ᠳ᠋ᠦᠩ ᡁᠢ ᠶᠦᠩ ᠳ᠋ᠦᠩ ᠾᠧ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ  ᠵᠢᠯᠣᠭᠤᠳᠪᠠ
ᠨᠡᠶᠢᠲᠡᠯᠡᠭᠰᠡᠨ ᠴᠠᠭ᠄
2023/3/17
      2 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠳ᠋ᠦᠩ ᡁᠢ ᠶᠦᠩ ᠠᠷᠠᠳ ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠢᠨᠠᠨ ᠵᠢᠯᠤᠭᠤᠳᠬᠤ ᠳᠤᠭᠤᠶᠢᠯᠠᠩ ᠪᠠᠶᠢᠭᠤᠯᠵᠤ ᠳ᠋ᠦᠩ ᠾᠧ ᠲᠣᠭᠤᠷᠢᠭ ᠤᠨ ᠹᠦ᠋ ᠠᠨ ᠤ ᠨᠠᠰᠤᠲᠠᠨ ᠢ ᠠᠰᠠᠷᠠᠬᠤ ᠬᠦᠷᠢᠶᠡᠯᠡᠩ᠂ ᠰᠢᠨ᠎ᠡ ᠭᠠᠩᠭᠠᠩ ᠬᠤᠰᠢᠭᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠭ᠎ᠠ ᠨᠢ᠃
2 ᠰᠠᠷ᠎ᠠ ᠶᠢᠨ 24  ᠤ ᠡᠳᠦᠷ᠂ ᠳ᠋ᠦᠩ ᡁᠢ ᠶᠦᠩ ᠳ᠋ᠦᠩ ᠾᠧ ᠲᠣᠭᠤᠷᠢᠭ ᠤᠨ ᠰᠢᠨ ᠱᠤᠸᠠᠢ ᠴᠢ ᠶᠢᠨ ᠨᠠᠰᠤᠲᠠᠨ ᠢ ᠠᠰᠠᠷᠠᠬᠤ ᠬᠦᠷᠢᠶᠡᠯᠡᠩ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠱᠠᠯᠠᠪᠳᠠᠭᠤᠯᠤᠨ ᠵᠢᠯᠤᠭᠤᠳᠴᠤ ᠪᠠᠶᠢᠭ᠎ᠠ ᠨᠢ᠃      ᠰᠢᠪᠠᠳᠠᠨ ᠵᠢᠯᠤᠭᠤᠳᠬᠤ ᠳᠤᠭᠤᠶᠢᠯᠠᠩ ᠤᠨ ᠬᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠷᠢᠭᠤᠨ ᠴᠡᠪᠡᠷ᠂ ᠴᠠᠬᠢᠯᠭᠠᠨ ᠪᠠ ᠭᠠᠯ ᠬᠡᠷᠡᠭᠯᠡᠬᠦ ᠵᠡᠷᠭᠡ ᠲᠠᠯ᠎ᠠ ᠳᠤ ᠭᠤᠣᠯᠳᠠᠯᠭ᠎ᠠ ᠲᠠᠢ ᠪᠠᠷ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠠᠰᠠᠭᠤᠳᠠᠯ ᠣᠷᠣᠰᠢᠵᠤ ᠪᠠᠶᠢᠭ᠎ᠠ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃      ᠳ᠋ᠦᠩ ᡁᠢ ᠶᠦᠩ᠂ ᠡᠯ᠎ᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠣᠯᠣᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠵᠢᠭᠦᠷᠯᠡᠵᠦ ᠵᠢᠵᠢᠭᠦᠷᠯᠡᠨ ᠰᠠᠬᠢᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠨᠠᠰᠤᠲᠠᠶᠢᠴᠤᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠡᠯᠡᠳᠬᠡᠮᠵᠢ ᠶᠢ ᠪᠦᠷᠢᠨ ᠲᠣᠬᠢᠷᠠᠭᠤᠯᠤᠨ᠂ ᠠᠮᠤᠷ ᠲᠦᠪᠰᠢᠨ ᠤ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠴᠠᠬᠢᠯᠭᠠᠨ ᠪᠠ ᠭᠠᠯ ᠤᠨ ᠬᠡᠢ ᠬᠡᠷᠡᠭᠯᠡᠬᠦ ᠶᠢ ᠵᠢᠷᠤᠮᠵᠢᠭᠤᠯᠤᠨ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠨ ᠴᠡᠪᠡᠷᠯᠡᠬᠦ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠬᠡᠮ ᠰᠣᠭᠤᠭ ᠢ ᠪᠥᠬᠦ ᠲᠠᠯ᠎ᠠ ᠪᠠᠷ ᠠᠷᠢᠯᠭᠠᠬᠤ ᠬᠡᠷᠡᠭᠲᠡᠢ᠃ᠨᠠᠰᠤᠲᠠᠶᠢᠴᠤᠳ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠢᠯᠠᠩᠭᠤᠶ᠎ᠠ ᠬᠠᠪᠤᠷ ᠤᠨ ᠤᠯᠠᠷᠢᠯ ᠳᠤ ᠬᠠᠯᠳᠠᠪᠤᠷᠢᠲᠤ ᠲᠠᠭᠰᠢᠭᠤᠷ ᠣᠯᠠᠨ ᠡᠭᠦᠰᠴᠦ᠂ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠪᠠᠯ ᠴᠠᠭ ᠲᠤᠬᠠᠢ ᠳᠤᠨᠢ ᠡᠮᠨᠡᠯᠭᠡ ᠳᠤ ᠬᠦᠷᠭᠡᠵᠦ ᠡᠮᠨᠡᠭᠦᠯᠬᠦ ᠬᠡᠷᠡᠭᠲᠡᠢ᠃ᠠᠷᠠᠳ ᠤᠨ ᠶᠠᠪᠤᠳᠠᠯ᠂ ᠵᠠᠬ᠎ᠠ ᠳᠡᠯᠭᠡᠭᠦᠷ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠵᠢᠯᠣᠭᠤᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠨᠠᠰᠤᠲᠠᠶᠢᠴᠤᠳ ᠲᠤ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠣᠷᠣᠵᠤ ᠰᠠᠭᠤᠬᠤ ᠳᠤ ᠠᠮᠤᠷ ᠲᠦᠪᠰᠢᠨ ᠲᠠᠭᠠᠯᠠᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃      ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠶᠦᠩ ᠰᠢᠶᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠯᠢ ᠰᠢᠶᠠ ᠵᠢᠴᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠪᠠᠶᠢᠴᠠᠭᠠᠨ ᠵᠢᠯᠣᠭᠤᠳᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1