ᠳ᠋ᠦᠩ ᠾᠧ ᠲᠣᠭᠤᠷᠢᠭ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/2
      2 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠦᠥᠸ᠋ ᠳ᠋ᠦᠩ ᠾᠧ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠭᠰᠠᠨ ᠪᠥᠭᠡᠳ ᠳᠠᠷᠠᠭᠠᠴᠢ ᠶᠢᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠶᠡᠭᠡ ᠬᠠᠨᠳᠤᠰᠢ ᠶᠢ ᠠᠵᠢᠭᠯᠠᠬᠤ᠂ ᠪᠦᠬᠦ ᠲᠠᠯ᠎ᠠ ᠶᠢ ᠪᠣᠳᠣᠯᠬᠢᠯᠠᠬᠤ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠷᠠᠭᠠᠯᠬᠢᠯᠠᠯᠳᠤ ᠴᠢᠨᠠᠷ᠂ ᠰᠢᠰᠲ᠋ᠧᠮᠲᠦ ᠴᠢᠨᠠᠷ ᠪᠣᠯᠣᠨ ᠬᠠᠨᠳᠤᠯᠭᠠᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠴᠣ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠲᠡᠮᠡᠴᠡᠯ ᠤᠨ ᠳᠦᠷᠰᠦ ᠪᠠᠶᠢᠳᠠᠯ ᠢᠶᠠᠷ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠤ ᠰᠠᠶᠢᠲᠤᠷ ᠬᠠᠷᠢᠭᠤᠯᠲᠠ ᠥᠭᠬᠦ ᠬᠡᠷᠡᠭᠲᠡᠢ᠃ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠬᠦᠴᠦᠲᠡᠢ ᠪᠦᠲᠦᠮᠵᠢᠲᠡᠢ ᠬᠠᠮᠠᠭᠠᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃     ᠬᠤᠷᠠᠯ ᠠᠴᠠ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠨᠢ ᠪᠦᠬᠦ ᠣᠷᠣᠨ ᠤ ᠬᠥᠭᠵᠢᠯᠲᠡ᠂ ᠶᠡᠭᠡ ᠲᠠᠯ᠎ᠠ ᠶᠢᠨ ᠲᠣᠭᠲᠠᠭᠤᠨ ᠲᠠᠢ ᠬᠤᠯᠪᠣᠭᠳᠠᠨ᠎ᠠ᠂ ᠵᠠᠬᠢᠳᠠᠯ ᠰᠣᠷᠪᠤᠯᠵᠢᠯᠠᠭ᠎ᠠ ᠶᠢ ᠠᠳᠬᠤᠬᠤ᠂ ᠲᠣᠭᠲᠠᠭᠤᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠤᠬᠠᠮᠰᠠᠷ ᠢ ᠪᠠᠲᠤ ᠪᠤᠢ ᠪᠣᠯᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢ ᠪᠠᠳᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠡᠯ᠎ᠡ ᠵᠦᠢᠯ ᠤᠨ ᠠᠵᠢᠯ ᠢ ᠨᠠᠷᠢᠨ ᠠᠳᠬᠤᠵᠤ᠂ ᠪᠣᠳᠠᠲᠠᠢ ᠠᠳᠬᠤᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1