ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠡᠯᠭᠡᠯᠡᠵᠦ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 2 | ᠰᠠᠷ᠎ᠠ ᠶᠢᠨ 2 ᠤᠨ ᠡᠳᠦᠷ᠂ ᠰᠠᠨ ᠭᠤᠸᠠᠨ ᠮᠢᠶᠣᠣ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ | ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ | ᠤᠬᠠᠮᠰᠠᠷ ᠢ ᠪᠠᠲᠤ ᠪᠠᠬᠢ ᠪᠣᠶ ᠪᠣᠯᠭᠠᠬᠤ ︽ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠳᠤᠮᠳᠠᠳᠤ ᠤᠯᠤᠰ ᠤᠨ | ᠪᠠᠶᠠᠷ︾ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ ︱ ᠴᠠᠭᠠᠨ ᠰᠠᠷ᠎ᠠ ᠶᠢᠨ ᠠᠠᠷᠪᠠᠨ ᠲᠠᠪᠥᠨ ᠤ | ᠥᠯᠵᠡᠶᠢᠲᠦ ᠦᠳᠡᠰᠢ ᠶᠢᠨ ᠥᠯᠵᠡᠶᠢᠲᠦ ᠳ᠋ᠧᠩᠯᠦ ᠶᠢᠨ ᠣᠨᠢᠰᠤᠭ᠎ᠠ ᠳᠠᠭᠠᠬᠤ᠃ ᠨᠡᠶᠢᠭᠡᠮ ᠲᠣᠭᠤᠷᠢᠭ ᠤᠨ ᠰᠠᠶᠢᠨ | ᠳᠤᠷ᠎ᠠ ᠶᠢᠨ ᠦᠢᠯᠡᠴᠢᠯᠡᠭᠴᠢᠳ ᠮᠡᠳᠡᠯᠭᠡ ᠶᠢᠨ ᠴᠢᠨᠠᠷ᠂ ᠰᠣᠨᠢᠷᠬᠠᠯᠳᠤ ᠴᠢᠨᠠᠷ ᠢ ᠨᠢᠭᠡ ᠴᠣᠭᠴᠠᠵᠢᠭᠤᠯᠤᠭᠰᠠᠨ | ᠰᠣᠩᠭᠤᠳᠠᠭ ᠣᠨᠢᠰᠤᠭ᠎ᠠ ᠶᠢ ᠨᠠᠷᠢᠨ ᠨᠢᠮᠪᠠᠢ ᠰᠣᠩᠭᠤᠨ ᠰᠠᠭᠤᠭᠠᠯᠢ ᠠᠷᠠᠳ ᠲᠤ ᠱᠠᠩᠨᠠᠯ ᠲᠠᠢ ᠥᠷᠢᠰᠦᠯᠳᠦᠭᠦᠯᠦᠨ | ᠲᠠᠭᠠᠪᠤᠷᠢᠯᠠᠵᠤ᠂ ᠥᠯᠵᠡᠶᠢᠲᠦ ᠠᠷᠪᠠᠨ ᠲᠠᠪᠤᠨ ᠤ ᠥᠯᠵᠡᠶᠢᠲᠦ ᠡᠳᠦᠷ ᠬᠦᠷᠴᠦ ᠢᠷᠡᠬᠦ ᠲᠠᠰᠢᠷᠠᠮ ᠢᠶᠠᠷ ᠰᠠᠭᠤᠭᠠᠯᠢ | ᠠᠷᠠᠳ ᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠩᠭᠠᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠢᠳᠡᠪᠬᠢᠲᠡᠢ ᠪᠥᠭᠡᠳ ᠢᠳᠡᠪᠬᠢᠲᠡᠢ ᠪᠠᠷ | ᠣᠨᠢᠰᠤᠭ᠎ᠠ ᠲᠠᠭᠠᠵᠦ ᠪᠠᠶᠢᠯ᠎ᠠ᠃ᠵᠠᠷᠢᠮ ᠰᠠᠭᠤᠭᠠᠯᠢ ᠠᠷᠠᠳ ᠤᠨ ᠲᠤᠰᠬᠠᠯ ᠮᠠᠰᠢ ᠲᠦᠷᠭᠡᠨ ᠪᠥᠭᠡᠳ ᠮᠠᠰᠢ ᠲᠦᠷᠭᠡᠨ | ᠢᠶᠠᠷ ᠣᠨᠢᠰᠤᠭ᠎ᠠ ᠶᠢ ᠲᠠᠭᠠᠪᠤᠷᠢᠯᠠᠨ ᠭᠠᠷᠭᠠᠵᠤ᠂ ᠲᠠᠭᠠᠪᠤᠷᠢᠯᠠᠭᠰᠠᠨ ᠬᠠᠷᠢᠭᠤᠯᠲᠠ ᠪᠠᠨ ᠱᠠᠩᠨᠠᠯ ᠣᠯᠭᠤᠬᠤ | ᠭᠠᠵᠠᠷ ᠲᠤ ᠪᠠᠶᠠᠷ ᠬᠥᠷ ᠲᠠᠢ ᠪᠠᠷ ᠠᠪᠠᠴᠢᠨ ᠱᠠᠩᠨᠠᠯ ᠤᠨ ᠵᠦᠢᠯ ᠢᠶᠠᠨ ᠠᠪᠬᠤ ᠪᠠᠷ ᠪᠠᠶᠢᠨ᠎ᠠ᠃ᠵᠠᠷᠢᠮ ᠰᠠᠭᠤᠭᠠᠯᠢ | ᠠᠷᠠᠳ ᠣᠨᠢᠰᠤᠭ᠎ᠠ ᠶᠢ ᠦᠵᠡᠭᠡᠳ ᠭᠦᠨ ᠪᠣᠳᠣᠯᠭᠠᠰᠢᠷᠠᠨ᠂ ᠦᠨᠡᠨ ᠰᠡᠳᠬᠢᠯ ᠠᠴᠠ ᠪᠠᠨ ᠣᠨᠢᠰᠤᠭ᠎ᠠ ᠶᠢ ᠰᠡᠳᠬᠢᠵᠦ | ᠪᠠᠶᠢᠯ᠎ᠠ᠃ᠰᠠᠭᠤᠭᠠᠯᠢ ᠠᠷᠠᠳ ᠪᠦᠯᠦᠭ ᠪᠦᠯᠦᠭ ᠢᠶᠠᠷ ᠴᠤᠭᠯᠠᠷᠠᠨ᠂ ᠣᠨᠢᠰᠤᠭ᠎ᠠ ᠶᠢᠨ ᠲᠤᠬᠠᠢ ᠶᠠᠷᠢᠯᠴᠠᠵᠤ᠂ ᠡᠩ ᠤᠨ | ᠵᠣᠭᠤᠭ ᠳᠡᠯᠭᠡᠵᠦ᠂ ᠪᠠᠶᠠᠷ ᠪᠠᠶᠠᠰᠬᠤᠯᠠᠩ ᠤᠨ ᠦᠭᠡ ᠪᠠ ᠬᠠᠯᠠᠭᠤᠨ ᠳᠤᠯᠠᠭᠠᠨ ᠪᠠᠶᠠᠷ ᠤᠨ ᠡᠳᠦᠷ ᠤᠨ ᠠᠭᠤᠷ | ᠠᠮᠢᠰᠬᠤᠯ ᠢᠶᠠᠷ ᠪᠥᠬᠦ ᠬᠥᠳᠡᠯᠭᠡᠭᠡᠨ ᠤ ᠥᠷᠥᠭᠡ ᠪᠠᠷ ᠳᠦᠭᠦᠷᠡᠩ ᠪᠠᠶᠢᠯ᠎ᠠ᠃ | ᠣᠨᠢᠰᠤᠭ᠎ᠠ ᠲᠠᠭᠠᠬᠤ ᠳᠠᠭᠠᠨ ᠨᠡᠶᠢᠭᠡᠮ ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠠᠷᠠᠳ ᠲᠤ | ᠥᠯᠵᠡᠶᠢᠲᠦ ᠪᠣᠭᠤᠷᠰᠤᠭ ᠪᠡᠯᠡᠳᠬᠡᠨ ᠥᠭᠴᠦ᠂ ᠣᠨᠢᠰᠤᠭ᠎ᠠ ᠲᠠᠭᠠᠬᠤ ᠶᠢᠨ ᠬᠠᠮᠲᠤ ᠠᠮᠲᠠᠲᠤ ᠥᠯᠵᠡᠶᠢᠲᠦ | ᠪᠣᠭᠤᠷᠰᠤᠭ ᠠᠮᠲᠠᠯᠠᠭᠤᠯᠵᠤ᠂ ᠠᠶᠢᠯ ᠰᠠᠭᠠᠬᠠᠯᠲᠠ ᠶᠢᠨ ᠬᠢᠨ ᠥᠯᠵᠡᠶᠢᠲᠦ ᠡᠳᠦᠷ ᠤᠨ ᠪᠠᠶᠠᠷ ᠢ ᠪᠠᠶᠠᠷ | ᠬᠥᠷ ᠲᠠᠢ ᠪᠠᠷ ᠥᠩᠭᠡᠷᠡᠭᠦᠯᠵᠡᠢ᠃ | ᠲᠣᠰ ᠤᠳᠠᠭᠠᠨ ᠤ ᠠᠵᠢᠯᠯᠠᠭ᠎ᠠ ᠨᠢ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠢ | ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠨᠡᠶᠢᠭᠡᠮ ᠲᠣᠭᠤᠷᠢᠭ ᠤᠨ ᠰᠣᠶᠣᠯ ᠤᠨ ᠠᠮᠢᠳᠤᠷᠠᠯ ᠢ ᠬᠥᠭᠵᠢᠶᠡᠨᠲᠡᠢ | ᠪᠣᠯᠭᠠᠵᠤ᠂ ᠬᠥᠮᠥᠨ ᠬᠥᠮᠥᠨ ᠤ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠨ᠂ ᠨᠡᠶᠢᠭᠡᠮ | ᠲᠣᠭᠤᠷᠢᠭ ᠤᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠤᠯᠠᠮᠵᠢᠯᠠᠯᠲᠤ ᠪᠠᠶᠠᠷ ᠤᠨ | ᠡᠳᠦᠷ ᠤᠨ ᠠᠭᠤᠷ ᠠᠮᠢᠰᠬᠤᠯ ᠪᠠ ᠬᠥᠷᠰᠢ ᠵᠡᠷᠭᠡᠯᠡᠳᠡᠭᠡ ᠨᠢᠭᠡ ᠭᠡᠷ ᠤᠨ ᠬᠥᠮᠥᠰ ᠤᠨ ᠠᠭᠤᠷ ᠠᠮᠢᠰᠬᠤᠯ ᠢ ᠭᠦᠨ | ᠭᠦᠨᠵᠡᠭᠡᠢ ᠮᠡᠳᠡᠷᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | | | | |