ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠳᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/8
     ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠳᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ      ︽ᠯᠢᠶᠣᠤᠨᠢᠩ ᠮᠤᠵᠢ ᠶᠢᠨ ᠫᠠᠨ ᠶᠢᠨ ᠬᠤᠤ ᠶᠧ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ︿1. 15﹀ ᠤ ᠬᠦᠨᠳᠦ ᠶᠡᠭᠡ ᠳᠡᠯᠪᠡᠷᠡᠯᠲᠡ ᠶᠢᠨ ᠭᠠᠯ ᠭᠠᠷᠤᠭᠰᠠᠨ ᠠᠳᠡᠯ ᠤᠨ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠳᠡᠯ ᠠᠴᠠ ᠰᠤᠷᠭᠠᠮᠵᠢ ᠠᠪᠴᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ 2 ᠰᠠᠷ᠎ᠠ ᠶᠢᠨ 3 ᠤ ᠡᠳᠦᠷ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠶᠢᠨ ᠱᠦᠵᠢ ᠵᠠᠩ ᠶᠠᠨ ᠫᠢᠩ ᠤᠨ ᠳᠠᠭᠠᠭᠤᠯᠭ᠎ᠠ ᠪᠠᠷ᠂ ᠬᠠᠮᠲᠤᠷᠠᠭᠰᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠭᠠᠵᠠᠷ᠂ ᠭᠠᠯ ᠤᠨᠲᠠᠷᠠᠭᠠᠬᠤ ᠶᠡᠭᠡ ᠠᠩᠭᠢ᠂ ᠪᠠᠶᠠᠨ ᠤ ᠲᠣᠮᠢᠯᠠᠭᠰᠠᠨ ᠰᠠᠯᠪᠤᠷᠢ ᠵᠡᠷᠭᠡ ᠨᠢᠭᠡᠴᠡ ᠲᠠᠢ ᠫᠢᠩ ᠰᠧ ᠬᠤᠳᠠᠯᠳᠤᠭᠠᠨ ᠤ ᠡᠯ᠎ᠡ ᠴᠡᠭ ᠲᠤ ᠭᠦᠨᠵᠡᠭᠡᠶᠢᠷᠡᠨ᠂ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ᠂ ᠠᠮᠤᠷ ᠲᠦᠪᠰᠢᠨ ᠤ ᠨᠡᠪᠲᠡᠷᠡᠬᠦ ᠵᠠᠮ᠂ ᠴᠠᠬᠢᠯᠭᠠᠨ ᠤᠲᠠᠰᠤ ᠴᠠᠬᠢᠯᠭᠠᠨ ᠬᠡᠯᠬᠢᠶ᠎ᠡ᠂ ᠭᠠᠯ ᠤᠨᠲᠠᠷᠠᠭᠠᠬᠤ ᠤᠰᠤᠨ ᠬᠤᠳᠳᠤᠭ ᠵᠡᠷᠭᠡ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠨ ᠦᠵᠡᠬᠦ ᠶᠢᠨ ᠬᠠᠮᠲᠤ᠂ ᠣᠯᠠᠨ ᠲᠦᠮᠡᠨ᠂ ᠬᠤᠳᠠᠯᠳᠤᠭᠠᠨ ᠤ ᠡᠷᠦᠬᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠎ᠡ᠃ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠬᠤᠳᠠᠯᠳᠤᠭᠠᠴᠢᠨ ᠡᠷᠦᠬᠡ ᠶᠢᠨ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠵᠤ ᠳᠤᠷ᠎ᠠ ᠪᠠᠷ ᠢᠶᠠᠨ ᠵᠠᠯᠭᠠᠭᠰᠠᠨ 10 ᠭᠠᠷᠤᠢ ᠭᠠᠵᠠᠷ ᠢ ᠴᠡᠭᠴᠡᠯᠡᠨ ᠵᠠᠰᠠᠵᠤ᠂ ᠬᠤᠳᠠᠯᠳᠤᠭᠠᠴᠢᠨ ᠡᠷᠦᠬᠡ ᠶᠢᠨ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ 160 ᠭᠠᠷᠤᠢ ᠡᠯᠳᠡᠪ ᠪᠣᠳᠠᠰ ᠢ ᠴᠡᠪᠡᠷᠯᠡᠨ ᠠᠷᠢᠯᠭᠠᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠳᠠᠯᠳᠠ ᠬᠡᠮ᠂ ᠲᠡᠷᠭᠡ ᠬᠥᠰᠬᠡ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠭᠰᠡᠨ ᠵᠡᠷᠭᠡ ᠠᠰᠠᠭᠤᠳᠠᠯ ᠢ ᠨᠢᠭᠡᠨᠲᠡ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠵᠦ᠂ ᠭᠠᠯ ᠤᠨᠲᠠᠷᠠᠭᠠᠬᠤ ᠪᠠ ᠣᠯᠠᠨ ᠲᠦᠮᠡᠨ᠂ ᠬᠤᠳᠠᠯᠳᠤᠭᠠᠴᠢᠨ ᠡᠷᠦᠬᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠮᠤᠷ ᠠᠮᠤᠭᠤᠯᠠᠩ ᠵᠣᠯ ᠵᠢᠷᠭᠠᠯᠲᠤ ᠵᠡᠭᠡᠯᠢ ᠭᠤᠳᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ ᠵᠠᠷᠯᠢᠭᠳᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1