ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︽ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠷᠲᠡᠨ ᠤ ᠨᠣᠮ ᠪᠢᠴᠢᠭ ᠢ ᠡᠮᠬᠢᠳᠬᠡᠨ ᠬᠡᠪᠯᠡᠭᠦᠯᠬᠦ ᠨᠣᠮ ᠤᠨ ᠰᠠᠯᠪᠤᠷᠢ︾ ᠶᠢ ᠤᠬᠠᠭᠤᠯᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2023/3/13
      ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠡᠮᠬᠢᠳᠬᠡᠨ ᠰᠤᠳᠤᠯᠬᠤ ᠲᠠᠰᠤᠭ ᠤᠨ ᠤᠬᠠᠭᠠᠯᠠᠨ ᠬᠡᠷᠡᠭᠵᠢᠭᠦᠯᠦᠭᠰᠡᠨ︽ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠲᠤᠯᠭᠤᠷ ᠪᠢᠴᠢᠭ ᠢ ᠡᠮᠬᠢᠳᠬᠡᠨ ᠬᠡᠪᠯᠡᠭᠦᠯᠬᠦ ᠨᠣᠮ ᠪᠢᠴᠢᠭ ᠤᠨ ᠰᠠᠯᠪᠤᠷᠢ︾ ︵ᠳᠣᠷᠣᠭᠰᠢ︽ᠨᠣᠮ ᠪᠢᠴᠢᠭ ᠤᠨ ᠰᠠᠯᠪᠤᠷᠢ︾ ᠭᠡᠵᠦ ᠳᠥᠭᠦᠮᠴᠢᠯᠡᠨ᠎ᠡ︶ ᠶᠢ ᠵᠠᠯᠭᠠᠭ᠎ᠠ ᠪᠠᠷ ᠵᠢᠩᠬᠢᠨᠢ ᠪᠠᠷ ᠬᠡᠪᠯᠡᠭᠦᠯᠪᠡ᠃ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠸᠢᠴᠠᠲ ᠤᠨ ᠠᠵᠢᠯ ᠤᠨ ᠪᠦᠯᠦᠭᠯᠡᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠪᠡ᠃      ᠲᠣᠰ ︽ᠨᠣᠮ ᠤᠨ ᠰᠠᠯᠪᠤᠷᠢ︾ ᠪᠣᠯ ︽2021 ︱ 2035 ᠣᠨ ᠤ ᠤᠯᠤᠰ ᠤᠨ ᠲᠤᠯᠭᠤᠷ ᠪᠢᠴᠢᠭ ᠤᠨ ᠠᠵᠢᠯ ᠤᠨ ᠲᠥᠯᠦᠪᠵᠢᠭᠦᠯᠭᠡ︾᠂ ︽ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠤᠨ ᠠᠵᠢᠯ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠭᠤᠣᠯᠳᠠᠯᠭ᠎ᠠ ᠲᠠᠢ ᠬᠡᠪᠯᠡᠯ ᠤᠨ ᠲᠥᠷᠥᠯ ᠵᠦᠢᠯ ᠪᠣᠯᠣᠨ᠎ᠠ᠃ ᠡᠭᠦᠨ ᠤ ᠵᠣᠷᠢᠯᠭ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠡᠨᠡᠬᠦ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠤᠨ ᠠᠭᠤᠰᠤᠯᠴᠠᠬᠤ ᠴᠢᠨᠠᠷ᠂ ᠨᠡᠶᠢᠲᠡᠯᠢᠭ ᠴᠢᠨᠠᠷ ᠢ ᠴᠢᠬᠤᠯᠠᠴᠢᠯᠠᠵᠤ᠂ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠭᠰᠡᠨ᠂ ᠥᠨᠢ ᠤᠳᠠᠭᠠᠨ ᠲᠡᠦᠬᠡ ᠶᠢ ᠬᠠᠮᠲᠤ ᠪᠠᠷ ᠪᠢᠴᠢᠭᠯᠡᠭᠰᠡᠨ᠂ ᠭᠡᠷᠡᠯ ᠰᠠᠴᠤᠷᠠᠩᠭᠤᠢ ᠰᠣᠶᠣᠯ ᠢ ᠬᠠᠮᠲᠤ ᠪᠠᠷ ᠡᠭᠦᠳᠦᠨ ᠪᠦᠲᠦᠭᠡᠭᠰᠡᠨ᠂ ᠠᠭᠤᠤ ᠶᠡᠭᠡ ᠵᠣᠷᠢᠭ ᠰᠠᠨᠠᠭ᠎ᠠ ᠶᠢ ᠬᠠᠮᠲᠤ ᠪᠠᠷ ᠪᠣᠶᠢᠵᠢᠭᠤᠯᠤᠭᠰᠠᠨ ᠢ ᠲᠡᠮᠳᠡᠭᠯᠡᠭᠰᠡᠨ ᠨᠢᠭᠡ ᠪᠦᠯᠦᠭ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠤᠨ ᠡᠮᠬᠢᠳᠬᠡᠵᠦ᠂ ᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠠᠭᠤᠳᠠᠯᠤᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠣᠢ ᠪᠣᠯᠭᠠᠨ᠎ᠠ᠃ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡᠨ ᠤ ᠬᠤᠭᠤᠴᠠᠭᠠᠨ ᠳᠤ 30 ᠵᠦᠢᠯ ᠢ ᠬᠡᠪᠯᠡᠭᠦᠯᠬᠦ ᠪᠠᠷ ᠵᠢᠱᠢᠵᠦ ᠪᠠᠶᠢᠨ᠎ᠠ᠃      ︽ᠨᠣᠮ ᠤᠨ ᠰᠠᠯᠪᠤᠷᠢ︾ ᠶᠢ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠡᠮᠬᠢᠳᠬᠡᠨ ᠰᠤᠳᠤᠯᠬᠤ ᠲᠠᠰᠤᠭ ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠡᠯ᠎ᠡ ᠭᠠᠵᠠᠷ ᠤᠨ ᠨᠡᠶᠢᠲᠡᠯᠢᠭ ᠲᠦᠷᠦᠯ ᠵᠦᠢᠯ ᠢ ᠰᠢᠯᠢᠨ ᠰᠣᠩᠭᠤᠵᠤ᠂ ᠨᠢᠭᠡᠳᠦᠯᠲᠡᠢ ᠬᠡᠪᠯᠡᠯ ᠤᠨ ᠬᠡᠯᠪᠡᠷᠢ ᠪᠠᠷ ᠵᠢᠷᠤᠵᠤ ᠲᠥᠯᠥᠪᠯᠡᠨ᠂ ᠡᠯ᠎ᠡ ᠭᠠᠵᠠᠷ ᠤᠨ ᠬᠢᠨ ᠪᠣᠳᠠᠲᠠᠢ ᠪᠠᠷ ᠬᠡᠷᠡᠭᠵᠢᠭᠦᠯᠵᠦ ᠬᠡᠪᠯᠡᠭᠦᠯᠪᠡ᠃2020 ᠣᠨ ᠤ ᠰᠡᠭᠦᠯᠴᠢ ᠪᠠᠷ ᠵᠢᠩᠬᠢᠨᠢ ᠪᠠᠷ ᠡᠬᠢᠯᠡᠭᠦᠯᠦᠭᠰᠡᠨ ᠤ ᠳᠠᠷᠠᠭ᠎ᠠ᠂ ᠤᠷᠢᠳᠠᠪᠠᠷ ᠳᠤᠮᠳᠠᠳᠤ ᠤᠯᠤᠰ ᠤᠨ ᠦᠨᠳᠦᠰᠦᠲᠡᠨ ᠤ ᠨᠣᠮ ᠤᠨ ᠰᠠᠩ ᠵᠢᠴᠢ ᠥᠪᠥᠷ ᠮᠣᠩᠭᠤᠯ᠂ ᠭᠤᠸᠠᠩᠰᠢ᠂ ᠶᠦᠨᠨᠠᠨ ᠵᠡᠷᠭᠡ ᠠᠵᠢᠯ ᠤᠨ ᠰᠠᠭᠤᠷᠢ ᠪᠠᠷ ᠨᠡᠯᠢᠶᠡᠳ ᠰᠠᠶᠢᠨ ᠭᠠᠵᠠᠷ ᠣᠷᠣᠨ  ᠠᠴᠠ ᠲᠦᠷᠦᠭᠦᠸ ᠪᠦᠯᠦᠭ ᠤᠨ 5 ᠲᠥᠷᠥᠯ ᠵᠦᠢᠯ  ᠢ ᠰᠣᠩᠭᠤᠨ ᠲᠤᠷᠰᠢᠯᠲᠠ ᠶᠢᠨ ᠴᠢᠭ᠋ ᠪᠣᠯᠭᠠᠪᠠ᠃ᠡᠯᠪᠡᠭ ᠪᠠᠶᠠᠯᠢᠭ ᠠᠭᠤᠯᠬᠤᠨ ᠲᠠᠢ᠂ ᠭᠦᠨ ᠭᠦᠨᠵᠡᠭᠡᠢ ᠠᠭᠤᠯᠬᠤᠨ ᠲᠠᠢ᠂ ᠤᠩᠰᠢᠵᠤ ᠣᠶᠢᠯᠠᠭᠠᠬᠤ ᠳᠤ ᠬᠢᠯᠪᠠᠷ ᠡᠷᠲᠡᠨ ᠤ ᠨᠣᠮ ᠪᠢᠴᠢᠭ ᠢ ᠡᠮᠬᠢᠳᠬᠡᠭᠰᠡᠨ ᠦᠷ᠎ᠡ ᠪᠦᠲᠦᠭᠡᠯ ᠨᠢ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠦᠨ᠎ᠡ ᠥᠷᠲᠡᠭ ᠢ ᠢᠯᠡᠷᠡᠭᠦᠯᠬᠦ ᠳᠤ ᠥᠪᠡᠷᠮᠢᠴᠡ ᠪᠥᠭᠡᠳ ᠴᠢᠬᠤᠯᠠ ᠠᠴᠢ ᠬᠤᠯᠪᠣᠭᠳᠠᠯ ᠲᠠᠢ ᠶᠤᠮ᠃      ᠡᠷᠲᠡᠨ ᠤ ᠬᠢ ᠶᠢ ᠮᠡᠳᠡᠵᠦ ᠡᠳᠦᠭᠡ ᠶᠢ ᠲᠣᠯᠢᠳᠠᠵᠤ᠂ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠦᠨ᠎ᠡ᠃︽ᠨᠣᠮ ᠤᠨ ᠰᠠᠯᠪᠤᠷᠢ︾ ᠨᠢ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠤᠨ ᠠᠵᠢᠯᠲᠠᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠴᠢᠬᠤᠯᠠ ᠭᠠᠷᠳᠠᠴᠠ ᠪᠣᠯᠤᠭᠰᠠᠨ ᠤ ᠬᠤᠪᠢ ᠳᠤ᠂ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠬᠦ᠂ ᠰᠢᠨ᠎ᠡ ᠴᠠᠭ ᠦᠶ᠎ᠡ ᠳᠤ ᠦᠢᠯᠡᠴᠢᠯᠡᠬᠦ ᠰᠣᠩᠭᠤᠳᠠᠭ ᠲᠥᠷᠥᠯ ᠲᠡᠮᠳᠡᠭ ᠤᠨ ᠲᠥᠷᠥᠯ ᠵᠦᠢᠯ ᠪᠣᠯᠤᠭᠰᠠᠨ ᠤ ᠬᠤᠪᠢ ᠳᠤ ᠠᠭᠤᠰᠤᠯᠴᠠᠬᠤ ᠴᠢᠨᠠᠷ᠂ ᠬᠠᠮᠲᠤ ᠶᠢᠨ ᠴᠢᠨᠠᠷ ᠢ ᠤᠯᠠᠮ ᠨᠢᠭᠡ ᠠᠯᠬᠤᠮ ᠳᠣᠪᠤᠶᠢᠯᠭᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠡᠮᠬᠢᠳᠬᠡᠨ ᠬᠡᠪᠯᠡᠭᠦᠯᠬᠦ᠂ ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠴᠢᠨᠠᠷ ᠰᠠᠶᠢᠲᠠᠢ ᠲᠤᠯᠭᠤᠷ ᠪᠢᠴᠢᠭ ᠤᠨ ᠰᠣᠳᠣᠨ ᠪᠦᠲᠦᠭᠡᠯ ᠢ ᠭᠠᠷᠭᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠂ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠴᠢᠬᠤᠯᠠ ᠡᠬᠢ ᠪᠠᠶᠠᠯᠢᠭ ᠪᠣᠯᠭᠠᠬᠤ ᠶᠢ ᠦᠨᠡᠨ ᠬᠦ ᠲᠦᠯᠬᠢᠨ ᠠᠬᠢᠭᠤᠯᠬᠤ ᠬᠡᠷᠡᠭᠲᠡᠢ᠃      ᠳ᠋ᠦᠩ ᠾᠧ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1