ᠪᠠᠶᠠᠨ ᠨᠡᠶᠢᠭᠡᠮ ᠲᠣᠭᠤᠷᠢᠭ ᠤᠨ ᠬᠢᠨ ︽ᠳᠤᠮᠳᠠᠳᠤ ᠤᠯᠤᠰ ᠤᠨ ᠴᠠᠭᠠᠨ ᠰᠠᠷ᠎ᠠ ᠶᠢᠨ ᠪᠠᠶᠠᠷ ᠲᠠᠢ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠡᠯᠭᠡᠯᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/2/8
      ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠢ ᠪᠠᠶᠠᠷ ᠬᠥᠷ ᠲᠠᠢ᠂  ᠥᠯᠵᠡᠢ ᠪᠡᠯᠭᠡ ᠲᠠᠢ ᠥᠯᠵᠡᠶᠢᠲᠦ ᠡᠳᠦᠷ ᠤᠨ ᠪᠠᠶᠠᠷ ᠢ ᠥᠩᠭᠡᠷᠡᠭᠦᠯᠬᠦ ᠶᠢᠨ ᠲᠥᠯᠥᠭᠡ᠂ 2 ᠰᠠᠷ᠎ᠠ ᠶᠢᠨ 2 ᠤᠨ ᠡᠳᠦᠷ᠂ ᠵᠡᠭᠦᠨ ᠥᠷᠲᠡᠭᠡ ᠵᠡᠭᠡᠯᠢ ᠶᠢᠨ ᠪᠠᠶᠠᠨ ᠨᠡᠶᠢᠭᠡᠮ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠳᠤ ︽ᠳᠤᠮᠳᠠᠳᠤ ᠤᠯᠤᠰ ᠤᠨ ᠰᠢᠨ᠎ᠡ ᠵᠢᠯ ᠤᠨ ᠪᠠᠶᠠᠷ ᠢᠶᠠᠨ ᠬᠠᠮᠲᠤᠳᠬᠠᠨ ᠥᠯᠵᠡᠶᠢᠲᠦ ᠡᠳᠦᠷ ᠤᠨ ᠪᠠᠶᠠᠷ ᠢᠶᠠᠨ ᠪᠡᠯᠭᠡᠯᠡᠬᠦ︾ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠱᠦᠵᠢ ᠷᠧᠨ ᠬᠤᠩ ᠵᠢᠤᠸᠠᠨ ᠠᠵᠢᠯᠯᠠᠭ᠎ᠠ ᠶᠢ ᠡᠷᠭᠢᠯᠡᠵᠦ᠂ ᠨᠠᠮ ᠤᠨ ᠭᠡᠰᠢᠭᠦᠨ ᠤ ᠲᠥᠯᠥᠭᠡᠯᠡᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢ᠂ ᠬᠠᠷᠢᠶᠠᠲᠤ ᠣᠷᠣᠨ ᠤ ᠨᠢᠭᠡᠴᠡ ᠶᠢᠨ ᠳ᠋ᠢᠩ ᠱᠧᠩ ᠯᠧᠦ ᠲᠣᠰ ᠠᠵᠢᠯᠯᠠᠭ᠎ᠠ ᠳᠤ ᠣᠷᠣᠯᠴᠠᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠥᠯᠥᠭᠡᠯᠡᠭᠴᠢᠳ ᠳᠡᠰ ᠳᠠᠷᠠᠭ᠎ᠠ ᠲᠠᠢ ᠪᠠᠷ ᠶᠠᠷᠢᠶ᠎ᠠ ᠲᠠᠯᠪᠢᠭᠰᠠᠨ ᠪᠥᠭᠡᠳ ᠭᠢᠲ᠋ᠠᠷ ᠳᠠᠭᠤᠯᠠᠬᠤ᠂ ᠰᠢᠯᠦᠭ ᠤᠶᠠᠩᠭᠠᠯᠠᠨ ᠤᠩᠰᠢᠬᠤ ᠵᠡᠷᠭᠡ ᠶᠢ ᠪᠠᠭᠲᠠᠭᠠᠭᠰᠠᠨ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠵᠦ᠂ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ ᠰᠠᠶᠢᠬᠠᠨ᠂ ᠤᠷᠮ᠎ᠠ ᠪᠠᠬ᠎ᠠ ᠲᠠᠢ ᠪᠠᠶᠢᠯ᠎ᠠ᠃ ᠣᠨᠢᠰᠤᠭ᠎ᠠ ᠳᠠᠭᠠᠵᠤ᠂ ᠥᠯᠵᠡᠶᠢᠲᠦ ᠪᠣᠣᠪᠤ ᠢᠳᠡᠵᠦ᠂ ᠰᠠᠭᠤᠭᠠᠯᠢ ᠠᠷᠠᠳ ᠤᠳ ᠪᠠᠶᠠᠷ ᠪᠠᠶᠠᠰᠬᠤᠯᠠᠩ ᠤᠨ ᠳᠤᠮᠳᠠ ᠬᠥᠷᠰᠢ ᠵᠡᠷᠭᠡᠯᠡᠳᠡᠭᠡ  ᠶᠢᠨ  ᠢᠶᠠᠨ ᠬᠠᠶᠢᠷ᠎ᠠ ᠰᠡᠳᠬᠢᠯᠭᠡ  ᠶᠢ ᠵᠤᠵᠠᠭᠠᠳᠬᠠᠵᠠᠢ᠃ᠬᠤᠭᠤᠷᠣᠨᠳᠣᠬᠢ ᠵᠠᠢ ᠪᠠᠨ ᠣᠶᠢᠷᠠᠲᠤᠭᠤᠯᠤᠭᠰᠠᠨ ᠢᠶᠠᠷ ᠪᠠᠷᠠᠬᠤ ᠦᠭᠡᠢ ᠪᠠᠰᠠ ᠤᠯᠠᠮᠵᠢᠯᠠᠯᠲᠤ ᠰᠣᠶᠣᠯ ᠢᠶᠠᠨ ᠪᠠᠳᠠᠷᠠᠭᠤᠯᠤᠨ ᠳᠡᠯᠭᠡᠷᠡᠭᠦᠯᠵᠦ᠂ ᠥᠯᠵᠡᠶᠢᠲᠦ ᠡᠳᠦᠷ ᠤᠨ ᠪᠠᠶᠠᠷ ᠤᠨ ᠠᠵᠢᠯᠯᠠᠭ᠎ᠠ  ᠶᠢᠨ ᠠᠭᠤᠷ ᠠᠮᠢᠰᠬᠤᠯ  ᠢ ᠤᠷᠬᠢᠯ ᠳᠤᠨᠢ ᠬᠦᠷᠭᠡᠭᠰᠡᠨ ᠪᠠᠶᠢᠨ᠎ᠠ᠃      ᠡᠨᠡ ᠤᠳᠠᠭᠠᠨ ᠤ ᠠᠵᠢᠯᠯᠠᠭ᠎ᠠ ᠨᠢ ᠳᠤᠮᠳᠠᠳᠤ  ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ  ᠢ ᠪᠠᠳᠠᠷᠠᠭᠤᠯᠬᠤ  ᠶᠢᠨ ᠵᠡᠷᠭᠡ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠵᠢᠯ ᠤᠨ ᠴᠢᠯᠦᠭᠡᠨ ᠤ ᠠᠮᠢᠳᠤᠷᠠᠯ  ᠢ ᠪᠠᠶᠠᠯᠢᠭᠵᠢᠭᠤᠯᠵᠤ᠂ ︽ᠵᠣᠯ ᠵᠢᠷᠭᠠᠯᠲᠤ ᠬᠥᠷᠰᠢ︾ ᠶᠢ ᠡᠭᠦᠳᠦᠨ ᠪᠠᠶᠢᠭᠤᠯᠬᠤ ᠳᠤ ᠲᠤᠰᠠ ᠪᠣᠯᠵᠤ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ  ᠶᠢ ᠣᠯᠣᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠡᠭᠦᠨ ᠥᠷᠲᠡᠭᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1