ᠵᠠᠩ ᠯᠢ ᠵᠢᠶᠦ᠋ᠨ ᠴᠠᠭᠠᠨ ᠰᠠᠷ᠎ᠠ ᠠᠴᠠ ᠡᠮᠦᠨ᠎ᠡ ᠪᠦᠬᠦ ᠣᠷᠣᠨ ᠤ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/9
      1 ᠳ᠋ᠦᠭᠡᠷ ᠰᠠᠷ᠎ᠠ ᠶᠢᠨ 18 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ ᠴᠠᠭᠠᠨ ᠰᠠᠷ᠎ᠠ ᠠᠴᠠ ᠡᠮᠦᠨᠡᠬᠢ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠪᠠᠶᠢᠩᠭᠤᠵᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠵᠠᠩ ᠯᠢ ᠵᠢᠶᠦ᠋ᠨ ᠨᠢᠭᠡ ᠪᠦᠯᠦᠭ  ᠬᠥᠮᠥᠨ ᠤᠷᠢᠳ ᠬᠤᠵᠢᠳ ᠪᠧᠢ ᠯᠢᠶᠠᠩ ᠰᠢᠨ᠎ᠡ ᠲᠣᠭᠤᠷᠢᠭ ᠤᠨ ᠬᠤᠶᠢᠲᠤ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠪᠤᠭᠤᠲᠤ ᠬᠤᠳᠠ ᠶᠢᠨ ᠹᠦ᠋ ᠬᠤᠸᠠ ᠬᠦᠴᠢᠯᠲᠥ᠋ᠷᠥᠭᠴᠢ ᠶᠢᠨ ᠬᠢᠵᠠᠭᠠᠷᠲᠤ ᠺᠣᠮᠫᠠᠨᠢ᠂ ᠸᠢᠺᠲ᠋ᠤᠷᠢ ᠶᠢᠨ ᠰᠢᠨ᠎ᠡ ᠲᠡᠭᠷᠢ ᠭᠠᠵᠠᠷ ᠠᠭᠤᠳᠠᠮ ᠲᠠᠯᠠᠪᠠᠢ᠂ ᠦᠷᠳᠡᠭᠡ ᠶᠢᠨ ᠬᠤᠶᠢᠲᠤ ᠵᠠᠮ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠮᠢᠶᠣᠣ ᠹᠠ ᠴᠠᠨ ᠰᠧ ᠰᠦᠮ᠎ᠡ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠠᠶᠢᠴᠠᠭᠠᠪᠠ᠃ᠬᠦᠷᠦᠭᠰᠡᠨ ᠭᠠᠵᠠᠷ ᠪᠣᠯᠭᠠᠨ ᠳᠤ ᠵᠠᠩ ᠯᠢ ᠵᠢᠶᠦ᠋ᠨ ᠡᠯ᠎ᠡ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠪᠠᠭᠤᠷᠠᠢ ᠲᠠᠯ᠎ᠠ ᠪᠠ ᠭᠤᠣᠯᠳᠠᠯᠭ᠎ᠠ  ᠲᠠᠢ ᠬᠡᠰᠡᠭ ᠢ ᠨᠠᠷᠢᠨ ᠬᠢᠨᠠᠮᠠᠭᠠᠢ ᠪᠠᠶᠢᠴᠠᠭᠠᠵᠤ᠂ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ᠠᠮᠤᠷ ᠲᠦᠪᠰᠢᠨ ᠲᠠᠷᠬᠠᠭᠠᠬᠤ ᠵᠠᠮ᠂ ᠬᠤᠳᠠᠯᠳᠤᠭᠠᠨ ᠤ ᠲᠠᠯᠠᠪᠤᠷ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯᠲᠠᠨ ᠤ ᠵᠢᠵᠢᠭᠦᠷᠯᠡᠨ ᠰᠠᠬᠢᠬᠤ᠂ ᠪᠠᠷᠠᠭᠠᠨ ᠤ ᠢᠷᠡᠯᠲᠡ ᠶᠢᠨ ᠬᠠᠩᠭᠠᠯᠭ᠎ᠠ᠂ ᠪᠡᠯᠡᠳᠬᠡᠯ ᠲᠥᠰᠥᠯ ᠲᠣᠭᠲᠠᠭᠠᠬᠤ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠠᠵᠤ ᠠᠬᠤᠶᠢᠯᠠᠯ᠂ ᠵᠠᠬ᠎ᠠ ᠳᠡᠯᠭᠡᠭᠦᠷ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠥᠪᠴᠢ ᠶᠢ ᠴᠢᠩᠭᠠᠷᠠᠭᠤᠯᠤᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ᠵᠠᠩ ᠯᠢ ᠵᠢᠶᠦ᠋ᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠰᠢᠨ᠎ᠡ ᠬᠤᠪᠢᠷᠠᠯᠲᠠ ᠶᠢ ᠣᠨᠣᠪᠴᠢᠲᠠᠢ ᠡᠵᠡᠮᠳᠡᠵᠦ᠂ ᠡᠷᠡᠭᠦᠯ ᠮᠡᠨᠳᠤ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ᠂ ᠦᠬᠦᠯ ᠢ ᠪᠠᠭᠠᠰᠬᠠᠬᠤ ᠪᠠᠷ ᠬᠠᠷᠠᠯᠲᠠ ᠪᠣᠯᠭᠠᠵᠤ᠂ ᠡᠮ ᠡᠮᠨᠡᠯᠭᠡ ᠶᠢᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠡᠮ ᠡᠮᠨᠡᠯᠭᠡ ᠶᠢᠨ ᠠᠪᠤᠷᠠᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠡᠮᠨᠡᠭᠦᠯᠦᠭᠰᠡᠨ ᠤᠯᠠᠨ ᠲᠦᠮᠡᠨ ᠢ ᠣᠶᠢᠷ᠎ᠠ ᠬᠠᠪᠢ ᠳᠠᠭᠠᠨ ᠲᠦᠷᠭᠡᠨ ᠡᠮᠨᠡᠨ ᠵᠠᠰᠠᠬᠤ ᠶᠢ ᠪᠠᠲᠤᠯᠠᠵᠤ᠂ ᠤᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠠᠩ ᠯᠢ ᠵᠢᠶᠦ᠋ᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠦᠨᠳᠦ᠂ ᠠᠶᠤᠯ ᠦᠭᠡᠢ ᠦᠢᠯᠡᠳᠪᠦᠷᠢᠯᠡᠯ ᠤᠨ ᠬᠥᠪᠴᠢ ᠪᠠᠨ ᠢᠮᠠᠭᠲᠠ ᠴᠢᠩᠭᠠᠯᠠᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠭᠦᠨᠵᠡᠭᠡᠢ ᠥᠷᠨᠢᠭᠦᠯᠦᠨ᠂ ᠭᠤᠭᠤᠵᠢᠭᠳᠠᠭᠰᠠᠨ ᠣᠷᠣᠨ᠂ ᠪᠠᠯᠠᠢ ᠣᠷᠣᠨ ᠭᠠᠷᠬᠤ  ᠠᠴᠠ ᠵᠠᠶᠢᠯᠠᠰᠬᠢᠵᠦ᠂ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠪᠦᠲᠦᠮᠵᠢᠲᠡᠶ ᠠᠷᠢᠯᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠂ ᠢᠯᠠᠩᠭᠤᠶ᠎ᠠ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠣᠯᠣᠨ ᠰᠣᠷᠢᠯᠲᠠ ᠶᠢ ᠤᠷᠢᠳᠴᠢᠯᠠᠨ ᠰᠠᠶᠢᠲᠤᠷ ᠬᠢᠵᠦ᠂ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠡᠷᠡᠭᠲᠡᠢ᠃ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠨᠠᠨ ᠵᠢᠯᠤᠭᠤᠳᠴᠤ ᠪᠠᠶᠢᠴᠠᠭᠠᠬᠤ᠂ ᠵᠢᠵᠢᠭᠦᠷᠯᠡᠨ ᠰᠠᠬᠢᠬᠤ ᠪᠠ ᠰᠢᠲᠠᠮᠠᠬᠠᠢ ᠬᠡᠢ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠠᠮᠤᠷ ᠲᠦᠪᠰᠢᠨ ᠤ ᠣᠷᠣᠭᠤᠯᠤᠯᠲᠠ ᠶᠢ ᠪᠣᠳᠠᠲᠠᠶᠢᠵᠢᠭᠤᠯᠵᠤ᠂ ᠰᠠᠭᠤᠷᠢ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠬᠤ ᠶᠢᠨ ᠬᠠᠮᠲᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠰᠠᠶᠢᠨ ᠰᠠᠶᠢᠬᠠᠨ᠂ ᠦᠨ᠎ᠡ ᠬᠠᠩᠰᠢ ᠶᠢᠨ ᠵᠦᠢ ᠵᠣᠬᠢᠰᠲᠠᠢ ᠪᠥᠭᠡᠳ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠳ᠋ ᠪᠣᠳᠠᠰ ᠤᠨ ᠨᠥᠭᠡᠴᠡ ᠭᠦᠢᠴᠡᠳ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠬᠥᠭᠵᠢᠨ ᠴᠡᠴᠡᠭᠯᠡᠭᠰᠡᠨ ᠲᠣᠭᠲᠠᠭᠤᠨ᠂ ᠪᠠᠶᠠᠷ ᠪᠠᠶᠠᠰᠬᠤᠯᠠᠩ ᠲᠠᠢ᠂ ᠠᠮᠤᠷ ᠲᠦᠪᠰᠢᠨ ᠡᠮᠬᠢ ᠳᠢᠭᠯᠢᠮ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠠᠷᠠᠳ ᠤᠯᠠᠨ ᠢ ᠠᠮᠤᠷ ᠲᠠᠶᠢᠪᠤᠩ ᠡᠶ᠎ᠡ ᠨᠠᠶᠢᠷᠠᠮᠳᠠᠭᠤ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢ ᠵᠧᠨ ᠵᠧᠦ᠂ ᠣᠷᠣᠨ ᠤ ᠵᠠᠰᠠᠭ ᠤᠨ ᠣᠷᠳᠣᠨ ᠤ ᠠᠯᠪᠠᠨ ᠭᠡᠷ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠱᠠᠰᠢᠨ ᠰᠤᠷᠲᠠᠬᠤᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ ᠬᠠᠮᠢᠶ᠎ᠠ ᠪᠦᠬᠦᠢ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1