ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠯᠦ ᠸᠠᠩ ᠨᠡᠶᠢᠭᠡᠮ ᠲᠣᠭᠤᠷᠢᠭ︽ᠠᠷᠠᠳ ᠤᠨ ᠰᠡᠳᠬᠢᠯ ᠢ ᠳᠤᠯᠠᠭᠠᠴᠠᠭᠤᠯᠵᠤ ᠡᠷᠡᠭᠦᠯ ᠮᠡᠨᠳᠦ ᠶᠢ ᠬᠦᠷᠭᠡᠬᠦ︾ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/3/2
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠰᠢᠯᠢᠳᠡᠭᠵᠢᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭᠠᠷᠠᠵᠤ᠂ ᠬᠠᠷᠢᠶᠠᠲᠤ ᠣᠷᠣᠨ ᠤ ᠳᠣᠲᠣᠷᠠᠬᠢ ᠨᠠᠰᠤᠲᠠᠶᠢᠴᠤᠳ ᠵᠡᠷᠭᠡ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ ᠶᠤᠮ᠃ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠪᠠᠶᠢᠴᠠᠭᠠᠵᠤ ᠦᠵᠡᠬᠦ ᠪᠠᠷ ᠳᠡᠮᠵᠢᠨ᠂ ᠬᠠᠷᠢᠶ᠎ᠠ ᠣᠷᠣᠨ ᠳᠤ ᠪᠦᠬᠦᠯᠢ 60 ᠨᠠᠰᠤᠨ  ᠠᠴᠠ ᠳᠡᠭᠡᠭᠰᠢᠬᠢ ᠰᠠᠭᠤᠭᠠᠯᠢ ᠠᠷᠠᠳ ᠨᠡᠶᠢᠲᠡ 1125 ᠬᠥᠮᠥᠨ ᠪᠠᠶᠢᠵᠤ᠂ ᠡᠭᠦᠨ ᠤ ᠳᠣᠲᠣᠷ᠎ᠠ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠨ 26 ᠪᠠᠶᠢᠨ᠎ᠠ᠃2 ᠰᠠᠷ᠎ᠠ ᠶᠢᠨ 23 ᠤ ᠡᠳᠦᠷ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠯᠦ ᠸᠠᠩ ᠨᠡᠶᠢᠭᠡᠮ ᠲᠣᠭᠤᠷᠢᠭ ᠤᠨ ᠬᠢᠨ ᠯᠦ ᠸᠠᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠲᠠᠢ ᠬᠠᠮᠲᠤᠷᠠᠨ ︽ᠠᠷᠠᠳ ᠤᠨ ᠰᠡᠳᠬᠢᠯ ᠢ ᠳᠤᠯᠠᠭᠠᠴᠠᠭᠤᠯᠵᠤ ᠡᠷᠡᠭᠦᠯ ᠮᠡᠨᠳᠦ ᠶᠢ ᠬᠦᠷᠭᠡᠬᠦ︾ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ︽ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠪᠣᠭᠴᠣ︾ ᠲᠦᠭᠡᠭᠡᠨ ᠥᠭᠴᠦ᠂ ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠵᠤ᠂ ᠭᠤᠣᠯᠳᠠᠯᠭ᠎ᠠ ᠲᠠᠢ ᠬᠥᠮᠥᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠪᠠ᠃      ᠲᠤᠰ ᠡᠳᠦᠷ ᠤᠨ ᠦᠳᠡ  ᠶᠢᠨ ᠡᠮᠦᠨ᠎ᠡ  ᠶᠢᠨ ᠥᠷᠯᠥᠭᠡ ᠡᠷᠲᠡ ᠨᠡᠶᠢᠭᠡᠮ ᠲᠣᠭᠤᠷᠢᠭ ᠤᠨ ᠠᠵᠢᠯᠲᠠᠳ᠂ ᠡᠮᠴᠢ ᠰᠤᠪᠢᠯᠠᠭᠴᠢ ᠪᠣᠯᠣᠨ ᠰᠠᠶᠢᠨ ᠳᠤᠷ᠎ᠠ  ᠶᠢᠨ ᠦᠢᠯᠡᠴᠢᠯᠡᠭᠴᠢᠳ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡᠨ ᠳᠤ ᠬᠦᠷᠴᠦ᠂ ︽ᠬᠢᠵᠢᠭ  ᠢ ᠰᠡᠷᠭᠡᠶᠢᠯᠡᠬᠦ ᠡᠷᠡᠭᠦᠯ ᠮᠡᠨᠳᠦ  ᠶᠢᠨ ᠪᠣᠭᠴᠣ︾ ᠶᠢ ᠪᠠᠭᠯᠠᠪᠠ᠂ ᠳᠠᠷᠠᠭ᠎ᠠ ᠨᠢ ᠠᠵᠢᠯᠲᠠᠳ ᠭᠡᠷ ᠲᠤᠨᠢ ᠬᠦᠷᠴᠦ ᠬᠡᠪᠲᠡᠵᠦ ᠪᠠᠶᠢᠭ᠎ᠠ ᠨᠠᠰᠤᠲᠠᠶᠢᠴᠤᠳ ᠲᠤ ︽ᠬᠢᠵᠢᠭ  ᠢ ᠰᠡᠷᠭᠡᠶᠢᠯᠡᠬᠦ ᠡᠷᠡᠭᠦᠯ ᠮᠡᠨᠳᠦ  ᠶᠢᠨ ᠪᠣᠭᠴᠣ︾ ᠶᠢ ᠬᠦᠷᠭᠡᠭᠰᠡᠨ ᠪᠥᠭᠡᠳ ᠡᠮ ᠬᠡᠷᠡᠭᠯᠡᠬᠦ ᠠᠷᠭ᠎ᠠ  ᠶᠢ ᠬᠠᠯᠠᠰᠢᠷᠠᠯ ᠦᠭᠡᠢ ᠲᠠᠶᠢᠯᠪᠤᠷᠢᠯᠠᠭᠰᠠᠨ ᠪᠠᠶᠢᠨ᠎ᠠ᠃ᠡᠮᠨᠡᠯᠭᠡ ᠶᠢᠨ ᠠᠵᠢᠯᠲᠠᠳ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠡᠷᠡᠭᠦᠯ ᠮᠡᠨᠳᠦ ᠶᠢᠨ ᠪᠣᠭᠴᠣ ᠶᠢᠨ ᠬᠡᠷᠡᠭᠯᠡᠬᠦ ᠠᠷᠭ᠎ᠠ᠂ ᠡᠮ ᠤᠨ ᠪᠣᠳᠠᠲᠠᠢ ᠦᠢᠯᠡᠳᠦᠯ ᠢ ᠨᠠᠷᠢᠨ ᠲᠠᠨᠢᠯᠴᠠᠭᠤᠯᠵᠤ᠂ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠦᠯᠢᠴᠡᠩᠭᠦᠢ ᠪᠠᠷ ᠵᠢᠯᠤᠭᠤᠳᠬᠤ ᠶᠢᠨ ᠬᠠᠮᠲᠤ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠤᠨ ᠠᠯᠢ ᠲᠦᠷᠭᠡᠨ ᠢᠶᠠᠷ ᠸᠠᠺᠼᠢᠨ ᠤ ᠲᠠᠷᠢᠯᠭ᠎ᠠ ᠬᠢᠬᠦ ᠶᠢ ᠵᠣᠷᠢᠭᠵᠢᠭᠤᠯᠵᠠᠢ᠃ᠡᠮᠴᠢ ᠰᠤᠪᠢᠯᠠᠭᠴᠢᠳ ᠪᠠᠰᠠ ᠦᠨᠳᠦᠰᠦᠨ ᠡᠪᠡᠳᠴᠢᠨ ᠲᠠᠢ ᠨᠠᠰᠤᠲᠠᠨ ᠤ ᠴᠢᠰᠤᠨ ᠳᠠᠷᠤᠯᠲᠠ ᠶᠢ ᠬᠡᠮᠵᠢᠬᠦ ᠶᠢᠨ ᠬᠠᠮᠲᠤ ᠨᠠᠰᠤᠲᠠᠨ ᠳᠤ ᠴᠠᠭ ᠲᠤᠬᠠᠢ ᠳᠤᠨᠢ ᠴᠢᠰᠤᠨ ᠳᠠᠷᠤᠯᠲᠠ ᠶᠢ ᠪᠠᠭᠤᠷᠠᠭᠤᠯᠬᠤ ᠡᠮ ᠤᠤᠭᠤᠯᠭᠠᠵᠤ᠂ ᠠᠰᠠᠷᠠᠭᠴᠢ ᠶᠢᠨ ᠭᠡᠷ ᠪᠦᠯᠢ ᠶᠢᠨ ᠬᠢᠨ ᠨᠠᠰᠤᠲᠠᠨ ᠤ ᠴᠢᠰᠤᠨ ᠳᠠᠷᠤᠯᠲᠠ ᠶᠢ ᠴᠠᠭ ᠲᠤᠬᠠᠢ ᠳᠤᠨᠢ ᠠᠩᠬᠠᠷᠴᠤ᠂ ᠠᠰᠠᠭᠤᠳᠠᠯ ᠲᠠᠢ ᠪᠣᠯ ᠲᠡᠷᠡ ᠳᠠᠷᠤᠢ ᠳᠤᠨᠢ ᠡᠮᠴᠢ ᠰᠤᠪᠢᠯᠠᠭᠴᠢ ᠲᠠᠢ ᠬᠠᠷᠢᠯᠴᠠᠬᠤ ᠬᠡᠷᠡᠭᠲᠡᠢ ᠭᠡᠵᠦ ᠵᠠᠬᠢᠵᠠᠢ᠃ᠲᠣᠰ ᠤᠳᠠᠭᠠᠨ ᠤ ᠲᠠᠷᠬᠠᠭᠠᠭᠰᠠᠨ ︽ᠡᠷᠡᠭᠦᠯ ᠮᠡᠨᠳᠦ ᠶᠢᠨ ᠪᠣᠭᠴᠣ︾ ᠳᠤ ᠪᠷᠤᠹᠧᠨ᠂ ᠯᠢᠩᠬᠤᠸᠠᠲᠤ ᠬᠢᠵᠢᠭ ᠢ ᠠᠷᠢᠯᠭᠠᠬᠤ ᠬᠤᠮᠵᠢᠶ᠎ᠠ᠂ ᠳᠤᠯᠠᠭᠠᠨ ᠤ ᠬᠡᠮᠵᠢᠭᠦᠷ ᠵᠡᠷᠭᠡ ᠬᠠᠨᠢᠶᠠᠳᠤ ᠶᠢ ᠵᠣᠭᠰᠤᠭᠠᠬᠤ ᠡᠮ ᠪᠠᠭᠲᠠᠨ᠎ᠠ᠂ ᠬᠡᠷᠡᠭᠯᠡᠬᠦ ᠲᠣᠳᠣᠷᠬᠠᠶᠢᠯᠠᠯᠲᠠ ᠠᠴᠠ ᠭᠠᠳᠠᠨ᠎ᠠ ᠪᠠᠰᠠ ᠨᠡᠶᠢᠭᠡᠮ ᠲᠣᠭᠤᠷᠢᠭ ᠤᠨ ᠬᠠᠷᠢᠯᠴᠠᠬᠤ ᠠᠷᠭ᠎ᠠ ᠮᠠᠶ᠋ᠢᠭ᠂ ᠭᠡᠷ ᠪᠦᠯᠢ ᠶᠢᠨ ᠡᠮᠴᠢ ᠶᠢᠨ ᠬᠠᠷᠢᠯᠴᠠᠬᠤ ᠠᠷᠭ᠎ᠠ ᠮᠠᠶ᠋ᠢᠭ ᠵᠢᠴᠢ ᠡᠷᠡᠭᠦᠯ ᠮᠡᠨᠳᠦ ᠶᠢᠨ ᠬᠢᠵᠢᠭ ᠢ ᠰᠡᠷᠭᠡᠶᠢᠯᠡᠬᠦ ᠵᠢᠭᠠᠯᠲᠠ ᠵᠡᠷᠭᠡ ᠠᠭᠤᠯᠭ᠎ᠠ ᠶᠢ ᠬᠠᠯᠠᠭᠤᠨ ᠰᠡᠳᠬᠢᠯ ᠢᠶᠠᠷ ᠲᠠᠯᠪᠢᠵᠠᠢ᠃      ᠬᠠᠯᠠᠭᠤᠨ ᠳᠤᠯᠠᠭᠠᠨ ᠬᠠᠶᠢᠷ᠎ᠠ ᠲᠠᠢ ︽ᠡᠷᠡᠭᠦᠯ ᠮᠡᠨᠳᠦ ᠶᠢᠨ ᠪᠣᠭᠴᠣ︾ ᠶᠢ ᠰᠠᠭᠤᠭᠠᠯᠢ ᠠᠷᠠᠳ ᠤᠨ ᠭᠠᠷ ᠲᠤ ᠬᠦᠷᠭᠡᠬᠦ ᠶᠢ ᠳᠠᠭᠠᠯᠳᠤᠨ᠂ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠳᠤ᠂ ᠬᠠᠷᠢᠶᠠᠲᠤ ᠣᠷᠣᠨ ᠤ ᠨᠠᠰᠤᠲᠠᠨ ᠼᠦᠢ ᠰᠢᠩ ᠰᠢᠶᠠᠨ ᠰᠡᠳᠬᠢᠯ ᠳᠣᠭᠳᠣᠯᠤᠨ ᠠᠵᠢᠯᠲᠠᠳ ᠲᠤ᠄︽ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠣᠨᠴᠠᠭᠠᠢ ᠴᠠᠭ ᠦᠶ᠎ᠡ ᠳᠤ ᠮᠠᠨ ᠤ ᠨᠠᠰᠤᠲᠠᠨ ᠢ ᠰᠠᠨᠠᠭᠠᠯᠵᠠᠭᠰᠠᠭᠠᠷ ᠢᠷᠡᠵᠠᠢ᠂ ᠮᠠᠨ ᠤ ᠭᠡᠷ ᠲᠤ ᠶᠠᠭ ᠡᠳᠡᠭᠡᠷ ᠶᠠᠭᠤᠮ᠎ᠠ ᠲᠤᠲᠠᠭᠳᠠᠵᠤ ᠪᠠᠶᠢᠨ᠎ᠠ᠂ ᠮᠠᠨ ᠤ ᠨᠠᠰᠤᠲᠠᠨ ᠰᠦᠯᠵᠢᠶᠡᠨ ᠳᠡᠭᠡᠷ᠎ᠡ ᠠᠴᠠ ᠡᠮ ᠬᠤᠳᠠᠯᠳᠤᠨ ᠠᠪᠴᠤ ᠴᠢᠳᠠᠬᠤ ᠦᠭᠡᠢ᠂ ᠭᠠᠳᠠᠭᠰᠢ ᠭᠠᠷᠬᠤ ᠳᠤ ᠪᠠᠰᠠ ᠳᠥᠭᠦᠮ ᠦᠭᠡᠢ᠂ ᠡᠨᠡ ᠬᠦ ᠡᠷᠡᠭᠦᠯ ᠮᠡᠨᠳᠦ ᠶᠢᠨ ᠪᠣᠭᠴᠣ ᠴᠠᠭ ᠲᠠᠭᠠᠨ ᠢᠷᠡᠴᠢᠬᠡᠯ᠎ᠡ᠂ ᠤᠳᠤ ᠰᠡᠳᠬᠢᠯ ᠠᠮᠤᠷ ᠪᠣᠯᠵᠠᠢ︾ᠭᠡᠵᠦ ᠬᠡᠯᠡᠪᠡ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠯᠦ ᠸᠠᠩ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ ᠭᠤᠣᠯᠳᠠᠯᠭ᠎ᠠ ᠲᠠᠢ ᠬᠥᠮᠥᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠬᠠᠯᠬᠠᠪᠴᠢ ᠬᠡᠷᠡᠮ ᠲᠠᠯᠪᠢᠵᠤ᠂ ᠨᠠᠮ ᠤᠨ ᠠᠷᠠᠳ ᠣᠯᠠᠨ ᠢ ᠬᠠᠯᠠᠮᠵᠢᠯᠠᠵᠤ ᠪᠠᠶᠢᠬᠤ ᠶᠢ ᠬᠠᠷᠠᠭᠤᠯᠵᠤ᠂ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠴᠢᠩᠭᠠᠳᠬᠠᠵᠠᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1