︽ᠾᠧ ᠳ᠋ᠦᠩ ᠪᠠᠯᠭᠠᠰᠤ︾ᠾᠧ ᠳ᠋ᠦᠩ ᠪᠠᠯᠭᠠᠰᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/2/7
ᠬᠡᠬᠦᠳᠡᠭ ᠳᠦᠭᠦᠷᠡᠩ ᠬᠠᠯᠠᠭᠤᠨ ᠰᠡᠳᠬᠢᠯ ᠢᠶᠠᠷ ᠪᠤᠭᠤᠲᠤ ᠪᠠᠨ ᠬᠠᠶᠢᠷᠠᠯᠠᠵᠤ᠂ ᠡᠷᠴᠢ ᠵᠣᠷᠢᠭ ᠢᠶᠠᠨ ᠬᠥᠪᠴᠢᠯᠡᠨ ᠬᠤᠪᠢ ᠨᠡᠮᠡᠷᠢ ᠦᠵᠡᠭᠦᠯᠦᠨ᠎ᠡ      ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︵ᠵᠡᠭᠦᠨ ᠳᠤᠭᠤᠶᠢᠯᠠᠩ ᠲᠠᠷᠬᠠᠭᠠᠭᠰᠠᠨ ︽2023︾ 2 ᠳ᠋ᠤᠭᠠᠷ ᠲᠣᠭᠠᠲᠤ︶ ᠤᠨ ︽2022 ᠣᠨ ᠤ ᠪᠥᠬᠦ ᠣᠷᠣᠨ ᠤ ᠰᠠᠯᠠᠭᠠᠨ ᠲᠠᠰ ᠵᠢᠴᠢ ᠲᠡᠭᠦᠨ ᠠᠴᠠ ᠳᠡᠭᠡᠭᠰᠢᠬᠢ ᠨᠠᠮ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2 ᠰᠠᠷ᠎ᠠ ᠶᠢᠨ 2 ᠤᠨ ᠡᠳᠦᠷ᠂ ᠾᠧ ᠳ᠋ᠦᠩ ᠪᠠᠯᠭᠠᠰᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠵᠣᠣ ᠷᠦᠢ ᠵᠢᠶᠦ᠋ᠨ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠪᠤᠰᠤᠳ ᠪᠠᠭ ᠤᠨ ᠪᠦᠷᠢᠯᠳᠦᠭᠦᠨ ᠬᠤᠷᠠᠯ ᠳᠤ ᠰᠤᠯᠠ ᠣᠷᠣᠯᠴᠠᠪᠠ᠃
     ᠬᠤᠷᠠᠯ ᠠᠴᠠ ᠡᠮᠦᠨ᠎ᠡ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ ᠡᡁᠸ ᠳ᠋ᠦᠩ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠭᠲᠠ ᠪᠠᠶᠢᠷᠢᠯᠠᠭᠤᠯᠤᠯᠲᠠ ᠪᠠ ᠨᠠᠷᠢᠨ ᠨᠢᠮᠪᠠᠢ ᠪᠡᠯᠡᠳᠬᠡᠯ ᠬᠢᠵᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠡᠷᠢᠬᠦ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠢᠴᠢᠬᠦ ᠵᠡᠷᠭᠡ ᠭᠤᠭᠴᠤᠭ᠎ᠠ ᠳᠤ ᠬᠦᠴᠦ ᠣᠷᠣᠭᠤᠯᠵᠤ᠂ ᠬᠤᠷᠠᠯ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠬᠢᠭᠰᠡᠨ ᠪᠠᠶᠢᠨ᠎ᠠ᠃● ᠨᠢᠭᠡ ᠳᠤ ᠭᠦᠨᠵᠡᠭᠡᠢ ᠰᠤᠷᠤᠯᠴᠠᠵᠤ ᠰᠤᠳᠤᠯᠤᠨ ᠶᠠᠷᠢᠯᠴᠠᠨ᠎ᠠ᠃ᠪᠠᠯᠭᠠᠰᠤᠨ ᠤ ᠤᠳᠤᠷᠢᠳᠬᠤ ᠪᠠᠭ ᠤᠨ ᠬᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠡᠷᠭᠡ ᠬᠡᠯᠪᠡᠷᠢ ᠪᠠᠷ ᠤᠳᠤᠷᠢᠳᠬᠤ ᠪᠠᠭ ᠤᠨ ᠪᠦᠷᠢᠯᠳᠦᠭᠦᠨ ᠢ ᠵᠣᠬᠢᠶᠠᠨ ᠪᠠᠶᠢᠭᠤᠯᠤᠨ ᠭᠦᠨᠵᠡᠭᠡᠢ ᠰᠤᠷᠤᠯᠴᠠᠭᠤᠯᠵᠤ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠴᠣᠭᠴᠠᠯᠠᠪᠠ᠃● ᠬᠤᠶᠠᠷ ᠲᠤ ᠥᠷᠭᠡᠨ ᠢᠶᠠᠷ ᠰᠠᠨᠠᠯ ᠬᠤᠷᠢᠶᠠᠨ᠎ᠠ᠃ᠶᠠᠷᠢᠯᠴᠠᠬᠤ ᠬᠤᠷᠠᠯ ᠬᠤᠷᠠᠯᠳᠤᠭᠤᠯᠬᠤ᠂ ᠡᠯ᠎ᠡ ᠲᠣᠰᠬᠤᠨ ᠤ ᠨᠡᠶᠢᠭᠡᠮ ᠲᠣᠭᠤᠷᠢᠭ ᠲᠤ ᠰᠠᠨᠠᠯ ᠬᠤᠷᠢᠶᠠᠬᠤ ᠬᠦᠰᠦᠨᠦᠭᠲᠦ ᠶᠢ ᠳᠠᠷᠤᠮᠠᠯᠯᠠᠨ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠪᠠ᠃●ᠭᠤᠷᠪᠠ ᠳᠤ ᠰᠡᠳᠬᠢᠯ ᠤᠨ ᠦᠭᠡ ᠪᠠᠨ ᠭᠦᠨᠵᠡᠭᠡᠢ ᠶᠠᠷᠢᠯᠴᠠᠬᠤ ᠬᠡᠷᠡᠭᠲᠡᠢ᠃︽ᠭᠤᠷᠪᠠᠨ ᠵᠠᠪᠠᠯ ᠶᠠᠷᠢᠯᠴᠠᠬᠤ︾ ᠱᠠᠭᠠᠷᠳᠠᠯᠭ᠎ᠠ ᠶᠢᠨ ᠶᠣᠰᠣᠭᠠᠷ᠂ ᠨᠢᠭᠡ ᠳᠤ ᠨᠢᠭᠡ ᠲᠠᠢ᠂ ᠨᠢᠭᠤᠷᠳᠠᠨ ᠶᠠᠷᠢᠯᠴᠠᠬᠤ ᠰᠡᠳᠬᠢᠯ ᠤᠨ ᠦᠭᠡ ᠪᠠᠨ ᠶᠠᠷᠢᠯᠴᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠬᠦ ᠳᠤ ᠰᠠᠶᠢᠨ ᠰᠠᠭᠤᠷᠢ ᠲᠠᠯᠪᠢᠪᠠ᠃●ᠳᠥᠷᠪᠡ ᠳᠤ ᠨᠠᠷᠢᠨ ᠬᠢᠨᠠᠮᠠᠭᠠᠢ ᠬᠠᠷᠢᠴᠠᠭᠤᠯᠤᠨ ᠪᠠᠶᠢᠴᠠᠭᠠᠬᠤ ᠬᠡᠷᠡᠭᠲᠡᠢ᠃ᠡᡁᠸ ᠳ᠋ᠦᠩ ᠪᠠᠯᠭᠠᠰᠤ ᠶᠢᠨ ᠤᠳᠤᠷᠢᠳᠬᠤ ᠪᠠᠭ ᠪᠣᠯᠣᠨ ᠤᠳᠤᠷᠢᠳᠬᠤ ᠪᠠᠭ ᠤᠨ ᠪᠦᠷᠢᠯᠳᠦᠭᠦᠨ︽ᠡᡁᠸ ᠳ᠋ᠦᠩ ᠪᠠᠯᠭᠠᠰᠤ ᠶᠢᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠵᠢᠯ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠵᠤ᠂ ᠥᠪᠡᠷ ᠤᠨ ᠪᠡᠶ᠎ᠡ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠬᠢᠵᠦ᠂ ᠪᠠᠶᠢᠴᠠᠭᠠᠨ ᠦᠵᠡᠵᠦ ᠵᠠᠳᠠᠯᠤᠨ ᠰᠢᠨᠵᠢᠯᠡᠬᠦ ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠨ ᠪᠢᠴᠢᠬᠦ ᠬᠡᠷᠡᠭᠲᠡᠢ᠃
     ᠬᠤᠷᠠᠯ ᠳᠡᠭᠡᠷ᠎ᠡ᠂ ᠲᠣᠰ ᠤᠳᠠᠭᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠵᠢᠴᠢ ᠲᠦᠷᠦᠭᠦᠸ ᠵᠢᠯ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠣᠣ ᠷᠦᠢ ᠵᠢᠶᠦ᠋ᠨ ᠨᠥᠬᠦᠷ ᠾᠧ ᠳ᠋ᠦᠩ ᠪᠠᠯᠭᠠᠰᠤᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠴᠢᠷᠮᠠᠶᠢᠬᠤ ᠴᠢᠭᠯᠡᠯ ᠪᠠ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠨ᠂ ᠪᠠᠭ ᠤᠨ ᠪᠦᠷᠢᠯᠳᠦᠭᠦᠨ ᠨᠠᠷ ᠲᠠᠰ ᠳᠠᠷᠠᠭᠠᠯᠠᠨ ᠰᠠᠨᠠᠯ ᠢᠶᠠᠨ ᠢᠯᠡᠳᠬᠡᠵᠦ᠂ ᠬᠠᠷᠢᠭᠤᠴᠠᠯᠭ᠎ᠠ ᠪᠠᠨ ᠬᠦᠯᠢᠶᠡᠪᠡ︔ᠳᠠᠷᠠᠭ᠎ᠠ ᠨᠢ᠂ ᠪᠠᠭ ᠤᠨ ᠪᠦᠷᠢᠯᠳᠦᠭᠦᠨ ᠨᠠᠷ ᠨᠢᠭᠡ ᠨᠢᠭᠡ ᠪᠠᠷ ᠬᠤᠪᠢ ᠬᠥᠮᠥᠨ ᠢ ᠬᠠᠷᠢᠴᠠᠭᠤᠯᠤᠨ ᠪᠠᠶᠢᠴᠠᠭᠠᠵᠤ᠂ ᠬᠤᠭᠤᠷᠣᠨᠳᠤ ᠪᠠᠨ ᠨᠠᠷᠢᠨ ᠬᠢᠨᠠᠮᠠᠭᠠᠢ ᠦᠨᠡᠨᠴᠢ ᠪᠠᠷ ᠰᠢᠭᠦᠮᠵᠢᠯᠡᠵᠦ᠂ ᠰᠢᠭᠤᠳ ᠰᠢᠯᠤᠭᠤᠨ ᠢᠶᠠᠷ ᠬᠠᠨᠳᠤᠵᠤ᠂ ᠨᠢᠭᠤᠷ ᠤᠯᠠᠶᠢᠯᠭᠠᠨ ᠬᠥᠯᠥᠰᠦ ᠭᠠᠷᠭᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠦᠵᠡᠯ ᠰᠠᠨᠠᠭ᠎ᠠ ᠪᠠᠨ ᠨᠢᠭᠡᠳᠬᠡᠬᠦ᠂ ᠪᠦᠯᠬᠦᠮᠳᠡᠯ ᠢᠶᠠᠨ ᠴᠢᠩᠭᠠᠳᠬᠠᠬᠤ ᠵᠣᠷᠢᠯᠭ᠎ᠠ ᠳᠠᠭᠠᠨ ᠬᠦᠷᠴᠦ᠂ ᠡᡁᠸ ᠳ᠋ᠦᠩ ᠪᠠᠯᠭᠠᠰᠤᠨ ᠤ ᠨᠠᠮ ᠵᠠᠰᠠᠭ ᠤᠨ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ᠂ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠣᠣ ᠷᠦᠢ ᠵᠢᠶᠦ᠋ᠨ ᠨᠥᠬᠦᠷ ᠬᠤᠷᠠᠯ ᠤᠨ ᠪᠠᠶᠢᠳᠠᠯ  ᠢ ᠳ᠋ᠦᠩᠨᠡᠭᠰᠡᠨ ᠪᠥᠭᠡᠳ ᠴᠡᠭᠴᠡᠯᠡᠨ ᠥᠭᠡᠷᠡᠴᠢᠯᠡᠬᠦ ᠠᠵᠢᠯ  ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ᠵᠣᠣ ᠷᠦᠢ ᠵᠢᠶᠦ᠋ᠨ ᠨᠥᠬᠦᠷ ᠵᠢᠭᠠᠵᠤ ᠭᠠᠷᠭᠠᠬᠤ ᠳᠠᠭᠠᠨ᠄ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠨᠢᠭᠡ ᠤᠳᠠᠭᠠᠨ ᠤ ᠴᠢᠬᠤᠯᠠ ᠰᠢᠯᠭᠠᠯᠲᠠ ᠪᠣᠯᠣᠨ᠎ᠠ᠃ ᠤᠳᠤᠷᠢᠳᠬᠤ ᠪᠠᠭ ᠤᠨ ᠪᠦᠷᠢᠯᠳᠦᠭᠦᠨ ᠨᠠᠷ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠲᠤᠰ ᠤᠳᠠᠭ᠎ᠠ ᠶᠢᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠲᠥᠪ ᠭᠤᠣᠯᠴᠢ ᠣᠪᠣᠷ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠴᠠᠭᠠᠨ ᠦᠵᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃      ᠬᠤᠷᠠᠯ ᠠᠴᠠ᠂ ᠨᠢᠭᠡ ᠳᠤ᠂ ᠰᠤᠷᠤᠯᠴᠠᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠬᠤ ᠬᠡᠷᠡᠭᠲᠡᠢ᠃ᠪᠦᠬᠦ ᠤᠳᠤᠷᠢᠳᠬᠤ ᠪᠠᠭ ᠤᠨ ᠪᠦᠷᠢᠯᠳᠦᠭᠦᠨ ᠨᠠᠷ ᠤᠯᠤᠰ ᠲᠥᠷᠥ ᠶᠢᠨ ᠪᠠᠶᠢᠭᠤᠯᠤᠯᠲᠠ  ᠶᠢ ᠲᠡᠷᠢᠭᠦᠨ ᠪᠠᠶᠢᠷᠢᠨ ᠳᠤ ᠲᠠᠯᠪᠢᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠲᠦᠷᠦᠭᠦᠯᠡᠨ ᠦᠵᠡᠯ ᠰᠠᠨᠠᠭᠠᠨ ᠤ ᠥᠭᠡᠷᠡᠴᠢᠯᠡᠯᠲᠡ ᠠᠴᠠ ᠡᠬᠢᠯᠡᠨ ᠠᠳᠬᠤᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠬᠤ ᠶᠢ ᠨᠠᠰᠤᠨ ᠲᠤᠷᠰᠢᠲᠠ ᠶᠢᠨ ᠵᠠᠪᠠᠯ ᠰᠤᠷᠬᠤ ᠬᠢᠴᠢᠶᠡᠯ ᠪᠣᠯᠭᠠᠬᠤ ᠶᠢ ᠪᠠᠷᠢᠮᠲᠠᠯᠠᠵᠤ᠂ ᠤᠭ ᠵᠣᠬᠢᠶᠠᠯ ᠢ ᠰᠤᠷᠤᠯᠴᠠᠬᠤ᠂ ᠤᠭ ᠵᠣᠬᠢᠶᠠᠯ ᠢ ᠤᠩᠰᠢᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠭᠦᠨᠵᠡᠭᠡᠢ ᠰᠤᠷᠤᠯᠴᠠᠵᠦ ᠨᠡᠪᠲᠡᠷᠡᠲᠡᠯ᠎ᠡ ᠣᠶᠢᠯᠠᠭᠠᠬᠤ ᠳᠤᠮᠳᠠ ᠤᠨᠤᠯ ᠤᠨ ᠪᠣᠯᠪᠠᠰᠤᠷᠠᠯ ᠢᠶᠠᠨ ᠴᠢᠩᠭᠠᠳᠬᠠᠵᠤ᠂ ᠢᠳᠡᠭᠡᠰᠢᠭᠦᠯᠦᠨ ᠣᠶᠢᠯᠠᠭᠠᠬᠤ ᠳᠤᠮᠳᠠ ᠰᠢᠰᠲ᠋ᠥᠮᠲᠦ ᠡᠵᠡᠮᠳᠡᠯ ᠢᠶᠠᠨ ᠴᠢᠩᠭᠠᠳᠬᠠᠵᠤ᠂ ᠮᠡᠳᠡᠬᠦᠢ ᠬᠢᠬᠦᠢ ᠶᠢ ᠨᠢᠭᠡᠳᠬᠡᠬᠦ ᠳᠤᠮᠳᠠ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠤᠬᠠᠮᠰᠠᠷ ᠢᠶᠠᠷ ᠢᠶᠠᠨ ᠠᠵᠢᠯᠯᠠᠭᠠᠨ ᠤ ᠤᠬᠠᠮᠰᠠᠷ ᠢᠶᠠᠨ ᠬᠥᠲᠥᠯᠥᠨ ᠳᠠᠭᠠᠭᠤᠯᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠲᠤ ᠪᠠᠷᠢᠮᠵᠢᠶ᠎ᠠ ᠲᠣᠭᠲᠠᠭᠠᠨ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ᠃︽ᠲᠦᠷᠪᠡᠨ ᠤᠬᠠᠮᠰᠠᠷ︾ ᠢᠶᠠᠨ ᠲᠠᠰᠤᠷᠠᠯᠳᠠ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠡᠩ ᠯᠠᠪᠳᠠᠭᠤᠨ ᠪᠠᠲᠤᠲᠠᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ᠬᠤᠶᠠᠷ ᠲᠤ᠂ ᠲᠡᠷᠡ ᠳᠠᠷᠤᠢ ᠳᠤᠨᠢ ᠬᠡᠯᠡᠵᠦ ᠲᠡᠷᠡ ᠳᠠᠷᠤᠢ ᠳᠤᠨᠢ ᠬᠡᠷᠡᠭᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠰᠠᠭᠤᠷᠢ ᠨᠢ ᠰᠤᠷᠤᠯᠴᠠᠬᠤ ᠳᠤ ᠪᠤᠢ᠂ ᠵᠠᠩᠭᠢᠯᠠᠭ᠎ᠠ ᠨᠢ ᠬᠢᠬᠦ ᠳᠤ ᠪᠤᠢ᠃ᠬᠤᠷᠠᠯ ᠤᠨ ᠲᠠᠷᠠᠭ᠎ᠠ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠪᠠᠶᠢᠴᠠᠭᠠᠨ ᠦᠵᠡᠭᠰᠡᠨ ᠠᠰᠠᠭᠤᠳᠠᠯ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠦᠭᠡᠳ ᠡᠷᠢᠵᠦ ᠣᠯᠣᠭᠰᠠᠨ ᠠᠰᠠᠭᠤᠳᠠᠯ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠬᠠᠷᠠᠬᠠᠨ ᠪᠡᠶᠡᠯᠡᠭᠦᠯᠦᠭᠡᠳᠦᠢ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ ᠲᠢᠭᠯᠡᠵᠦ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ᠵᠠᠪᠠᠯ ᠴᠡᠭᠴᠡᠯᠡᠨ ᠰᠠᠶᠢᠵᠢᠷᠠᠭᠤᠯᠬᠤ ᠶᠢ ᠦᠨᠡᠨ ᠪᠣᠳᠠᠲᠠᠢ ᠠᠳᠬᠤᠵᠤ᠂ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠣᠳᠣᠷᠬᠠᠢ ᠪᠣᠯᠭᠠᠵᠤ᠂ ︽ᠣᠳᠣᠬᠠᠨ ᠳᠤ ᠥᠭᠡᠷᠡᠴᠢᠯᠡᠬᠦ︾ᠪᠠ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠶᠡᠷᠦᠮᠳᠡᠭᠵᠢᠭᠦᠯᠬᠦ᠂ ᠳᠤᠷ᠎ᠠ ᠪᠠᠷ ᠢᠶᠠᠨ ᠪᠣᠯᠭᠠᠬᠤ᠂ ᠪᠣᠯᠭᠢᠴᠢᠯᠠᠬᠤ᠂ ᠠᠷᠠᠯᠵᠢᠶᠠᠯᠠᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠦᠷᠢᠯᠡᠵᠦ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠭᠤᠷᠪᠠ ᠳᠤ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠠᠪᠤᠳᠠᠯ ᠢ ᠤᠳᠠᠭᠠᠨ ᠳᠠᠭᠠᠭᠠᠮᠠᠭᠠᠢ ᠪᠠᠷ ᠪᠠᠷᠢᠮᠲᠠᠯᠠᠬᠤ ᠬᠡᠷᠡᠭᠲᠡᠢ᠃ᠤᠳᠤᠷᠢᠳᠬᠤ ᠪᠠᠭ ᠤᠨ ᠪᠦᠷᠢᠯᠳᠦᠭᠦᠨ ᠨᠠᠷ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠢᠨ᠎ᠡ ᠡᠬᠢᠯᠡᠯᠲᠡ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠥᠬᠦᠷᠡᠰᠢ ᠦᠭᠡᠢ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ᠡᠭᠦᠨ ᠤ ᠵᠡᠷᠭᠡᠪᠡᠷ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠵᠤ᠂ ᠪᠦᠬᠦ ᠪᠠᠯᠭᠠᠰᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1