ᠭᠤᠷᠪᠠᠨ ᠰᠠᠷ᠎ᠠ ᠶᠢᠨ ᠲᠡᠭᠷᠢ ᠶᠢ ᠳᠤᠯᠠᠭᠠᠴᠠᠭᠤᠯᠤᠭᠰᠠᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠎ᠠ ︱ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︽3·8︾  ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/3/13
     113 ᠳ᠋ᠤᠭᠠᠷ ᠳᠡᠯᠡᠬᠡᠢ ᠶᠢᠨ ︽3 · 8︾· ᠤ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠳᠤ ᠂ ᠥᠷᠭᠡᠨ ᠣᠯᠠᠨ ᠡᠮᠡᠭᠲᠡᠢ ᠠᠵᠢᠯᠲᠠᠨ ᠠᠵᠢᠯᠴᠢᠨ ᠤ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠡᠮᠡᠭᠲᠡᠶᠢᠴᠦᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠡᠮᠡᠭᠲᠡᠢ ᠠᠵᠢᠯᠲᠠᠨ ᠠᠵᠢᠯᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ︽3 · 8︾· ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠡᠷᠭᠢᠯᠡᠪᠡ᠃      3 ᠰᠠᠷ᠎ᠠ ᠶᠢᠨ 8 ᠤ ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠪᠦᠬᠦ ᠡᠮᠡᠭᠲᠡᠢ ᠠᠵᠢᠯᠲᠠᠨ ᠠᠵᠢᠯᠴᠢᠨ ᠤ ᠺᠠᠳ᠋ᠷᠴᠤᠳ ᠢ ᠵᠣᠬᠢᠶᠠᠨ ᠪᠠᠶᠢᠭᠤᠯᠤᠨ ︽ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠪᠠᠨ ᠬᠥᠭᠡᠭᠡᠴᠡᠯᠳᠦᠵᠦ᠂ ᠡᠮᠡᠭᠲᠡᠶᠢᠴᠦᠳ ᠥᠩᠭᠡ ᠭᠢᠯᠪᠠᠭ᠎ᠠ ᠪᠠᠨ ᠪᠠᠳᠠᠷᠠᠭᠤᠯᠤᠶ᠎ᠠ︾ ᠭᠡᠬᠦ ᠪᠦᠯᠬᠦᠮ ᠤᠨ ᠰᠡᠳᠬᠢᠴᠡ ᠶᠢᠨ ᠬᠠᠪᠰᠤᠷᠤᠨ ᠵᠢᠯᠤᠭᠤᠳᠬᠤ ᠠᠵᠢᠯᠯᠠᠭ᠎ᠠ  ᠶᠢ ᠥᠷᠨᠢᠭᠦᠯᠵᠦ᠂ ᠠᠵᠢᠯᠯᠠᠭ᠎ᠠ ᠡᠬᠢᠯᠡᠬᠦ ᠠᠴᠠ ᠡᠮᠦᠨ᠎ᠡ᠂ ᠳ᠋ᠦᠩ ᠡᡁᠸ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠣᠣ ᠬᠤᠢ ᠲᠤᠬᠠᠢ ᠶᠢᠨ ᠲᠠᠯᠠᠪᠠᠢ ᠳᠤ ᠪᠠᠶᠢᠭᠰᠠᠨ ᠡᠮᠡᠭᠲᠡᠶᠢᠴᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠤᠯᠠᠨ ᠢᠶᠠᠷ ᠢᠶᠠᠨ ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠵᠤ᠂ ᠦᠵᠡᠯ ᠰᠡᠳᠬᠢᠯᠭᠡ ᠪᠠᠨ ᠪᠣᠯᠪᠠᠰᠤᠷᠠᠭᠤᠯᠵᠤ᠂ ᠠᠮᠢᠳᠤᠷᠠᠯ ᠢᠶᠠᠨ ᠨᠡᠩ ᠰᠠᠶᠢᠨ ᠡᠳ᠋ᠯᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠶᠢᠰᠢᠳᠠ ᠶᠢᠨ ᠠᠵᠢᠯ ᠳᠠᠭᠠᠨ ᠣᠷᠤᠯᠴᠠᠬᠤ ᠶᠢ ᠬᠦᠰᠡᠪᠡ᠃      3 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠲᠢᠶᠠᠨ ᠵᠢᠶᠣᠣ ᠬᠠᠤᠯᠢ ᠪᠠᠷᠢᠬᠤ ᠭᠠᠵᠠᠷ ᠤᠨ ᠬᠢᠨ ᠲᠢᠶᠠᠨ ᠵᠢᠶᠣᠣ ᠵᠡᠭᠡᠯᠢ ᠭᠤᠳᠤᠮᠵᠢ ᠲᠠᠢ ᠬᠠᠮᠲᠤᠷᠠᠨ ︽︿3 · 8﹀· ᠶᠢᠨ ᠬᠠᠪᠤᠷ ᠤᠨ ᠤᠷᠢᠨ ᠳᠤᠯᠠᠭᠠᠨ᠂ ᠬᠠᠤᠯᠢ ᠪᠠᠷ ᠵᠠᠰᠠᠬᠤ ᠪᠠᠷ ᠠᠶᠠᠯᠠᠯ ᠢ ᠬᠠᠮᠠᠭᠠᠯᠠᠨ ᠥᠩᠭᠡ ᠭᠢᠯᠪᠠᠭ᠎ᠠ ᠶᠢ ᠪᠠᠳᠠᠷᠠᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠲᠤᠰᠬᠠᠶᠢᠯᠠᠨ ᠡᠷᠭᠢᠯᠡᠵᠦ᠂ ︽3 · 8︾· ᠶᠢᠨ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠬᠠᠮᠲᠤ ᠪᠠᠷ ᠪᠠᠶᠠᠷᠯᠠᠨ ᠪᠡᠯᠭᠡᠯᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠪᠠ᠃ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠯᠢᠦ ᠴᠠᠩ ᠲᠢᠶᠠᠨ ᠵᠢᠶᠣᠣ ᠬᠠᠤᠯᠢ ᠴᠠᠭᠠᠵᠠ ᠶᠢᠨ ᠭᠠᠵᠠᠷ ᠤᠨ ᠦᠢᠯᠡᠳᠦᠭᠰᠡᠨ ᠬᠠᠮᠢᠶ᠎ᠠ ᠪᠦᠬᠦᠢ ᠤᠬᠠᠭᠤᠯᠭ᠎ᠠ ᠶᠢᠨ ᠳᠦᠷᠰᠦ ᠰᠢᠩᠭᠡᠭᠡᠯᠲᠡ ᠲᠠᠢ ᠤᠶᠠᠯᠳᠤᠭᠤᠯᠤᠨ᠂ ︽ᠡᠮᠡᠭᠲᠡᠶᠢᠴᠦᠳ ᠤᠨ ᠡᠷᠬᠡ ᠠᠰᠢᠭ ᠤᠨ ᠬᠠᠮᠠᠭᠠᠯᠠᠯᠲᠠ︾ ᠭᠡᠬᠦ ᠭᠤᠣᠯ ᠰᠡᠳᠦᠪ ᠤᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠲᠠᠬᠢ ᠡᠮᠡᠭᠲᠡᠶᠢᠴᠦᠳ ᠲᠠᠢ ᠨᠢᠭᠲᠠ ᠬᠤᠯᠪᠣᠭᠳᠠᠭᠰᠠᠨ ᠭᠢᠯᠠᠰ ᠴᠡᠭ ᠤᠨ ᠥᠭᠡᠷᠡᠴᠢᠯᠡᠯᠲᠡ ᠳᠤ ᠪᠣᠳᠠᠲᠤ ᠬᠡᠷᠡᠭ ᠤᠨ ᠵᠢᠱᠢᠶ᠎ᠡ ᠪᠠᠷ ᠲᠤᠬᠠᠢ ᠶᠢᠨ ᠲᠠᠯᠠᠪᠤᠷ ᠤᠨ ᠬᠥᠮᠥᠰ ᠲᠤ ᠨᠠᠷᠢᠨ ᠲᠠᠶᠢᠯᠪᠤᠷᠢᠯᠠᠯᠲᠠ ᠬᠢᠵᠦ᠂ ᠠᠭᠤᠯᠭ᠎ᠠ ᠨᠢ ᠳᠥᠭᠦᠮ ᠣᠶᠢᠯᠠᠭᠠᠮᠵᠢᠲᠠᠢ ᠪᠠᠶᠢᠵᠤ᠂ ᠤᠨᠤᠯ ᠤᠨ ᠭᠦᠨᠴᠡ ᠲᠠᠢ ᠮᠥᠷᠲᠡᠭᠡᠨ ᠠᠮᠢᠳᠤᠷᠠᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠤᠯᠠᠨ ᠤ ᠬᠦᠷᠢᠶᠡᠯᠡᠯ ᠢ ᠣᠯᠣᠭᠰᠠᠨ ᠪᠥᠭᠡᠳ ᠬᠤᠯᠪᠣᠭᠳᠠᠯ ᠪᠦᠬᠦᠢ ᠤᠬᠠᠭᠤᠯᠭ᠎ᠠ ᠶᠢᠨ ᠹᠢᠯᠢᠮ ᠢ ᠬᠠᠮᠲᠤ ᠪᠠᠷ ᠦᠵᠡᠵᠦ᠂ ᠬᠠᠤᠯᠢ ᠴᠠᠭᠠᠵᠠ ᠶᠢᠨ ᠲᠠᠯ᠎ᠠ ᠶᠢᠨ ᠬᠤᠯᠪᠣᠭᠳᠠᠯ ᠪᠦᠬᠦᠢ ᠮᠡᠳᠡᠯᠭᠡ ᠶᠢ ᠰᠤᠷᠤᠯᠴᠠᠪᠠ᠃      3 ᠰᠠᠷ᠎ᠠ ᠶᠢᠨ 8 ᠤ ᠦᠳᠡ ᠶᠢᠨ ᠬᠤᠶᠢᠨ᠎ᠠ᠂ ᠳ᠋ᠦᠩ ᠵᠠᠨ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠤᠨ ᠬᠠᠮᠲᠤᠷᠠᠭᠰᠠᠨ ᠭᠦᠩ ᠢ ᠨᠡᠶᠢᠭᠡᠮ ᠲᠣᠭᠤᠷᠢᠭ᠂ ᠳ᠋ᠦᠩ ᠾᠧ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠪᠴᠢᠭᠦᠯᠬᠦ ᠬᠦᠷᠢᠶᠡᠯᠡᠩ᠂ ᠪᠤᠭᠤᠲᠤ ᠬᠤᠲᠠ ᠶᠢᠨ ᠨᠡᠶᠢᠭᠡᠮ ᠤᠨ ᠠᠵᠢᠯ ᠤᠨ ᠵᠢᠯᠤᠭᠤᠳᠬᠤ ᠲᠥᠪ ᠵᠡᠷᠭᠡ ᠣᠯᠠᠨ ᠨᠢᠭᠡᠴᠡ ︽ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠪᠠᠷ ᠭᠤᠷᠪᠠ ᠨᠠᠢᠮᠠ ᠶᠢ ᠤᠭᠲᠤᠵᠤ᠂ ᠬᠠᠶᠢᠷ᠎ᠠ ᠬᠠᠯᠠᠮᠵᠢ ᠪᠠᠷ ᠥᠩᠭᠡ ᠭᠢᠯᠪᠠᠭ᠎ᠠ ᠶᠢ ᠪᠡᠯᠡᠭᠯᠡᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠵᠡᠭᠦᠨ ᠥᠷᠲᠡᠭᠡᠨ ᠤ ᠬᠠᠤᠯᠢ ᠪᠠᠷᠢᠬᠤ ᠭᠠᠵᠠᠷ ᠤᠨ ᠠᠵᠢᠯᠲᠠᠨ ᠰᠠᠭᠤᠭᠠᠯᠢ ᠠᠷᠠᠳ ᠲᠤ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠲᠦᠭᠡᠮᠡᠯᠵᠢᠭᠦᠯᠬᠦ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠥᠷᠭᠡᠨ ᠣᠯᠠᠨ ᠡᠮᠡᠭᠲᠡᠢ ᠨᠥᠬᠦᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠠᠰᠠᠭᠤᠳᠠᠯ ᠲᠤᠯᠭᠠᠷᠠᠪᠠᠯ ᠬᠦᠰᠡᠯ ᠱᠠᠭᠠᠷᠳᠠᠯᠭ᠎ᠠ ᠪᠠᠨ ᠣᠶᠤᠨᠴᠢ ᠪᠠᠷ ᠢᠯᠡᠳᠬᠡᠬᠦ ᠬᠡᠷᠡᠭᠲᠡᠢ ᠭᠡᠵᠡᠢ᠃      3 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠼᠠᠢ ᠱᠧᠨ ᠮᠢᠶᠣᠣ ᠰᠦᠮ᠎ᠡ ᠶᠢᠨ ᠬᠠᠤᠯᠢ ᠴᠠᠭᠠᠵᠠ ᠶᠢᠨ ᠭᠠᠵᠠᠷ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠠᠯᠪᠠᠨ ᠭᠡᠷ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠲᠠᠢ ᠬᠠᠮᠲᠤᠷᠠᠨ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢᠨ ᠤᠬᠠᠭᠤᠯᠭ᠎ᠠ ᠶᠢᠨ ᠸᠢᠳᠢᠤ᠋ ᠵᠣᠬᠢᠶᠠᠵᠤ᠂ ᠳᠡᠯᠭᠡᠴᠡ ᠳᠡᠭᠡᠷ᠎ᠡ ᠨᠡᠪᠲᠡᠷᠡᠭᠦᠯᠦᠨ ᠤᠬᠠᠭᠤᠯᠪᠠ᠃ᠰᠤᠷᠤᠯᠴᠠᠵᠤ ᠤᠬᠠᠭᠤᠯᠬᠤ ᠪᠠᠷ ᠳᠠᠮᠵᠢᠭᠤᠯᠤᠨ ᠡᠮᠡᠭᠲᠡᠢ ᠺᠠᠳ᠋ᠷᠴᠤᠳ ᠲᠤ ᠤᠯᠤᠰ ᠠᠴᠠ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠠᠷᠭ᠎ᠠ ᠬᠡᠮᠵᠢᠶ᠎ᠡ ᠵᠢᠴᠢ ᠲᠤᠰ ᠪᠡᠶ᠎ᠡ ᠶᠢᠨ ᠡᠳ᠋ᠯᠡᠬᠦ ᠬᠠᠤᠯᠢ ᠶᠣᠰᠣᠨ ᠤ ᠡᠷᠬᠡ ᠪᠠ ᠡᠭᠦᠷᠭᠡ ᠶᠢ ᠨᠡᠩ ᠢᠯᠡᠭᠦᠦ ᠣᠶᠢᠯᠠᠭᠠᠭᠤᠯᠬᠤ ᠬᠡᠷᠡᠭᠲᠡᠢ᠃ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠣᠯᠠᠨ ᠳᠤ ᠬᠠᠤᠯᠢ ᠴᠠᠭᠠᠵᠠ ᠶᠢᠨ ᠵᠥᠪᠯᠡᠯᠭᠡ ᠥᠭᠭᠦᠭᠰᠡᠨ ᠪᠥᠭᠡᠳ ᠣᠯᠠᠨ ᠳᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃      3 ᠰᠠᠷ᠎ᠠ ᠶᠢᠨ 7 ᠤ ᠦᠳᠡ ᠶᠢᠨ ᠬᠤᠶᠢᠨ᠎ᠠ᠂ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ ᠤᠨ ᠠᠵᠢᠯᠲᠠᠳ ᠰᠢᠨ ᠵᠥᠩ ᠯᠦ ᠨᠡᠶᠢᠭᠡᠮ ᠲᠣᠭᠤᠷᠢᠭ ᠲᠤ ᠬᠦᠷᠴᠦ᠂ ᠡᠮᠡᠭᠲᠡᠢ ᠨᠥᠬᠦᠳ ᠤᠨ ᠤᠷᠤᠭ ᠤᠨ ᠶᠠᠪᠤᠳᠠᠯ᠂ ᠭᠡᠷ ᠪᠦᠯᠢ᠂ ᠠᠵᠢᠯ ᠪᠠ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠭᠡᠷ ᠪᠦᠯᠢ ᠶᠢᠨ ᠬᠦᠴᠦᠷᠬᠡᠭᠯᠡᠯ᠂ ᠤᠷᠤᠭ ᠤᠨ ᠵᠢᠭᠤᠷᠠᠯᠳᠤᠭᠠᠨ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ᠂ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠡᠷᠬᠡ ᠪᠠᠨ ᠬᠠᠮᠠᠭᠠᠯᠠᠬᠤ ᠣᠯᠠᠨ ᠬᠦᠷᠢᠶᠡᠨ ᠠᠴᠠ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠪᠠ ︽ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠢ ᠨᠠᠷᠢᠨ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠣᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠴᠤ᠂ ᠥᠪᠡᠷ ᠤᠨ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠬᠠᠤᠯᠢ ᠴᠠᠭᠠᠵᠠ ᠶᠢᠨ ᠪᠡᠷᠬᠡ ᠰᠡᠳᠦᠪ ᠤᠨ ᠲᠤᠬᠠᠢ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠵᠠᠢ᠃      3 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠰᠠᠷᠴᠢᠨ ᠪᠠᠯᠭᠠᠰᠤᠨ ᠤ ᠬᠠᠤᠯᠢ ᠪᠠᠷᠢᠬᠤ ᠭᠠᠵᠠᠷ ᠤᠨ ᠬᠢᠨ ᠰᠠᠷᠴᠢᠨ ᠪᠠᠯᠭᠠᠰᠤᠨ ᠤ ᠵᠠᠰᠠᠭ ᠤᠨ ᠣᠷᠳᠣᠨ ᠤ ᠤᠷᠢᠯᠭ᠎ᠠ ᠪᠠᠷ᠂ ᠶᠢᠨ ᡁᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠸᠠᠩ ᠨᠠ ᠬᠠᠤᠯᠢᠴᠢ ᠲᠠᠢ ᠬᠠᠮᠲᠤ ᠰᠠᠷᠴᠢᠨ ᠪᠠᠯᠭᠠᠰᠤᠨ ᠤ ︽3 · 8︾· ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠳᠤ ᠣᠷᠣᠯᠴᠠᠪᠠ᠃ᠠᠵᠢᠯᠯᠠᠭ᠎ᠠ ᠶᠢᠨ ᠬᠤᠭᠤᠴᠠᠭᠠᠨ ᠳᠤ᠂ ᠸᠠᠩ ᠨᠠ ᠬᠠᠤᠯᠢᠴᠢ ᠲᠥᠪᠯᠡᠷᠡᠭᠦᠯᠦᠨ ᠬᠢᠴᠢᠶᠡᠯᠯᠡᠬᠦ ᠬᠡᠯᠪᠡᠷᠢ ᠪᠠᠷ ᠳᠡᠮᠵᠢᠨ᠂ ᠶᠠᠭᠤ ᠶᠢ ᠡᠷ᠎ᠡ ᠡᠮ᠎ᠡ ᠶᠢᠨ ᠬᠠᠮᠲᠤ ᠶᠢᠨ ᠡᠳ᠋ ᠬᠥᠷᠥᠩᠭᠡ ᠭᠡᠬᠦ ᠪᠣᠶ︖ᠤᠷᠤᠭ ᠤᠨ ᠳᠣᠲᠣᠷᠠᠬᠢ ᠡᠳ᠋ ᠬᠥᠷᠥᠩᠭᠡ ᠶᠢᠨ ᠬᠡᠯᠡᠯᠴᠡᠭᠡᠷ  ᠨᠢ ᠶᠠᠭᠤ ᠪᠤᠢ?ᠵᠢᠴᠢ ᠲᠡᠭᠦᠨ ᠤ ᠥᠷᠢ ᠶᠢ ᠬᠡᠨ ᠲᠥᠯᠥᠬᠦ ᠪᠤᠢ?ᠵᠡᠷᠭᠡ ᠣᠯᠠᠨ ᠲᠠᠯ᠎ᠠ ᠪᠠᠷ ᠲᠠᠶᠢᠯᠪᠤᠷᠢᠯᠠᠯᠲᠠ ᠬᠢᠵᠦ᠂ ᠣᠯᠠᠨ ᠳᠤ ᠬᠡᠷᠬᠢᠨ ᠣᠷᠤᠭ ᠤᠨ ᠶᠠᠪᠤᠴᠠ ᠳᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠵᠢᠭᠠᠵᠤ ᠥᠭᠭᠦᠭᠰᠡᠨ ᠪᠠᠶᠢᠨ᠎ᠠ᠃ᠡᠭᠦᠨ ᠤ ᠬᠠᠮᠲᠤ ᠲᠤᠬᠠᠢ ᠶᠢᠨ ᠲᠠᠯᠠᠪᠤᠷ ᠲᠤ ᠠᠰᠠᠭᠤᠯᠲᠠ ᠳᠤᠷᠠᠳᠬᠤ ᠠᠷᠭ᠎ᠠ ᠪᠠᠷ ᠡᠯ᠎ᠡ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠨ ᠤ ᠠᠵᠢᠯᠲᠠᠳ ᠤᠨ ᠠᠵᠢᠯ ᠤᠨ ᠳᠤᠮᠳᠠ ᠲᠣᠬᠢᠶᠠᠯᠳᠤᠭᠰᠠᠨ ᠵᠠᠷᠢᠮ ᠬᠠᠤᠯᠢ ᠴᠠᠭᠠᠵᠠ ᠶᠢᠨ ᠠᠰᠠᠭᠤᠳᠠᠯ ᠢ ᠬᠠᠪᠰᠤᠷᠤᠨ ᠬᠠᠷᠢᠭᠤᠯᠵᠠᠢ᠃ᠬᠢᠴᠢᠶᠡᠯᠯᠡᠬᠦ ᠶᠠᠪᠤᠴᠠ ᠳᠤ᠂ ᠣᠯᠠᠨ ᠢᠶᠠᠷ ᠢᠶᠠᠨ ᠬᠢᠴᠢᠶᠡᠯ ᠰᠣᠨᠣᠰᠬᠤ ᠳᠠᠭᠠᠨ ᠲᠤᠶᠢᠯ ᠤᠨ ᠨᠠᠷᠢᠨ ᠬᠢᠨᠠᠮᠠᠭᠠᠢ ᠪᠠᠶᠢᠵᠤ᠂ ᠠᠰᠠᠭᠤᠯᠲᠠ ᠠᠰᠠᠭᠤᠬᠤ ᠳᠤ ᠠᠭᠤᠷ ᠠᠮᠢᠰᠬᠤᠯ ᠬᠥᠭᠵᠢᠶᠡᠨᠲᠡᠢ ᠪᠠᠶᠢᠳᠠᠭ᠃ᠬᠡᠰᠡᠭ ᠭᠠᠴᠠᠭᠠᠨ ᠤ ᠺᠠᠳ᠋ᠷ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠬᠢᠴᠢᠶᠡᠯ ᠣᠷᠣᠬᠤ ᠨᠢ ᠲᠡᠳᠡᠨ ᠳᠤ ᠮᠠᠰᠢ ᠶᠡᠭᠡ ᠬᠠᠪᠰᠤᠷᠤᠯᠭ᠎ᠠ ᠪᠣᠯᠣᠨ᠎ᠠ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠭᠰᠠᠨ ᠤ ᠳᠠᠷᠠᠭ᠎ᠠ᠂ ᠠᠵᠢᠯᠯᠠᠬᠤ ᠦᠶ᠎ᠡ ᠳᠡᠭᠡᠨ ᠴᠦ ᠨᠠᠩ ᠢᠯᠡᠭᠦᠦ ᠢᠳᠡ ᠬᠦᠴᠦ ᠪᠠ ᠠᠷᠭ᠎ᠠ ᠲᠠᠢ ᠪᠣᠯᠬᠤ ᠶᠤᠮ ᠭᠡᠵᠡᠢ᠃      3 ᠰᠠᠷ᠎ᠠ ᠶᠢᠨ 6 ᠤ ᠦᠳᠡ ᠶᠢᠨ ᠬᠤᠶᠢᠨ᠎ᠠ᠂ ᠳ᠋ᠦᠩ ᠰᠢᠩ ᠬᠠᠤᠯᠢ ᠴᠠᠭᠠᠵᠠ ᠶᠢᠨ ᠭᠠᠵᠠᠷ ᠤᠨ ᠬᠢᠨ ᠲᠠᠯ᠎ᠠ ᠨᠤᠲᠤᠭ ᠤᠨ ᠬᠦᠩᠹᠥᠩ ᠨᠡᠶᠢᠭᠡᠮ ᠲᠣᠭᠤᠷᠢᠭ ᠲᠠᠢ ᠬᠠᠮᠲᠤᠷᠠᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠲᠤᠰ ᠤᠳᠠᠭ᠎ᠠ ᠶᠢᠨ ᠲᠠᠶᠢᠯᠤᠮᠵᠢ ᠶᠢ ᠪᠤᠭᠤᠲᠤ ᠬᠤᠳᠠ ᠶᠢᠨ ᠮᠥ᠋ᠩ ᠴᠧᠩ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠵᠠᠩ ᠶᠠᠨ ᠬᠠᠤᠯᠢᠴᠢ ᠭᠤᠣᠯᠯᠠᠨ ᠶᠠᠷᠢᠵᠤ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠭᠰᠡᠨ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠪᠠᠷ ᠡᠬᠡ ᠳᠡᠪᠲᠡᠷ ᠪᠣᠯᠭᠠᠵᠤ᠂ ᠤᠯᠠᠨ ᠢ ᠳᠠᠭᠠᠭᠤᠯᠤᠨ ᠬᠠᠤᠯᠢ ᠶᠢᠨ ᠵᠤᠷᠪᠤᠰ ᠲᠠᠬᠢ ᠶᠢᠰᠦᠳᠦᠭᠡᠷ ᠶᠡᠭᠡ ᠬᠤᠷᠠᠯ ᠤᠨ︽ᠰᠢᠨ᠎ᠡ ᠬᠤᠪᠢᠷᠠᠯᠲᠠ︾ ᠶᠢ ᠰᠤᠷᠤᠯᠴᠠᠨ ᠣᠶᠢᠯᠠᠭᠠᠪᠠ᠃ᠠᠵᠢᠯᠯᠠᠭ᠎ᠠ  ᠶᠢᠨ ᠲᠤᠬᠠᠢ  ᠶᠢᠨ ᠲᠠᠯᠠᠪᠠᠶ ᠳᠤ ᠵᠠᠩ ᠬᠠᠤᠯᠢᠴᠢ ᠡᠮᠡᠭᠲᠡᠶᠢᠴᠦᠳ ᠤᠨ ᠡᠷᠬᠡ ᠠᠰᠢᠭ  ᠢ ᠬᠦᠨᠳᠦᠳᠬᠡᠨ ᠪᠠᠲᠤᠯᠠᠬᠤ  ᠶᠢᠨ ᠴᠢᠬᠤᠯᠠ ᠴᠢᠨᠠᠷ ᠵᠢᠴᠢ ᠡᠷᠬᠡ ᠠᠰᠢᠭ ᠬᠠᠯᠳᠠᠯᠭ᠎ᠠ ᠳᠤ ᠤᠴᠠᠷᠠᠬᠤ ᠦᠶ᠎ᠡ ᠳᠤ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠠᠪᠰᠤᠷᠤᠯᠭ᠎ᠠ  ᠶᠢ ᠬᠡᠷᠬᠢᠨ ᠲᠦᠷᠭᠡᠨ ᠡᠷᠢᠵᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠲᠤᠬᠠᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1