ᠳ᠋ᠦᠩ ᠾᠧ ᠲᠣᠭᠤᠷᠢᠭ᠄ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠶᠠᠭ ᠲᠤᠬᠠᠢ ᠶᠢᠨ ᠦᠶ᠎ᠡ ᠳᠤ ᠲᠠᠷᠢᠶᠠᠯᠠᠭ᠎ᠠ ᠶᠢᠨ ᠴᠠᠭ ᠢ ᠠᠮᠵᠢᠨ ᠠᠳᠬᠤᠵᠤ ᠬᠠᠪᠤᠷ ᠤᠨ ᠤᠯᠠᠷᠢᠯ ᠢ ᠬᠥᠰᠡᠷᠳᠡᠭᠦᠯᠬᠦ ᠦᠭᠡᠢ
ᠨᠡᠶᠢᠲᠡᠯᠡᠭᠰᠡᠨ ᠴᠠᠭ᠄
2023/3/17
      ᠬᠠᠪᠤᠷ ᠤᠨ ᠤᠯᠠᠷᠢᠯ ᠪᠣᠯ ᠵᠢᠯ ᠤᠨ ᠡᠬᠢᠨ ᠳᠤ᠂ ᠲᠠᠷᠢᠶᠠᠯᠠᠩ ᠤᠨ ᠦᠢᠯᠡᠰ ᠲᠦᠷᠦᠭᠦᠨ ᠳᠤ᠃ᠣᠳᠣᠬᠠᠨ ᠳᠤ ᠶᠠᠭ ᠰᠠᠶᠢᠬᠠᠨ ᠮᠠᠨ ᠤ ᠬᠤᠲᠠ ᠶᠢᠨ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠣᠨ᠎ᠠ᠂ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤᠨ ᠤ ᠲᠠᠷᠢᠶᠠᠨ ᠭᠠᠵᠠᠷ ᠲᠤ ᠬᠦᠷᠬᠦ ᠳᠤ᠂ ᠰᠤᠷᠪᠤᠯᠵᠢᠯᠠᠭᠴᠢ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠴᠠᠭ  ᠢ ᠠᠮᠵᠢᠨ ᠲᠠᠷᠢᠶᠠᠯᠠᠬᠤ ᠪᠠᠷ ᠪᠡᠯᠡᠳᠬᠡᠵᠦ ᠪᠠᠶᠢᠭ᠎ᠠ ᠶᠠᠭᠠᠷᠠᠯᠲᠠᠢ ᠪᠠᠶᠢᠳᠠᠯ  ᠢ ᠣᠯᠵᠤ ᠬᠠᠷᠠᠵᠠᠢ᠃      ᠲᠣᠰᠬᠤᠨ ᠤ ᠠᠷᠠᠳ ᠸᠠᠩ ᠵᠢᠶᠠᠨ ᠬᠤᠸᠠ ᠶᠢᠨ ᠬᠦᠯᠡᠮᠵᠢ ᠳᠤ᠂ ᠲᠡᠷᠡ ᠡᠬᠡᠨᠡᠷ ᠲᠠᠢ ᠪᠠᠨ ᠲᠥᠪᠡᠳ ᠬᠠᠰᠢ ᠶᠢᠨ ᠴᠢᠬᠢ ᠶᠢ ᠰᠠᠯᠠᠭᠠᠯᠠᠵᠤ ᠦᠵᠦᠭᠦᠷ ᠢ ᠨᠢ ᠴᠢᠮᠬᠢᠵᠦ ᠪᠠᠶᠢᠯ᠎ᠠ᠃ᠸᠠᠩ ᠵᠢᠶᠠᠨ ᠬᠤᠸᠠ ᠬᠡᠯᠡᠬᠦ ᠳᠡᠭᠡᠨ᠄ ︽ᠡᠨᠡ ᠪᠦᠯᠦᠭ ᠲᠥᠪᠡᠳ ᠬᠠᠰᠢ 5 ᠰᠠᠷ᠎ᠠ  ᠶᠢᠨ ᠳᠤᠮᠳᠠᠴᠢ ᠪᠠᠷ ᠵᠠᠬ᠎ᠠ ᠳᠡᠯᠭᠡᠭᠦᠷ ᠲᠤ ᠭᠠᠷᠴᠤ ᠪᠣᠯᠣᠨ᠎ᠠ᠂ ᠬᠤᠷᠢᠶᠠᠯᠲᠠ ᠣᠯᠣᠭᠰᠠᠨ ᠤ ᠳᠠᠷᠠᠭ᠎ᠠ ᠪᠢᠳᠡ ᠪᠠᠰᠠ ᠥᠷᠭᠡᠰᠦᠲᠦ ᠬᠡᠮᠬᠡ  ᠶᠢ ᠵᠠᠯᠭᠠᠵᠤ ᠳᠠᠷᠢᠨ᠎ᠠ᠂ ᠬᠠᠷᠢᠨ ᠭᠠᠵᠠᠷ ᠰᠢᠷᠣᠢ  ᠶᠢ ᠵᠦᠭᠡᠷ ᠪᠠᠶᠢᠯᠭᠠᠵᠤ ᠪᠣᠯᠬᠤ ᠦᠭᠡᠢ︾ ᠭᠡᠵᠡᠢ᠃      ︽ᠠᠶᠠᠯᠠᠯ ᠬᠠᠮᠠᠭᠠᠯᠠᠬᠤ︾ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠤᠨ ᠲᠤᠰᠬᠠᠢ ᠮᠡᠷᠭᠡᠵᠢᠯ ᠤᠨ ᠠᠵᠢᠯᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠤᠷᠢᠵᠤ ᠢᠳᠡᠰᠢᠨ ᠨᠣᠭᠤᠭᠠᠨ ᠤ ᠰᠠᠭᠤᠷᠢᠨ ᠭᠠᠵᠠᠷ᠂ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ᠲᠠᠷᠢᠶᠠᠴᠢᠨ ᠡᠷᠦᠬᠡ ᠳᠤ ᠲᠠᠷᠢᠮᠠᠯ ᠤᠨ ᠵᠦᠢᠯ ᠢ ᠰᠢᠨᠵᠢᠯᠡᠬᠦ ᠤᠬᠠᠭᠠᠨᠴᠢ ᠪᠠᠷ ᠳᠠᠷᠢᠬᠤ᠂ ᠪᠣᠷᠳᠣᠭᠤᠷ ᠣᠷᠣᠭᠤᠯᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠤᠨ ᠪᠣᠯᠪᠠᠰᠤᠷᠠᠭᠤᠯᠤᠯ ᠬᠢᠵᠦ᠂ ᠣᠳᠣᠬᠠᠨ ᠳᠤ ᠳ᠋ᠦᠩ ᠾᠧ ᠲᠣᠭᠤᠷᠢᠭ ᠤᠨ ᠬᠢᠨ ᠨᠢᠭᠡᠨᠲᠡ 5000 ᠭᠠᠷᠤᠢ ᠮᠦ ᠬᠠᠪᠤᠷ ᠤᠨ ᠤᠯᠠᠷᠢᠯ ᠤᠨ ᠢᠳᠡᠰᠢᠨ ᠨᠣᠭᠤᠭ᠎ᠠ ᠶᠢ ᠳᠠᠷᠢᠬᠤ ᠶᠢ ᠪᠡᠶᠡᠯᠡᠭᠦᠯᠵᠡᠢ᠃
     ᠣᠶᠢᠷ᠎ᠠ ᠶᠢᠨ ᠬᠡᠳᠦᠨ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠠᠩ ᠳ᠋ᠦᠩ ᠮᠧᠢ ᠰᠢᠷᠴᠢᠨ ᠪᠠᠯᠭᠠᠰᠤ ᠶᠢᠨ ᠱᠠ ᠢ ᠲᠣᠰᠬᠤᠨ ᠤ ᠠᠷᠠᠳ ᠯᠢᠦ ᠸᠧᠢ ᠶᠢᠨ ᠬᠦᠯᠡᠮᠵᠢ ᠶᠢᠨ ᠪᠠᠶᠢᠩᠭᠤ ᠶᠢᠨ ᠵᠣᠴᠢᠨ ᠪᠣᠯᠪᠠ᠃ ︽ᠪᠢᠳᠡ ᠡᠳᠦᠷ ᠪᠦᠷᠢ ᠮᠥᠷᠳᠡᠨ ᠵᠢᠯᠤᠭᠤᠳᠴᠤ ᠪᠠᠶᠢᠭ᠎ᠠ ᠨᠢ ᠭᠤᠣᠯᠳᠠᠭᠤ ᠬᠦᠯᠡᠮᠵᠢ  ᠶᠢᠨ ᠳᠤᠯᠠᠭᠠᠨ ᠳᠡᠭᠡᠭᠰᠢᠯᠡᠬᠦ ᠪᠠ ᠬᠦᠢᠲᠡᠨ  ᠢ ᠰᠡᠷᠭᠡᠶᠢᠯᠡᠬᠦ ᠳᠤ ᠵᠣᠷᠢᠭᠤᠯᠤᠨ ᠮᠡᠷᠭᠡᠵᠢᠯ ᠤᠨ ᠳᠡᠮᠵᠢᠯᠭᠡ ᠦᠵᠡᠭᠦᠯᠵᠦ ᠪᠠᠶᠢᠨ᠎ᠠ᠂ ᠡᠭᠦᠨ ᠳᠤ ᠳᠠᠷᠢᠬᠤ ᠶᠠᠪᠤᠴᠠ ᠳᠠᠬᠢ ᠡᠪᠡᠳᠴᠢᠨ ᠬᠤᠷᠣᠬᠠᠢ  ᠶᠢᠨ ᠬᠥᠨᠥᠭᠡᠯ  ᠢ ᠰᠡᠷᠭᠡᠶᠢᠯᠡᠨ ᠵᠠᠰᠠᠬᠤ᠂ ᠳᠠᠷᠢᠵᠤ ᠪᠣᠶᠢᠵᠢᠭᠤᠯᠬᠤ ᠮᠡᠷᠭᠡᠵᠢᠯ ᠴᠦ ᠭᠤᠣᠯᠳᠠᠯᠭ᠎ᠠ ᠪᠣᠯᠵᠤ ᠪᠠᠶᠢᠨ᠎ᠠ᠂ ᠮᠠᠨ ᠤ ᠮᠡᠷᠭᠡᠵᠢᠯ ᠤᠨ ᠪᠠᠲᠤᠯᠠᠭ᠎ᠠ  ᠶᠢᠨ ᠦᠢᠯᠡᠴᠢᠯᠡᠭᠡ  ᠶᠢᠨ ᠳᠣᠣᠷ᠎ᠠ ᠬᠦᠯᠡᠮᠵᠢ  ᠶᠢᠨ ᠣᠷᠣᠯᠭ᠎ᠠ ᠨᠢ ᠬᠠᠮᠤᠭ ᠪᠠᠭ᠎ᠠ ᠳᠠᠭᠠᠨ 5 ᠲᠦᠮᠡᠨ ᠲᠥᠭᠦᠷᠢᠭ ᠲᠤ ᠬᠦᠷᠴᠦ ᠪᠠᠶᠢᠨ᠎ᠠ︾᠃ ᠭᠡᠵᠦ ᠵᠠᠩ ᠳ᠋ᠦᠩ ᠮᠧᠢ ᠬᠡᠯᠡᠪᠡ᠃      ᠭᠠᠷ ᠲᠠᠭᠠᠨ ᠬᠦᠨᠡᠰᠦ ᠲᠠᠢ ᠪᠣᠯ ᠰᠠᠨᠳᠤᠷᠬᠤ ᠦᠭᠡᠢ᠃ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ︽ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠪᠤᠷᠴᠠᠭ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠡᠷᠳᠡᠨᠢ ᠰᠢᠰᠢ ᠶᠢᠨ ᠤᠨᠠᠯᠲᠠ ᠶᠢ ᠪᠠᠭᠤᠷᠠᠭᠤᠯᠬᠤ ᠦᠭᠡᠢ᠂ ᠰᠢᠷ᠎ᠠ ᠪᠤᠷᠴᠠᠭ ᠢ ᠴᠡᠪᠡᠷ ᠨᠡᠮᠡᠭᠳᠡᠭᠦᠯᠬᠦ︾ ᠪᠠᠷ ᠬᠠᠷᠠᠯᠲᠠ ᠪᠣᠯᠭᠠᠵᠤ᠂ ᠡᠷᠳᠡᠨᠢ ᠰᠢᠰᠢ ᠶᠢᠨ ᠰᠢᠷ᠎ᠠ ᠪᠤᠷᠴᠠᠭ ᠢ ᠪᠦᠰᠡᠯᠢᠭ ᠨᠡᠶᠢᠯᠡᠮᠡᠯ ᠳᠠᠷᠢᠬᠤ 1.5 ᠲᠦᠮᠡᠨ ᠮᠦ ᠶᠢ ᠭᠤᠣᠯᠳᠠᠯᠭ᠎ᠠ ᠲᠠᠢ ᠳᠡᠯᠭᠡᠷᠡᠭᠦᠯᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠰᠠᠭᠤᠷᠢ ᠶᠢ ᠪᠠᠲᠤᠳᠬᠠᠪᠠ᠃ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠪᠠ ᠴᠡᠭᠴᠡᠯᠡᠯᠲᠡ ᠶᠢᠨ ᠤᠬᠠᠭᠤᠯᠭ᠎ᠠ ᠶᠢ ᠢᠳᠡᠪᠬᠢᠲᠡᠢ ᠠᠬᠢᠭᠤᠯᠤᠭᠰᠠᠨ ᠪᠥᠭᠡᠳ ᠮᠡᠷᠭᠡᠵᠢᠯ ᠤᠨ ᠶᠠᠷᠢᠯᠴᠠᠭ᠎ᠠ ᠰᠣᠯᠢᠯᠴᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠮᠡᠷᠭᠡᠵᠢᠯ ᠤᠨ ᠱᠤᠭᠤᠮ ᠢ ᠲᠥᠯᠥᠪᠯᠡᠵᠦ᠂ 2023 ᠣᠨ ᠤ ᠲᠣᠮᠣ ᠲᠠᠷᠢᠶᠠᠨ ᠤ ᠲᠠᠷᠢᠮᠠᠯ ᠤᠨ ᠵᠠᠭᠪᠤᠷ ᠢ ᠲᠣᠭᠲᠠᠭᠠᠪᠠ︔ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠡᠨᠡ ᠵᠢᠯ ᠡᠭᠡᠭᠦᠯᠦᠨ ᠬᠤᠷᠢᠶᠠᠵᠤ ᠪᠣᠯᠬᠤ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠶᠢᠨ ᠲᠠᠯᠠᠪᠠᠢ ᠶᠢ 4 ᠲᠦᠮᠡᠨ ᠮᠦ᠂ ᠪᠦᠬᠦ ᠠᠮᠢᠳᠤ ᠪᠣᠳᠠᠰ ᠤᠨ ᠵᠠᠳᠠᠷᠠᠨ ᠵᠠᠳᠠᠷᠠᠬᠤ ᠰᠦᠯᠢᠶᠥᠦ ᠪᠦᠷᠬᠦᠪᠴᠢ ᠶᠢᠨ ᠲᠠᠯᠠᠪᠠᠢ ᠶᠢ 2 ᠲᠦᠮᠡᠨ ᠮᠦ ᠪᠠᠷ ᠵᠤᠵᠠᠭᠠᠳᠬᠠᠬᠤ ᠶᠢ ᠳᠡᠯᠭᠡᠷᠡᠭᠦᠯᠵᠦ᠂ ᠰᠦᠯᠢᠶᠥᠦ ᠪᠦᠷᠬᠦᠪᠴᠢ ᠶᠢᠨ ᠬᠡᠷᠡᠭᠯᠡᠯᠲᠡ ᠶᠢᠨ ᠪᠤᠴᠠᠭᠠᠨ ᠬᠤᠷᠢᠶᠠᠬᠤ ᠨᠤᠷᠮ᠎ᠠ ᠶᠢ 85% ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠬᠤ ᠪᠠᠷ ᠲᠥᠯᠥᠪᠯᠡᠵᠦ ᠪᠠᠶᠢᠨ᠎ᠠ᠃
     ︽ᠪᠢᠳᠡ ᠭᠡᠷ ᠠᠴᠠ ᠪᠠᠨ ᠬᠠᠮᠤᠭ ᠤᠨ ᠣᠶᠢᠷ᠎ᠠ ᠪᠠᠶᠢᠭ᠎ᠠ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠣᠷᠤᠯᠠᠭᠤᠯᠭ᠎ᠠ  ᠶᠢᠨ ᠲᠣᠣᠷ ᠴᠡᠭ ᠠᠴᠠ ᠲᠠᠷᠢᠶᠠᠯᠠᠬᠤ ᠳᠤ ᠪᠡᠯᠡᠳᠬᠡᠭᠰᠡᠨ ᠡᠳ᠋ ᠪᠣᠳᠠᠰ ᠪᠠ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ ᠳᠤ᠂ ᠦᠨ᠎ᠡ ᠬᠠᠩᠰᠢ ᠨᠢ ᠵᠠᠬ᠎ᠠ ᠳᠡᠯᠭᠡᠭᠦᠷ ᠠᠴᠠ ᠬᠢᠮᠳᠠ᠂ ᠶᠠᠰᠤ ᠴᠢᠨᠠᠷ ᠨᠢ ᠪᠠᠰᠠ ᠪᠠᠲᠤᠯᠠᠭ᠎ᠠ ᠲᠠᠢ ᠪᠣᠯᠬᠤᠷ ᠦᠨᠡᠬᠡᠷ ᠳᠥᠭᠦᠮ ᠪᠣᠯᠵᠠᠢ︾᠃ ᠭᠡᠵᠦ ᠰᠢᠷᠴᠢᠨ ᠪᠠᠯᠭᠠᠰᠤ ᠶᠢᠨ ᠳ᠋ᠧᠩ ᠵᠢᠶᠠ ᠶᠢᠩᠽᠢ ᠲᠣᠰᠬᠤᠨ ᠤ ᠲᠠᠷᠢᠶᠠᠴᠢᠨ ᠡᠷᠦᠭᠡ ᠵᠠᠩ ᠰᠢᠸ ᠯᠠᠨ ᠪᠠᠶᠠᠷᠲᠠᠢ ᠪᠠᠷ ᠬᠡᠯᠡᠪᠡ᠃      ᠲᠠᠷᠢᠶᠠᠯᠠᠬᠤ ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢ ᠪᠠᠲᠤᠯᠠᠵᠤ ᠲᠠᠷᠢᠶᠠᠯᠠᠭ᠎ᠠ ᠳᠤ ᠪᠡᠯᠡᠳᠬᠡᠨ᠎ᠡ᠃ᠳ᠋ᠦᠩ ᠾᠧ ᠲᠣᠭᠤᠷᠢᠭ ᠤᠨ ᠬᠢᠨ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠠᠶᠢᠲᠤᠷ ᠬᠢᠵᠦ᠂ ᠪᠠᠯᠭᠠᠰᠤ᠂ ᠲᠣᠰᠬᠤᠨ ᠤ ᠺᠠᠳ᠋ᠷ ᠬᠢᠮᠢ ᠶᠢᠨ ᠪᠣᠷᠳᠣᠭᠤᠷ᠂ ᠴᠠᠶᠢᠶ᠋ᠢᠦ ᠲᠣᠰᠣ᠂ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠦᠷ᠎ᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠸᠠᠷ ᠢ ᠲᠣᠬᠢᠷᠠᠭᠤᠯᠤᠨ ᠵᠥᠭᠡᠭᠡᠪᠦᠷᠢᠯᠡᠬᠦ ᠪᠠᠨ ᠴᠢᠩᠭᠠᠳᠬᠠᠵᠤ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠨᠢ ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ ᠤᠨ ᠪᠤᠭᠤᠲᠤ ᠶᠢᠨ ᠬᠤᠪᠢᠶᠠᠷᠢ ᠺᠣᠮᠫᠠᠨᠢ ᠲᠠᠢ ᠬᠠᠮᠲᠤᠷᠠᠨ ᠲᠠᠷᠢᠶᠠᠯᠠᠩ ᠢ ᠳᠡᠮᠵᠢᠬᠦ ᠬᠠᠷᠠᠭᠠᠯᠵᠠᠯ ᠤᠨ ᠲᠡᠳᠬᠦᠮᠵᠢ ᠶᠢᠨ ᠠᠵᠢᠯᠯᠠᠭ᠎ᠠ ᠥᠷᠨᠢᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠬᠤᠷᠰᠢᠶ᠎ᠠ ᠪᠠ ᠲᠠᠷᠢᠮᠠᠯ ᠤᠨ ᠡᠷᠦᠭᠡ ᠳᠤ ᠰᠦᠢᠳᠬᠡᠯ ᠬᠤᠷᠢᠶᠠᠬᠤ ᠦᠭᠡᠢ ᠪᠠᠷ ︽ᠲᠣᠰᠣ ᠬᠦᠷᠭᠡᠵᠦ ᠲᠠᠷᠢᠶᠠᠨ ᠳᠤ ᠣᠷᠣᠭᠤᠯᠬᠤ︾ ᠠᠵᠢᠯᠯᠠᠭ᠎ᠠ ᠬᠠᠩᠭᠠᠵᠤ᠂ ︽ᠬᠠᠮᠲᠤ ᠪᠠᠷ ᠬᠤᠳᠠᠯᠳᠤᠨ ᠠᠪᠬᠤ︾ ᠵᠠᠭᠪᠤᠷ ᠢ ᠬᠡᠷᠡᠭᠯᠡᠬᠦ ᠪᠠᠷ ᠳᠠᠮᠵᠢᠭᠤᠯᠤᠨ᠂ ᠴᠠᠶᠢᠶ᠋ᠢᠦ ᠲᠣᠰᠣ᠂ ᠭᠤᠯᠭᠤᠭᠤᠷ ᠲᠣᠰᠣ᠂ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠬᠢᠮᠢ ᠶᠢᠨ ᠪᠣᠷᠳᠣᠭᠤᠷ ᠵᠡᠷᠭᠡ ᠦᠢᠯᠡᠳᠪᠦᠷᠢᠯᠡᠯ ᠤᠨ ᠴᠢᠬᠤᠯᠠ ᠪᠦᠬᠦᠢ ᠪᠣᠳᠠᠰ ᠢ ᠬᠠᠩᠭᠠᠬᠤ ᠬᠡᠯᠡᠯᠴᠡᠭᠡᠷ ᠲᠣᠭᠲᠠᠭᠠᠵᠤ᠂ ᠠᠷᠠᠳ ᠤᠯᠠᠨ ᠳᠤ ᠴᠢᠨᠠᠷ ᠰᠠᠶᠢᠲᠠᠢ ᠦᠨ᠎ᠡ ᠬᠢᠮᠳᠠ ᠲᠠᠷᠢᠶᠠᠯᠠᠬᠤ ᠳᠤ ᠪᠡᠯᠡᠳᠬᠡᠬᠦ ᠡᠳ᠋ ᠪᠣᠳᠠᠰ ᠢ ᠦᠨᠡᠨ ᠬᠦ ᠬᠠᠩᠭᠠᠬᠤ ᠬᠡᠷᠡᠭᠲᠡᠢ᠃      ᠪᠦᠷᠢᠳᠬᠡᠯ ᠢ ᠦᠨᠳᠦᠰᠦᠯᠡᠪᠡᠯ᠂ ᠣᠲᠣ ᠪᠣᠯᠲᠠᠯ᠎ᠠ᠂ ᠳ᠋ᠦᠩ ᠾᠧ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠵᠤ ᠪᠣᠯᠬᠤ ᠲᠷᠠᠺᠲ᠋ᠣᠷ ᠵᠢᠴᠢ ᠲᠠᠷᠢᠶᠠᠯᠠᠩ ᠤᠨ ᠮᠠᠰᠢᠨ ᠪᠠᠭᠠᠵᠢ 500 ᠭᠠᠷᠤᠢ ᠢᠵᠢ ᠪᠣᠶ︔ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠦᠷ᠎ᠡ ᠨᠡᠶᠢᠲᠡ 370 ᠭᠠᠷᠤᠢ ᠲᠣᠨ ᠬᠦᠷᠴᠡᠢ︔ᠰᠦᠯᠢᠶᠥᠦ ᠪᠦᠷᠬᠦᠪᠴᠢ᠂ ᠲᠠᠷᠢᠶᠠᠨ ᠡᠮ ᠢ ᠪᠣᠳᠠᠲᠠᠶᠢᠵᠢᠭᠤᠯᠬᠤ ᠨᠣᠷᠮ᠎ᠠ ᠲᠣᠭᠲᠠᠭᠤᠨ ᠪᠠᠶᠢᠵᠤ᠂ ᠰᠦᠯᠢᠶᠥᠦ ᠪᠦᠷᠬᠦᠪᠴᠢ ᠶᠢ 400 ᠲᠣᠨ ᠪᠣᠳᠠᠲᠠᠶᠢᠵᠢᠭᠤᠯᠵᠤ ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡᠨ ᠤ 90%  ᠠᠴᠠ ᠳᠡᠭᠡᠭᠰᠢᠬᠢ ᠶᠢ ᠡᠵᠡᠯᠡᠪᠡ᠃
     ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ᠪᠠᠲᠤᠯᠠᠭ᠎ᠠ ᠲᠠᠢ ᠪᠠᠶᠢᠯᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠷ ᠬᠠᠮᠠᠭᠠᠯᠠᠨ᠎ᠠ᠃︽ᠲᠠ ᠰᠠᠢᠨ ᠤᠤ᠂ ᠬᠤᠳᠠᠯᠳᠤᠨ ᠠᠪᠬᠤ ᠪᠠ ᠪᠣᠷᠣᠯᠠᠭᠤᠯᠬᠤ ᠨᠠᠷᠢᠨ ᠳᠠᠩᠰᠠ ᠪᠠᠨ ᠭᠠᠷᠭᠠᠵᠤ ᠦᠵᠡᠭᠦᠯᠦᠭᠡᠷᠡᠢ︾ ᠭᠡᠪᠡ᠃ ︽ᠲᠠ ᠬᠠᠤᠯᠢ  ᠶᠢ ᠰᠠᠬᠢᠵᠤ ᠡᠵᠡᠩᠨᠡᠬᠦ ᠪᠣᠯᠪᠠᠤ᠂ ᠦᠨ᠎ᠡ ᠬᠠᠩᠰᠢ  ᠶᠢ ᠥᠰᠬᠡᠵᠦ᠂ ᠬᠢᠷᠢ ᠲᠡᠩᠴᠡᠭᠦ ᠦᠭᠡᠢ ᠦᠢᠯᠡᠳᠬᠦᠨ  ᠢ ᠬᠤᠳᠠᠯᠳᠤᠨ ᠠᠪᠴᠤ ᠬᠤᠳᠠᠯᠳᠤᠬᠤ ᠵᠡᠷᠭᠡ ᠬᠠᠤᠯᠢ  ᠠᠴᠠ ᠵᠥᠷᠢᠴᠡᠭᠰᠡᠨ ᠠᠵᠢᠯᠯᠠᠭ᠎ᠠ  ᠶᠢ ᠪᠢᠳᠡ ᠶᠠᠭᠠᠬᠢᠭᠰᠠᠨ ᠴᠤ ᠬᠦᠯᠢᠶᠡᠬᠦ ᠦᠭᠡᠢ︾᠃ ᠣᠶᠢᠷ᠎ᠠ ᠶᠢᠨ ᠡᠳᠦᠷ ᠤᠳ ᠲᠤ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠢᠶᠥᠦ ᠪᠦᠷᠬᠦᠪᠴᠢ ᠶᠢᠨ ᠲᠤᠰᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠰᠦᠯᠢᠶᠥᠦ ᠪᠦᠷᠬᠦᠪᠴᠢ ᠦᠢᠯᠡᠳᠪᠦᠷᠢᠯᠡᠬᠦ᠂ ᠪᠣᠷᠣᠯᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠲᠤᠬᠠᠢ ᠶᠢᠨ ᠲᠠᠯᠠᠪᠤᠷ ᠲᠤ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾᠂︽ᠪᠥᠭᠡᠭᠡᠨᠡᠷᠡᠯ ᠡᠲ᠋ᠧᠨ ᠤ ᠦᠯᠢᠶᠡᠨ ᠱᠤᠭᠤᠬᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠳᠠᠷᠭᠤ ᠶᠢᠨ ᠪᠦᠷᠬᠦᠴᠡ ᠶᠢᠨ ᠨᠢᠮᠭᠡᠨ ᠪᠦᠷᠬᠦᠭᠦᠯ︾ᠵᠡᠷᠭᠡ ᠪᠦᠲᠦᠭᠡᠭᠳᠡᠬᠦᠨ ᠤ ᠬᠡᠷᠡᠭᠵᠢᠭᠦᠯᠬᠦ ᠪᠠᠷᠢᠮᠵᠢᠶ᠎ᠠ ᠶᠢ ᠤᠬᠠᠭᠤᠯᠤᠨ ᠲᠠᠶᠢᠯᠪᠤᠷᠢᠯᠠᠵᠤ᠂ ᠡᠵᠡᠩᠨᠡᠯᠲᠡ ᠶᠢᠨ ᠭᠤᠣᠯ ᠴᠣᠭᠴᠠ ᠶᠢ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠪᠠᠶᠢᠭᠤᠯᠵᠤ᠂ ᠪᠠᠷᠠᠭ᠎ᠠ ᠣᠷᠣᠭᠤᠯᠬᠤ ᠶᠢ ᠰᠢᠯᠭᠠᠨ ᠪᠠᠲᠤᠯᠠᠭᠰᠠᠨ ᠲᠡᠮᠳᠡᠭᠯᠡᠯ ᠵᠢᠴᠢ ᠪᠣᠷᠣᠯᠠᠭᠤᠯᠤᠭᠰᠠᠨ ᠲᠡᠮᠳᠡᠭᠯᠡᠯ ᠢ ᠪᠦᠷᠢᠨᠰᠢᠭᠦᠯᠵᠦ᠂ ᠬᠠᠤᠯᠢ ᠲᠣᠭᠲᠠᠭᠠᠯ ᠢ ᠵᠥᠷᠢᠴᠡᠨ ᠲᠠᠷᠢᠶᠠᠯᠠᠩ ᠤᠨ ᠨᠢᠮᠭᠡᠨ ᠪᠦᠷᠬᠦᠭᠦᠯ ᠤᠨ ᠪᠦᠲᠦᠭᠡᠭᠳᠡᠬᠦᠨ ᠢ ᠦᠢᠯᠡᠳᠪᠦᠷᠢᠯᠡᠬᠦ᠂ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠷᠭᠡᠨ ᠤᠯᠠᠨ ᠲᠠᠷᠢᠶᠠᠴᠢᠨ ᠲᠦᠮᠡᠨ ᠤ ᠰᠠᠨᠠᠭ᠎ᠠ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
    ᠳ᠋ᠦᠩ ᠾᠧ ᠲᠣᠭᠤᠷᠢᠭ ᠪᠠᠰᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠪᠦᠬᠦ ᠬᠦᠴᠦᠨ ᠢᠶᠠᠷ ᠢᠶᠠᠨ ᠵᠢᠷᠤᠮᠵᠢᠭᠤᠯᠵᠤ᠂ ᠮᠠᠯᠴᠢᠨ ᠲᠠᠷᠢᠶᠠᠴᠢᠨ ᠤ  ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠃ ᠤᠳᠦ ᠪᠣᠯᠲᠠᠯ᠎ᠠ᠂ 6 ᠤᠳᠠᠭ᠎ᠠ ᠲᠣᠭᠤᠷᠢᠨ ᠪᠠᠶᠢᠴᠠᠭᠠᠵᠤ᠂ 45 ᠳᠡᠯᠭᠡᠭᠦᠷ ᠤᠨ ᠠᠵᠤ ᠠᠬᠤᠶᠢᠯᠠᠯ ᠢ ᠪᠠᠶᠢᠴᠠᠭᠠᠵᠤ᠂ 108 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠤᠭᠤᠴᠢᠨ ᠪᠠᠶᠢᠴᠠᠭᠠᠵᠤ᠂ 1000 ᠭᠠᠷᠤᠢ ᠬᠤᠪᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃      【ᠳᠠᠷᠠᠭᠠᠴᠢ ᠶᠢᠨ ᠠᠯᠬᠤᠮ ᠳᠤ ᠪᠢᠳᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠳᠠᠲᠠᠶᠢᠵᠢᠭᠤᠯᠤᠭᠰᠠᠨ ᠪᠠᠶᠢᠳᠠᠯ ᠵᠢᠴᠢ ᠲᠠᠷᠢᠶᠠᠯᠠᠭ᠎ᠠ ᠶᠢᠨ ᠪᠡᠯᠡᠳᠬᠡᠯ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠲᠣᠬᠢᠷᠠᠭᠤᠯᠤᠨ ᠰᠢᠢᠳᠪᠦᠷᠢᠯᠡᠬᠦ ᠶᠢᠨ ᠵᠡᠷᠭᠡ ᠳᠤ ᠲᠥᠷᠥ ᠶᠢᠨ ᠪᠣᠳᠣᠯᠭ᠎ᠠ ᠪᠠ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃】 ᠭᠡᠵᠦ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1