠂ ᠰᠠᠷ᠎ᠠ ᠪᠠᠷ ᠳ᠋ᠦᠩᠨᠡᠬᠦ ᠶᠢ ᠬᠡᠷᠡᠭᠵᠢᠭᠦᠯᠵᠦ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠬᠢᠴᠠ ᠶᠢ ᠴᠠᠭ ᠢᠮᠠᠭᠲᠠ ᠴᠢᠩᠭ᠎ᠠ ᠠᠩᠬᠠᠷᠴᠤ᠂ | ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠵᠦ᠂ ᠣᠷᠣᠨ ᠤ ᠱᠠᠲᠤᠨ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠲᠠᠢ ᠪᠣᠯ ᠴᠠᠭ | ᠲᠤᠬᠠᠢ ᠳᠤᠨᠢ ᠬᠤᠷᠠᠯ ᠳᠡᠭᠡᠷ᠎ᠡ ᠰᠤᠳᠤᠯᠤᠨ᠂ ᠬᠤᠲᠠ ᠶᠢᠨ ᠱᠠᠲᠤ᠂ ᠥᠪᠡᠷᠲᠡᠭᠡᠨ ᠵᠠᠰᠠᠬᠤ ᠣᠷᠣᠨ ᠤ ᠱᠠᠲᠤᠨ | ᠠᠴᠠ ᠵᠣᠬᠢᠴᠠᠭᠤᠯᠤᠨ ᠠᠬᠢᠭᠤᠯᠬᠤ ᠴᠢᠬᠤᠯᠠ ᠲᠠᠢ ᠪᠣᠯ ᠴᠠᠭ ᠲᠤᠬᠠᠢ ᠳᠤᠨᠢ ᠬᠠᠷᠢᠭᠤ ᠲᠤᠰᠬᠠᠵᠤ ᠳᠡᠭᠡᠭᠰᠢ | ᠮᠡᠳᠡᠭᠦᠯᠵᠦ᠂ ᠲᠥᠷᠥᠯ ᠵᠦᠢᠯ ᠤᠨ ᠭᠠᠷᠳᠠᠮ ᠢ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ | ᠭᠦᠢᠴᠡᠳᠬᠡᠵᠦ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃ᠡᠭᠦᠨ ᠤ ᠬᠠᠮᠲᠤ ᠰᠢᠨ᠎ᠡ ᠪᠠᠷ ᠪᠠᠶᠢᠭᠤᠯᠬᠤ ᠠᠵᠤ | ᠦᠢᠯᠡᠰ ᠤᠨ ᠲᠥᠷᠥᠯ ᠤᠨ ᠲᠥᠷᠥᠯ ᠵᠦᠢᠯ ᠤᠨ ᠨᠥᠭᠡᠴᠡᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ | ᠰᠢᠨ᠎ᠡ ᠪᠠᠷ ᠨᠠᠶᠢᠳᠠᠪᠤᠷᠢᠵᠢᠭᠤᠯᠤᠭᠰᠠᠨ ᠠᠵᠤ ᠦᠢᠯᠡᠰ ᠤᠨ ᠲᠥᠷᠥᠯ ᠵᠦᠢᠯ ᠢ ᠴᠠᠭ ᠲᠤᠬᠠᠢ ᠳᠤᠨᠢ 2023 ᠣᠨ ᠤ | ᠴᠢᠬᠤᠯᠠ ᠶᠡᠭᠡ ᠲᠥᠷᠥᠯ ᠵᠦᠢᠯ ᠤᠨ ᠬᠡᠷᠡᠭᠵᠢᠭᠦᠯᠬᠦ ᠲᠥᠯᠥᠪᠯᠡᠭᠡ ᠳᠤ ᠣᠷᠣᠭᠤᠯᠵᠤ᠂ ᠬᠡᠷᠡᠭᠵᠢᠭᠦᠯᠬᠦ ᠠᠵᠤ | ᠦᠢᠯᠡᠰ ᠤᠨ ᠲᠥᠷᠥᠯ ᠤᠨ ᠲᠥᠷᠥᠯ ᠵᠦᠢᠯ ᠤᠨ ᠡᠵᠡᠯᠡᠬᠦ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠨ᠎ᠠ᠃ | 2023 ᠣᠨ ᠪᠣᠯ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ | ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠳ᠋ᠦᠩ ᠾᠧ | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠴᠢᠨᠠᠷ ᠰᠠᠶᠢᠲᠠᠢ ᠬᠥᠭᠵᠢᠯᠲᠡ ᠪᠠᠷ ᠬᠠᠷᠠᠯᠲᠠ ᠪᠠᠨ | ᠪᠣᠯᠭᠠᠬᠤ ᠶᠢ ᠪᠠᠲᠤ ᠴᠢᠩᠭ᠎ᠠ ᠪᠠᠷᠢᠮᠲᠠᠯᠠᠵᠤ᠂ ᠴᠢᠬᠤᠯᠠ ᠶᠡᠭᠡ ᠲᠦᠷᠦᠯ ᠵᠦᠢᠯ ᠤᠨ︽ᠲᠣᠭᠲᠠᠪᠤᠷᠢᠵᠢᠭᠤᠯᠤᠭᠴᠢ︾᠂ | ︽ᠰᠠᠭᠤᠷᠢ ᠴᠢᠯᠠᠭᠤ︾ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠤᠭᠤᠲᠤ ᠶᠢᠨ ᠰᠦᠷ ᠵᠢᠪᠬᠤᠭ᠎ᠠ ᠶᠢ ᠲᠠᠬᠢᠨ | ᠮᠠᠨᠳᠤᠭᠤᠯᠬᠤ ᠳᠤ ᠳ᠋ᠦᠩ ᠾᠧ ᠭᠤᠣᠯ ᠤᠨ ᠬᠦᠴᠦᠨ ᠴᠢᠳᠠᠯ ᠢ ᠬᠠᠩᠭᠠᠨ᠎ᠠ᠃ | |