ᠳ᠋ᠦᠩ ᠾᠧ ᠲᠣᠭᠤᠷᠢᠭ᠄ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠲᠠᠢ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠳᠤᠯᠠᠭᠠᠨ ᠤ ᠬᠡᠮᠵᠢᠶ᠎ᠡ ᠲᠠᠢ
ᠨᠡᠶᠢᠲᠡᠯᠡᠭᠰᠡᠨ ᠴᠠᠭ᠄
2023/3/17
      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ ︽ᠬᠦᠴᠦᠷᠬᠡᠭ ᠬᠥᠳᠡᠯᠭᠡᠭᠦᠷ︾ ᠮᠥᠨ᠂ ᠠᠵᠤ ᠠᠬᠤᠢ ᠶᠢᠨ ᠠᠵᠢᠯ ᠳᠤ ᠲᠤᠤᠱᠯᠠᠭᠳᠠᠬᠤ ︽ᠠᠮᠢᠨ ᠰᠤᠳᠠᠰᠤ︾ ᠮᠥᠨ᠂ ᠬᠤᠲᠠ ᠶᠢᠨ ᠬᠥᠭᠵᠢᠯᠲᠡ ᠶᠢᠨ ︽ᠠᠮᠢᠵᠢᠷᠠᠯ ᠤᠨ ᠬᠦᠴᠦᠨ ᠤ ᠡᠬᠢ ᠰᠤᠷᠪᠤᠯᠵᠢ︾ ᠮᠥᠨ᠃ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ︽ᠨᠢᠭᠡᠳᠦᠭᠡᠷ ᠨᠣᠮᠧᠷᠲᠤ ᠢᠨᠵᠧᠨᠧᠷᠢᠩ︾ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠠᠯᠵᠢᠶᠠᠴᠢᠨ ᠤᠷᠢᠬᠤ᠂ ᠣᠷᠴᠢᠨ ᠲᠣᠭᠤᠷᠢᠨ ᠢ ᠴᠢᠷᠮᠠᠶᠢᠨ ᠲᠡᠮᠡᠴᠡᠬᠦ ᠶᠢ ᠰᠢᠨ᠎ᠡ ᠠᠵᠠ ᠲᠣᠬᠢᠶᠠᠯ ᠢ ᠠᠮᠵᠢᠬᠤ᠂ ᠰᠢᠨ᠎ᠡ ᠥᠷᠢᠰᠦᠯᠳᠦᠭᠡᠨ ᠢ ᠠᠷᠭᠠᠴᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠶᠡᠬᠡᠪᠡᠷ ᠠᠳᠬᠤᠪᠠ᠃
     ᠪᠤᠭᠤᠲᠤ ᠶᠢᠨ ᠬᠥᠩᠭᠡᠨ ᠴᠠᠭᠠᠨ ᠤ ᠳᠡᠭᠡᠳᠦ ᠴᠡᠪᠡᠷ ᠬᠥᠩᠭᠡᠨ ᠴᠠᠭᠠᠨ᠂ ᠱᠧᠩ ᠲᠠᠢ ᠺᠠᠪᠠ ᠬᠥᠯᠭᠡ ᠣᠩᠭᠤᠴᠠ᠂ ᠰᠧ ᠲᠦᠩ ᠰᠢᠨ᠎ᠡ ᠮᠠᠲ᠋ᠧᠷᠢᠶᠠᠯ ᠵᠡᠷᠭᠡ ᠨᠢᠭᠡ ᠪᠦᠯᠦᠭ ᠲᠥᠷᠥᠯ ᠵᠦᠢᠯ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠪᠠ᠃ ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ ᠶᠢᠨ ᠰᠤᠷᠪᠤᠯᠵᠢ ᠶᠢᠨ ᠨᠦ᠋ᠬᠡ ᠨᠦ᠋ᠬᠡ ᠨᠠᠨᠦᠮᠧᠲᠷ ᠤᠨ ᠬᠥᠩᠭᠡᠨᠴᠠᠭᠠᠨ ᠤ ᠢᠰᠦᠯ᠂ ᠤᠮᠠᠷᠠᠲᠤ ᠶᠢᠨ ᠬᠥᠩᠭᠡᠨᠴᠠᠭᠠᠨ ᠤ ᠦᠢᠯᠡᠰ ᠤᠨ ᠳᠡᠭᠡᠳᠦ ᠴᠢᠳᠠᠪᠬᠢᠲᠤ ᠬᠡᠪᠰᠢᠭᠦᠯᠭᠡ ᠶᠢᠨ ᠡᠪᠬᠡᠮᠡᠯ ᠵᠡᠷᠭᠡ ᠬᠤᠸᠠ ᠶᠦᠨ ᠮᠠᠶ᠋ᠢᠭ ᠤᠨ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠵᠦ᠂ ᠪᠤᠭᠤᠲᠤ ᠶᠢᠨ ᠬᠥᠩᠭᠡᠨᠴᠠᠭᠠᠨ ᠤ 5N ᠲᠡᠰ ᠤᠨ ᠴᠤᠯᠤ ᠴᠡᠪᠡᠷ ᠬᠥᠩᠭᠡᠨᠴᠠᠭᠠᠨ ᠤ ᠮᠡᠷᠭᠡᠵᠢᠯ ᠢ ᠰᠤᠳᠤᠯᠤᠨ ᠨᠡᠭᠡᠭᠡᠬᠦ ᠠᠵᠢᠯ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ ᠁ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠪᠦᠬᠦ ᠣᠷᠣᠨ ᠳᠤ 104 ᠲᠦᠷᠦᠯ ᠵᠦᠢᠯ ᠲᠣᠬᠢᠷᠠᠯᠴᠠᠵᠤ᠂ ᠵᠢᠯ ᠤᠨ ᠬᠠᠷᠠᠯᠲᠠ ᠡᠭᠦᠷᠭᠡ ᠶᠢ 100 ᠪᠡᠶᠡᠯᠡᠭᠦᠯᠦᠭᠰᠡᠨ ᠨᠢ 104%᠂ ᠵᠥᠪᠯᠡᠯᠴᠡᠭᠡᠷ ᠤᠨ ᠶᠡᠷᠦᠩᠬᠡᠢ ᠵᠣᠭᠤᠰᠤᠨ ᠲᠤᠭ᠎ᠠ 909.55 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠬᠠᠷᠠᠯᠲᠠ ᠡᠭᠦᠷᠭᠡ ᠶᠢ 700 ᠳ᠋ᠦᠩᠰᠢᠭᠤᠷ ᠲᠥᠭᠦᠷᠢᠭ ᠤᠨ 129.9% ᠢᠶᠠᠷ ᠪᠡᠶᠡᠯᠡᠭᠦᠯᠵᠦ᠂ ᠠᠷᠠᠯᠵᠢᠶᠠᠴᠢᠨ ᠤᠷᠢᠬᠤ ᠡᠯᠪᠡᠭ ᠪᠠᠶᠠᠯᠢᠭ ᠦᠷ᠎ᠡ ᠪᠦᠲᠦᠭᠡᠯ ᠤᠳ ᠨᠢ ᠳ᠋ᠦᠩ ᠾᠧ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠲᠦᠷᠭᠡᠨ ᠳᠠᠪᠰᠢᠯᠲᠠ ᠲᠠᠢ ᠪᠣᠯᠤᠭᠰᠠᠨ ᠤ ᠠᠮᠢᠳᠤᠯᠢᠭ ᠲᠠᠶᠢᠯᠪᠤᠷᠢ ᠪᠣᠯᠵᠠᠢ᠃ᠣᠳᠣᠬᠠᠨ ᠳᠤ᠂ ︽ᠪᠥᠬᠦ ᠠᠵᠢᠯᠲᠠᠨ ᠬᠤᠳᠠᠯᠳᠤᠭᠠᠴᠢᠨ ᠤᠷᠢᠬᠤ︾ ᠨᠢ ᠨᠢᠭᠡᠨᠲᠡ ᠳ᠋ᠦᠩ ᠾᠧ ᠲᠣᠭᠤᠷᠢᠭ ᠤᠨ ᠡᠯ᠎ᠡ ᠱᠠᠲᠤᠨ ᠤ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ ᠶᠢᠨ ︽ᠵᠠᠩᠭᠢᠯᠠᠭ᠎ᠠ ᠶᠢᠨ ᠦᠭᠡ︾ ᠪᠣᠯᠵᠤ᠂ ︽ᠲᠠᠨ ᠤ ᠰᠡᠳᠬᠢᠯ ᠬᠠᠨᠤᠮᠵᠢᠲᠠᠶ ᠪᠠᠶᠢᠬᠤ ᠶᠢ ᠳᠠᠭᠠᠭᠠᠬᠤ︾ ︽ᠲᠠᠨ ᠤ ᠰᠠᠨᠠᠭ᠎ᠠ ᠠᠮᠤᠷ ᠪᠠᠶᠢᠬᠤ ᠶᠢ ᠳᠠᠭᠠᠭᠠᠬᠤ︾ ᠡᠵᠡᠩᠨᠡᠯᠲᠡ ᠶᠢᠨ ᠣᠷᠴᠢᠨ ᠲᠣᠭᠤᠷᠢᠨ ᠤ ᠨᠠᠷᠠᠲᠤ ᠲᠡᠮᠳᠡᠭ ᠤᠨ ᠦᠢᠯᠡᠳᠦᠯ ᠳ᠋ᠦᠩ ᠾᠧ ᠲᠣᠭᠤᠷᠢᠭ ᠲᠤ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃
     ︽ᠪᠢᠳᠠ ᠠᠵᠤ ᠠᠬᠤᠶᠢᠯᠠᠯ ᠳᠤ ᠦᠢᠯᠡᠴᠢᠯᠡᠬᠦ ︿ᠳᠡᠯᠭᠡᠭᠦᠷ ᠤᠨ ᠪᠠᠭ᠎ᠠ ᠬᠤᠶᠠᠳᠤᠭᠠᠷ﹀﹀ ᠢ ᠦᠷᠭᠦᠯᠵᠢᠯᠡᠨ ᠰᠠᠶᠢᠲᠤᠷ ᠬᠢᠵᠦ᠂ ᠲᠤᠰ ᠭᠠᠵᠠᠷ ᠤᠨ ᠠᠵᠤ ᠦᠢᠯᠡᠰ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ︿ᠳᠣᠲᠣᠨᠣ ᠬᠥᠮᠥᠨ﹀ᠪᠣᠯᠵᠤ᠂ ᠬᠥᠭᠵᠢᠯᠲᠡ ᠶᠢᠨ ᠣᠶᠢᠯᠠᠭᠠᠭᠳᠠᠬᠤᠨ᠂ ᠦᠢᠯᠡᠴᠢᠯᠡᠭᠡᠨ ᠤ ᠠᠷᠭ᠎ᠠ ᠪᠠᠷᠢᠯ ᠵᠡᠷᠭᠡ ᠲᠠᠯ᠎ᠠ ᠪᠠᠷ ᠠᠵᠤ ᠠᠬᠤᠶᠢᠯᠠᠯ ᠳᠤ ᠪᠦᠬᠦ ᠲᠠᠯ᠎ᠠ ᠪᠠᠷ ᠦᠢᠯᠡᠴᠢᠯᠡᠵᠦ᠂ ᠳ᠋ᠦᠩ ᠾᠧ ᠲᠣᠭᠤᠷᠢᠭ ᠤᠨ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠠᠵᠢᠯ ᠤᠨ ᠰᠢᠨ᠎ᠡ ᠥᠨᠳᠦᠷᠯᠢᠭ ᠲᠤ ᠬᠦᠷᠬᠦ ᠶᠢ ᠠᠬᠢᠭᠤᠯᠤᠨ᠎ᠠ︾᠃ ᠳ᠋ᠦᠩ ᠾᠧ ᠲᠣᠭᠤᠷᠢᠭ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ ᠶᠠᠷᠢᠯᠴᠠᠬᠤ ᠬᠤᠷᠠᠯ ᠳᠡᠭᠡᠷ᠎ᠡ᠂ ᠳ᠋ᠦᠩ ᠾᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠸᠠᠩ ᠴᠢᠶᠠᠩ ᠣᠳᠣᠬᠠᠨ ᠤ ᠮᠠᠨ ᠤ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠲᠠᠢ ᠭᠦᠨᠵᠡᠭᠡᠢ ᠰᠤᠳᠤᠯᠤᠨ ᠶᠠᠷᠢᠯᠴᠠᠵᠤ᠂ ︽ᠡᠯ᠎ᠡ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠶᠢ ᠡᠷᠲᠡᠬᠡᠨ ᠠᠬᠢᠭᠤᠯᠵᠤ᠂ ᠮᠠᠨ ᠤ ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠪᠠ ᠭᠠᠵᠠᠷ ᠣᠷᠣᠨ ᠤ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠵᠦ᠂ ᠠᠷᠠᠳ ᠤᠯᠠᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠶᠢ ᠬᠦᠰᠡᠵᠦ ᠪᠠᠶᠢᠨ᠎ᠠ︕︾ᠭᠡᠵᠦ ᠬᠡᠯᠡᠪᠡ᠃
    ᠣᠶᠢᠷ᠎ᠠ ᠶᠢᠨ ᠡᠳᠦᠷ ᠤᠳ ᠲᠤ᠂ ᠳ᠋ᠦᠩ ᠡᡁᠸ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤᠭᠤᠶᠢᠯᠠᠩ ᠪᠡᠭᠡᠵᠢᠩ ᠲᠢᠶᠠᠨᠵᠢᠨ ᠡᡁᠥᠪᠸᠢ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠴᠧᠩᠳᠦ᠋ ᠴᠦᠩᠴᠢᠩ ᠵᠡᠷᠭᠡ ᠭᠠᠵᠠᠷ ᠣᠷᠣᠨ ᠳᠤ ᠠᠵᠤ ᠠᠬᠤᠶᠢᠯᠠᠯ ᠢᠶᠠᠷ ᠶᠠᠪᠤᠵᠤ᠂ ᠠᠷᠠᠯᠵᠢᠶᠠᠴᠢᠨ ᠢ ᠰᠤᠷᠪᠤᠯᠵᠢᠯᠠᠬᠤ ᠪᠠᠷ ᠶᠠᠭᠠᠷᠠᠯᠳᠤᠵᠤ᠂︽ᠳ᠋ᠦᠩ ᠡᡁᠸ ᠭᠤᠣᠯ ᠤᠨ ᠤᠷᠢᠯᠭ᠎ᠠ︾ᠭᠠᠷᠭᠠᠪᠠ᠃ᠬᠥᠮᠥᠨ ᠠᠵᠢᠯᠴᠢ ᠪᠣᠯ ᠬᠠᠪᠤᠷ ᠡᠷᠲᠡ ᠢᠷᠡᠵᠦ᠂ ᠬᠠᠪᠤᠷ ᠠᠴᠠ ᠮᠣᠷᠳᠠᠵᠤ᠂ ᠳ᠋ᠦᠩ ᠾᠧ ᠲᠣᠭᠤᠷᠢᠭ ᠤᠨ ᠬᠢᠨ ᠡᠷᠲᠡ ᠠᠴᠠ ᠠᠷᠭ᠎ᠠ ᠰᠦᠪᠡᠭᠴᠢᠯᠡᠵᠦ᠂ ᠡᠷᠲᠡ ᠠᠴᠠ ᠭᠠᠷ ᠬᠥᠳᠡᠯᠬᠦ ᠶᠢ ᠪᠠᠷᠢᠮᠲᠠᠯᠠᠵᠤ᠂ ᠠᠷᠠᠯᠵᠢᠶᠠᠴᠢᠨ ᠤᠷᠢᠬᠤ︽ᠲᠤᠰᠤᠨ ᠨᠡᠭᠡᠯᠡᠭᠡᠢ︾ ᠶᠢ ᠡᠴᠦᠰ ᠲᠤᠨᠢ ᠲᠤᠯᠲᠠᠯ᠎ᠠ ᠭᠢᠰᠬᠢᠵᠦ᠂ ᠴᠠᠭ ᠪᠢᠳᠡᠨ ᠢ ᠬᠦᠯᠢᠶᠡᠬᠦ ᠦᠭᠡᠢ ᠪᠠᠶᠢᠬᠤ ᠡᠷᠴᠢ ᠵᠣᠷᠢᠭ ᠢᠶᠠᠷ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠢᠯᠡᠳᠬᠡᠪᠡ᠃      ᠪᠥᠬᠦ ᠠᠵᠢᠯᠲᠠᠨ ᠢᠶᠠᠷ ᠢᠶᠠᠨ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠥᠨᠳᠥᠷ ᠪᠠᠶᠢᠷᠢᠨ ᠳᠤ ᠠᠬᠢᠭᠤᠯᠬᠤ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃ᠳ᠋ᠦᠩ ᠾᠧ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠢ ᠦᠷᠭᠦᠯᠵᠢᠯᠡᠨ ᠪᠦᠲᠦᠮᠵᠢᠲᠡᠶ ᠳᠡᠯᠭᠡᠨ ᠦᠵᠡᠭᠦᠯᠬᠦ ᠶᠢᠨ ᠲᠥᠯᠥᠭᠡ᠂ ᠨᠡᠩ ᠣᠯᠠᠨ ᠠᠵᠤ ᠠᠬᠤᠶᠢᠯᠠᠯ ᠤᠨ ᠪᠠᠶᠢᠴᠠᠭᠠᠯᠲᠠ᠂ ᠪᠡᠯᠡ ᠣᠷᠣᠭᠤᠯᠤᠯᠲᠠ  ᠶᠢ ᠲᠡᠳᠡᠨ ᠠᠪᠴᠢᠷᠠᠵᠤ᠂ ᠳ᠋ᠦᠩ ᠾᠧ ᠲᠣᠭᠤᠷᠢᠭ ᠤᠨ  ᠬᠢᠨ ︽ᠳ᠋ᠦᠩ ᠾᠧ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠶᠢ ᠲᠦᠯᠬᠢᠨ ᠠᠬᠢᠭᠤᠯᠬᠤ ᠰᠢᠶᠠᠨ ᠤ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠬᠤᠪᠢᠶᠠᠷᠢᠯᠠᠯ ᠤᠨ ᠲᠥᠰᠥᠯ︾ ᠢ ᠲᠣᠭᠲᠠᠭᠠᠨ ᠨᠡᠶᠢᠲᠡᠯᠡᠬᠦ ᠪᠠᠷ ᠳᠠᠮᠵᠢᠭᠤᠯᠤᠨ᠂ ᠰᠢᠶᠠᠨ ᠤ ᠱᠠᠲᠤᠨ ᠤ ᠤᠳᠤᠷᠢᠳᠬᠤ ᠺᠠᠳ᠋ᠷ ᠢᠶᠠᠷ ᠮᠠᠩᠯᠠᠶᠢᠯᠠᠭᠤᠯᠵᠤ᠂ ᠳᠥᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ᠂ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠢᠴᠢ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠢᠶᠠᠨ ᠤ ᠱᠠᠲᠤᠨ ᠤ ᠤᠳᠤᠷᠢᠳᠤᠯᠭ᠎ᠠ ᠵᠡᠷᠭᠡ ᠭᠤᠷᠪᠠᠨ ᠲᠥᠷᠥᠯ ᠢᠶᠠᠷ ᠬᠤᠳᠠᠯᠳᠤᠭᠠᠴᠢᠨ ᠤᠷᠢᠬᠤ ᠡᠭᠦᠷᠭᠡ ᠶᠢ ᠬᠤᠪᠢᠶᠠᠷᠢᠯᠠᠵᠤ᠂ ︽ᠨᠢᠭᠡ ᠲᠥᠷᠥᠯ ᠵᠦᠢᠯ᠂ ᠨᠢᠭᠡ ᠢᠵᠢ ᠬᠡᠷᠡᠭᠵᠢᠭᠦᠯᠬᠦ ᠲᠥᠰᠥᠯ᠂ ᠨᠢᠭᠡ ᠰᠢᠶᠠᠨ ᠤ ᠱᠠᠲᠤᠨ ᠤ ᠤᠳᠤᠷᠢᠳᠤᠯᠭ᠎ᠠ᠂ ᠨᠢᠭᠡ ᠲᠤᠰᠬᠠᠢ ᠠᠩᠭᠢ ᠡᠯᠰᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠠᠬᠢᠭᠤᠯᠤᠭᠰᠠᠨ ᠪᠠᠶᠢᠳᠠᠯ ᠢ ᠭᠠᠷᠠᠭ ᠪᠦᠷᠢ ᠲᠣᠬᠢᠷᠠᠭᠤᠯᠤᠨ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠬᠤᠳᠠᠯᠳᠤᠭᠠᠴᠢᠨ ᠤᠷᠢᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠬᠤᠷᠠᠮᠳᠤᠭᠤᠯᠤᠨ ᠬᠠᠳᠠᠭᠠᠯᠠᠨ᠎ᠠ᠃
    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠲᠦᠷᠦ ᠶᠢᠨ ᠪᠣᠳᠣᠯᠭ᠎ᠠ ᠶᠢ ᠲᠥᠪᠯᠡᠷᠡᠭᠦᠯᠦᠨ ᠬᠦᠴᠦ ᠪᠠᠨ ᠬᠠᠮᠲᠤᠳᠬᠠᠨ ᠠᠵᠤ ᠠᠬᠤᠶᠢᠯᠠᠯ ᠳᠤ ᠠᠰᠢᠭ ᠬᠦᠷᠲᠡᠭᠡᠵᠦ ᠬᠤᠳᠠᠯᠳᠤᠭᠠᠴᠢᠨ ᠤᠷᠢᠨ᠎ᠠ᠃ᠰᠠᠶᠢᠨ ᠲᠥᠷᠥᠯ ᠵᠦᠢᠯ ᠢ ᠠᠪᠴᠢᠷᠠᠵᠤ᠂ ᠨᠠᠶᠢᠳᠠᠪᠤᠷᠢᠵᠢᠭᠤᠯᠵᠤ᠂ ᠥᠰᠦᠨ ᠪᠣᠶᠢᠵᠢᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠡᠳ᠋ ᠤᠨ ᠵᠠᠰᠠᠭ ᠤᠨ ᠲᠡᠳᠬᠦᠨ ᠳᠡᠮᠵᠢᠬᠦ ᠠᠷᠭ᠎ᠠ ᠪᠠᠷᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ᠤᠤᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ  ᠶᠢ ᠴᠠᠭ ᠲᠤᠬᠠᠢ ᠳᠤᠨᠢ ᠨᠡᠶᠢᠲᠡᠯᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠤ ︽ᠰᠢᠯᠢᠳᠡᠭ︾ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠤᠷᠤᠭᠰᠢᠯᠠᠯᠲᠠ︾ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽2023 ᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠭᠤᠶᠤᠴᠢᠯᠠᠨ ᠮᠡᠳᠡᠭᠦᠯᠬᠦ ᠵᠦᠭᠯᠡᠭᠦᠷ ᠢ ᠪᠠᠭᠤᠯᠭᠠᠬᠤ ᠲᠤᠬᠠᠢ ᠤᠷᠢᠳᠴᠢᠯᠠᠭᠰᠠᠨ ᠮᠡᠳᠡᠭᠳᠡᠯ︾ ︽︿ᠪᠤᠭᠤᠲᠤ ᠬᠤᠲᠠ ᠶᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠨᠠᠶᠢᠳᠠᠪᠤᠷᠢᠵᠢᠭᠤᠯᠵᠤ ᠣᠷᠣᠨ ᠪᠦᠰᠡ ᠶᠢᠨ ᠴᠢᠨᠠᠷᠲᠠᠢ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠬᠤᠷᠢᠨ ᠲᠠᠪᠤᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠯᠡᠯ ᠪᠣᠯᠣᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠵᠢᠭᠡᠯᠡᠯᠭᠡ ᠶᠢᠨ ᠳᠠᠮ ᠬᠦᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠪᠣᠯᠣᠨ ︽ᠲᠤᠰᠬᠠᠢ ᠨᠠᠷᠢᠯᠢᠭ ᠣᠨᠴᠠ ᠰᠢᠨ᠎ᠡ︾᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠵᠡᠷᠭᠡ 14 ᠴᠢᠭᠯᠡᠯ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠲᠥᠷᠥ ᠶᠢᠨ ᠪᠣᠳᠣᠯᠭ᠎ᠠ ᠶᠢ ᠦᠨᠡᠨ ᠬᠦ ᠰᠠᠶᠢᠲᠤᠷ ᠬᠡᠷᠡᠭᠯᠡᠨ ᠲᠥᠷᠥᠯ ᠵᠦᠢᠯ ᠢ ᠠᠳᠬᠤᠵᠤ ᠂ ᠴᠢᠬᠤᠯᠠ ᠶᠡᠭᠡ ᠲᠥᠷᠥᠯ ᠵᠦᠢᠯ ᠤᠨ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ︽ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ︾ ᠡᠷᠴᠢᠮᠲᠡᠢ ᠬᠥᠭᠵᠢᠯᠲᠡ ᠶᠢ ᠠᠬᠢᠭᠤᠯᠤᠨ᠎ᠠ᠃
     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠡᠬᠢ ᠪᠤᠯᠠᠭ︾ ᠮᠥᠨ᠂ ᠰᠢᠯᠢᠳᠡᠭ ᠰᠠᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ︽ᠠᠯᠲᠠᠨ ᠦᠰᠦᠭᠲᠦ ᠫᠠᠶᠢᠰᠠ︾ ᠮᠥᠨ᠂ ᠳ᠋ᠦᠩ ᠾᠧ ᠲᠣᠭᠤᠷᠢᠭ ᠤᠨ ᠬᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ ᠬᠤᠳᠠᠯᠳᠤᠭᠠᠴᠢᠨ ᠤᠷᠢᠬᠤ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠪᠢᠴᠢᠬᠦ ᠶᠢ ᠪᠠᠷᠢᠮᠲᠠᠯᠠᠪᠠ᠃ᠣᠳᠣ ᠦᠶ᠎ᠡ ᠶᠢᠨ ᠲᠠᠷᠢᠶᠠᠯᠠᠩ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠭᠤᠣᠯᠳᠠᠯᠭ᠎ᠠ  ᠲᠠᠢ ᠠᠵᠤ ᠦᠢᠯᠡᠰ ᠤᠨ ᠲᠣᠭᠤᠷᠢᠨ ᠳᠤ ᠳ᠋ᠦᠩ ᠾᠧ ᠲᠣᠭᠤᠷᠢᠭ ᠤᠨ ᠬᠢᠨ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠴᠡᠭ ᠠᠴᠠ ᠴᠡᠭ ᠲᠤ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠵᠡᠷᠭᠡ ᠤᠯᠠᠨ ᠡᠰᠢᠴᠢᠯᠡᠭᠰᠡᠨ ᠠᠷᠭ᠎ᠠ ᠬᠡᠯᠪᠡᠷᠢ ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠲᠦᠷᠭᠡᠨ ᠭᠦᠶᠦᠯᠲᠡ ᠶᠢᠨ ᠠᠵᠢᠯᠯᠠᠭ᠎ᠠ ᠶᠢᠨ ᠲᠥᠯᠥᠪᠯᠡᠭᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠠᠷᠢᠨ ᠰᠣᠩᠭᠤᠬᠤ ᠠᠵᠢᠯᠯᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠨᠢᠭᠡ ᠪᠦᠯᠦᠭ ︽ᠦᠭᠡᠢ ᠪᠠᠶᠢᠭᠰᠠᠨ  ᠠᠴᠠ ᠪᠠᠨ ᠪᠠᠶᠢᠬᠤ︾᠂ ︽ᠳᠤᠲᠠᠭᠤ  ᠠᠴᠠ ᠪᠠᠨ ᠪᠦᠷᠢᠨ ᠪᠣᠯᠬᠤ︾ ᠢᠷᠡᠭᠡᠳᠦᠢ ᠶᠢᠨ ᠪᠠᠶᠢᠷᠢᠰᠢᠭᠤᠯᠤᠯᠲᠠ ᠶᠢᠨ ᠠᠵᠤ ᠦᠢᠯᠡᠰ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠬᠦᠴᠦᠯᠡᠨ ᠪᠠᠶᠢᠭᠤᠯᠤᠨ ᠲᠡᠭᠦᠯᠳᠡᠷᠵᠢᠭᠦᠯᠵᠦ᠂ ᠬᠦᠴᠦᠨ ᠴᠢᠳᠠᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ︽ᠲᠦᠷᠭᠡᠨ ᠭᠦᠶᠦᠯᠲᠡ ᠶᠢ ᠲᠦᠷᠭᠡᠳᠬᠡᠬᠦ︾ ᠬᠡᠷᠡᠭᠲᠡᠢ᠃      ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠠᠷᠭ᠎ᠠ ᠵᠠᠮ ᠢ ᠥᠷᠭᠡᠳᠬᠡᠨ᠎ᠡ᠃ᠳ᠋ᠦᠩ ᠾᠧ ᠲᠣᠭᠤᠷᠢᠭ ᠤᠨ ᠬᠢᠨ ᠴᠢᠨᠠᠷ ᠰᠠᠶᠢᠲᠠᠢ ᠠᠷᠠᠯᠵᠢᠶᠠᠴᠢᠨ ᠤᠷᠢᠬᠤ ︽ᠬᠥᠷᠥᠰᠥ ᠰᠢᠷᠣᠢ︾ ᠶᠢ ᠲᠠᠰᠤᠷᠠᠯᠲᠠ ᠦᠭᠡᠢ ᠵᠤᠵᠠᠭᠠᠨ ᠤᠷᠭᠤᠭᠤᠯᠵᠤ᠂ ᠬᠤᠳᠠᠯᠳᠤᠭᠠᠴᠢᠨ ᠤᠷᠢᠬᠤ ᠠᠴᠢᠶᠠᠯᠠᠪᠤᠷᠢ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠬᠦ ᠶᠢ ᠴᠢᠩᠭᠠᠷᠠᠭᠤᠯᠵᠤ᠂ ᠳᠡᠭᠡᠳᠦ ᠱᠠᠲᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠤᠭᠯᠠᠭᠤᠯᠤᠨ ᠡᠮᠬᠢᠳᠬᠡᠵᠦ᠂ ᠰᠤᠯᠠ ᠪᠠᠶᠢᠭ᠎ᠠ ᠠᠰᠠᠷ ᠪᠠᠶᠢᠰᠢᠩ᠂ ᠰᠤᠯᠠ ᠪᠠᠶᠢᠭ᠎ᠠ ᠭᠠᠵᠠᠷ ᠤᠨ ᠮᠡᠳᠡᠭᠡ ᠵᠠᠩᠭᠢ ᠶᠢ ᠠᠰᠢᠭᠯᠠᠨ᠂ ᠣᠯᠠᠨ ᠲᠠᠪᠴᠠᠩ ᠣᠯᠠᠨ ᠲᠠᠯ᠎ᠠ  ᠠᠴᠠ ᠴᠢᠨᠠᠷ ᠰᠠᠶᠢᠲᠠᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠦᠷᠭᠡᠨ ᠥᠭᠴᠦ᠂ ᠡᠯ᠎ᠡ ᠲᠥᠷᠥᠯ ᠤᠨ ᠶᠠᠷᠢᠶᠠᠨ ᠤ ᠲᠠᠪᠴᠠᠩ᠂ ᠲᠦᠷᠦᠭᠦᠴᠦᠳ ᠤᠨ ᠬᠤᠷᠠᠯ᠂ ᠦᠵᠡᠰᠬᠦᠯᠡᠩ ᠤᠨ ᠴᠤᠭᠯᠠᠭᠠᠨ᠂ ᠲᠠᠨᠢᠯᠴᠠᠭᠤᠯᠭ᠎ᠠ ᠶᠢᠨ ᠴᠤᠭᠯᠠᠭᠠᠨ ᠵᠡᠷᠭᠡ ᠴᠢᠬᠤᠯᠠ ᠶᠡᠭᠡ ᠠᠵᠢᠯᠯᠠᠭ᠎ᠠ ᠶᠢᠨ ᠠᠵᠠ ᠲᠣᠬᠢᠶᠠᠯ ᠢ ᠠᠰᠢᠭᠯᠠᠨ᠂ ᠭᠠᠵᠠᠷ ᠣᠷᠣᠨ ᠤ ᠤᠬᠠᠭᠤᠯᠤᠨ ᠲᠠᠨᠢᠯᠴᠠᠭᠤᠯᠬᠤ ᠠᠵᠢᠯ ᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠨᠠᠩ ᠣᠯᠠᠨ ᠬᠤᠳᠠᠯᠳᠤᠭᠠᠴᠢᠨ᠂ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠲᠠᠲᠠᠵᠤ ᠪᠣᠯᠣᠨ᠎ᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠨᠢ ᠪᠦᠬᠦ ᠲᠠᠯ᠎ᠠ ᠳᠤ ᠬᠤᠯᠪᠣᠭᠳᠠᠵᠤ᠂ ᠠᠯᠤᠰ ᠬᠡᠳᠦ ᠳᠤ ᠬᠤᠯᠪᠣᠭᠳᠠᠵᠤ ᠪᠠᠶᠢᠳᠠᠭ᠃ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳ᠋ᠦᠩ ᠡᡁᠸ ᠲᠣᠭᠤᠷᠢᠭ ᠤᠨ ᠬᠢᠨ ᠦᠷᠭᠦᠯᠵᠢᠯᠡᠨ ᠬᠦᠴᠦᠯᠡᠵᠦ᠂ ᠦᠳᠲᠡᠷ ᠲᠦᠷᠭᠡᠨ ᠬᠥᠳᠡᠯᠦᠯᠴᠡᠵᠦ᠂︽ᠬᠥᠪᠴᠢ︾ ᠪᠠᠨ ᠬᠥᠪᠴᠢᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠤᠭᠤᠲᠤ ᠪᠠᠨ ᠬᠠᠶᠢᠷᠠᠯᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠬᠤ ᠬᠠᠯᠠᠭᠤᠨ ᠥᠷᠨᠢᠯᠲᠡ ᠶᠢ ᠬᠦᠴᠦᠯᠡᠨ ᠪᠤᠢ ᠪᠣᠯᠭᠠᠵᠤ᠂ ᠪᠣᠳᠠᠲᠠᠢ ᠠᠳᠬᠤᠵᠤ ᠪᠣᠳᠠᠲᠠᠢ ᠬᠢᠭᠰᠡᠨ ᠪᠣᠳᠠᠲᠤ ᠦᠷ᠎ᠡ ᠪᠦᠲᠦᠮᠵᠢ ᠪᠠᠷ ᠳ᠋ᠦᠩ ᠡᡁᠸ ᠭᠤᠣᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠦᠨ᠎ᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1