︽ᠪᠣᠯᠪᠠᠰᠤᠨ ᠢᠶᠠᠷ ᠲᠣᠯᠢ ᠪᠣᠯᠭᠠᠬᠤ︾ᠳ᠋ᠦᠩ ᠾᠧ ᠲᠣᠭᠤᠷᠢᠭ᠄︽ᠤᠯᠠᠭᠠᠨ ᠬᠤᠪᠴᠠᠰᠦᠲᠦ  ᠰᠠᠶᠢᠨ ᠲᠣᠷᠠᠴᠣᠳ︾ ᠨᠢ ᠪᠣᠯᠪᠠᠰᠤᠨ ᠤ ᠦᠢᠯᠡᠳᠦᠯᠭᠡ ᠳᠤ ᠥᠩᠭᠡ ᠨᠡᠮᠡᠷᠢᠯᠡᠨ᠎ᠡ
ᠨᠡᠶᠢᠲᠡᠯᠡᠭᠰᠡᠨ ᠴᠠᠭ᠄
2023/3/21
     ᠰᠠᠶᠢᠨ ᠳᠤᠷ᠎ᠠ ᠶᠢᠨ ᠦᠢᠯᠡᠴᠢᠯᠡᠭᠡ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ ᠮᠥᠨ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠬᠦ ᠶᠢᠨ ᠴᠢᠬᠤᠯᠠ ᠠᠭᠤᠯᠭ᠎ᠠ ᠮᠥᠨ᠃ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡ ᠳᠤ ᠨᠡᠩ ᠤᠯᠠᠨ ᠲᠠᠪᠴᠠᠩ ᠪᠠᠶᠢᠭᠤᠯᠵᠤ᠂ ᠨᠡᠩ ᠤᠯᠠᠨ ᠳᠡᠮᠵᠢᠯᠭᠡ ᠦᠵᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠳᠦᠷᠢᠮᠵᠢᠯᠲᠡ ᠪᠠᠶᠢᠩᠭᠤᠵᠢᠯᠲᠠ ᠶᠢ ᠠᠬᠢᠭᠤᠯᠵᠤ᠂ ᠰᠠᠭᠤᠭᠠᠯᠢ ᠠᠷᠠᠳ ᠤᠨ ᠬᠡᠷᠡᠭᠴᠡᠭᠡ ᠶᠢᠨ ᠲᠣᠭᠤᠷᠢᠨ ᠳᠤ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠳᠡ ᠦᠭᠡᠢ ᠥᠷᠭᠡᠳᠬᠡᠪᠡ᠃ᠰᠠᠶᠢᠨ ᠳᠤᠷ᠎ᠠ ᠶᠢᠨ ᠠᠵᠢᠯᠯᠠᠭᠴᠢᠳ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠮᠤᠷ ᠠᠮᠤᠭᠤᠯᠠᠩ ᠢ ᠠᠬᠢᠭᠤᠯᠬᠤ᠂ ᠡᠶ᠎ᠡ ᠵᠣᠬᠢᠴᠠᠩᠭᠤᠢ ᠶᠢ ᠪᠠᠶᠢᠭᠤᠯᠬᠤ ᠵᠡᠷᠭᠡ ᠲᠠᠯ᠎ᠠ ᠪᠠᠷ ᠲᠤᠰ ᠲᠤᠰ ᠤᠨ ᠣᠨᠴᠠ ᠴᠢᠳᠠᠪᠤᠷᠢ ᠪᠠ ᠳᠠᠪᠠᠭᠤᠯᠢᠭ ᠢᠶᠠᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠨ ᠲᠦᠮᠡᠨ ᠤ ︽ᠭᠡᠷ ᠤᠨ ᠡᠭᠦᠳᠡ︾ ᠳᠤ ᠬᠦᠷᠭᠡᠵᠦ᠂ ᠦᠵᠡᠰᠬᠦᠯᠡᠩᠲᠦ ᠰᠠᠶᠢᠬᠠᠨ ︽ᠬᠤᠪᠢᠰᠬᠠᠯ ᠤᠨ ᠦᠵᠡᠮᠵᠢ ᠶᠢᠨ ᠣᠷᠣᠨ︾  ᠢ ᠴᠣᠭᠴᠠᠯᠠᠨ ᠪᠠᠶᠢᠭᠤᠯᠵᠠᠢ᠃ᠦᠢᠯᠡᠴᠢᠯᠡᠭᠡᠨ ᠤ ᠡᠩᠨᠡᠭᠡ ᠦᠷᠭᠦᠯᠵᠢᠯᠡᠨ ᠪᠤᠵᠠᠭᠠᠶᠢᠷᠠᠪᠠ      ᠡᠨᠡ ᠵᠢᠯ 61 ᠨᠠᠰᠤᠲᠠᠢ ᠴᠡᠷᠢᠭ ᠠᠴᠠ ᠬᠠᠯᠠᠭᠳᠠᠭᠰᠠᠳ ᠫᠠᠩ ᠶᠢᠨ ᠦ᠋ ᠪᠣᠯ ᠪᠤᠭᠤᠲᠤ ᠬᠤᠳᠠ ᠶᠢᠨ ᠨᠢᠩ ᠸᠧᠨ ᠵᠢᠦᠢ ᠠᠢ ᠨᠡᠶᠢᠭᠡᠮᠯᠢᠭ ᠤᠨ ᠳᠠᠷᠤᠭ᠎ᠠ ᠪᠣᠯᠣᠨ᠎ᠠ᠃ ᠡᠨᠡ ᠵᠢᠯ 61 ᠨᠠᠰᠤᠲᠠᠢ ᠴᠡᠷᠢᠭ ᠠᠴᠠ ᠬᠠᠯᠠᠭᠳᠠᠭᠰᠠᠳ ᠪᠠ ᠴᠡᠷᠢᠭ ᠠᠴᠠ ᠬᠠᠯᠠᠭᠳᠠᠭᠰᠠᠳ ᠫᠠᠩ ᠶᠢᠨ ᠦ᠋ ᠪᠣᠯ ᠪᠤᠭᠤᠲᠤ ᠬᠤᠳᠠ ᠶᠢᠨ ᠵᠢᠦᠢ ᠠᠢ ᠨᠡᠶᠢᠭᠡᠮᠯᠢᠭ ᠤᠨ ᠳᠠᠷᠤᠭ᠎ᠠ ᠪᠣᠯᠣᠨ᠎ᠠ᠃2014 ᠣᠨ ᠤ 1 ᠰᠠᠷ᠎ᠠ ᠳᠤ᠂ ᠫᠠᠩ ᠶᠢᠨ ᠦ᠋ ᠷᠦᠢ ᠹᠥ᠋ᠨ ᠪᠠᠭ᠎ᠠ ᠲᠣᠭᠤᠷᠢᠭ ᠲᠤ ᠥᠮᠴᠢᠲᠡᠨ ᠤ ᠵᠥᠪᠯᠡᠯ ᠢ ᠪᠠᠶᠢᠭᠤᠯᠬᠤ ᠳᠤ ᠣᠷᠣᠯᠴᠠᠭᠰᠠᠨ ᠪᠥᠭᠡᠳ ᠰᠠᠭᠤᠭᠠᠯᠢ ᠠᠷᠠᠳ ᠲᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠪᠠ᠃ᠬᠠᠯᠠᠭᠤᠨ ᠰᠡᠳᠬᠢᠯ ᠲᠠᠢ ᠤᠴᠢᠷ ᠠᠴᠠ ᠬᠠᠪᠰᠤᠷᠬᠤ ᠳᠤᠷᠠᠲᠠᠢ᠂ ᠰᠠᠭᠤᠭᠠᠯᠢ ᠠᠷᠠᠳ ᠤᠨ ᠲᠣᠭᠤᠷᠢᠭ ᠤᠨ ᠨᠢᠭᠡ ᠪᠦᠯᠦᠭ ᠳᠤᠷ᠎ᠠ ᠰᠣᠨᠢᠷᠬᠠᠯ ᠨᠢᠭᠡᠲᠡᠢ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯᠭᠡ ᠲᠠᠢ ᠬᠥᠮᠥᠰ ᠢ ᠠᠭᠠᠵᠢᠮ ᠢᠶᠠᠷ ᠲᠠᠲᠠᠵᠤ᠂ ᠫᠠᠩ ᠶᠢᠨ ᠦ᠋ ᠣᠯᠠᠨ ᠢ ᠵᠣᠬᠢᠶᠠᠨ ᠪᠠᠶᠢᠭᠤᠯᠤᠨ ᠬᠠᠶᠢᠷ᠎ᠠ ᠬᠠᠯᠠᠮᠵᠢ ᠶᠢ ᠨᠢᠭᠲᠠᠷᠠᠭᠤᠯᠬᠤ ᠨᠡᠶᠢᠭᠡᠮᠯᠢᠭ ᠤᠨ ᠦᠢᠯᠡᠴᠢᠯᠡᠭᠡ ᠳᠤ ᠬᠠᠮᠲᠤ  ᠪᠠᠷ ᠣᠷᠣᠯᠴᠠᠵᠤ᠂ ᠡᠭᠦᠨ ᠠᠴᠠ ᠰᠡᠭᠦᠯᠡᠷ ᠲᠡᠷᠡ ᠨᠠᠶᠢᠵᠠ ᠨᠠᠷ ᠲᠠᠢ ᠪᠠᠨ ︽ᠳᠥᠷᠪᠡ ᠶᠢ ᠲᠤᠰᠠᠯᠠᠬᠤ︾ ︵ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ︶ ᠪᠠ ︽ᠳᠥᠷᠪᠡ ᠶᠢ ᠦᠢᠯᠡᠴᠢᠯᠡᠬᠦ︾ ︵ᠭᠡᠷ ᠪᠦᠯᠢ᠂ ᠵᠢᠵᠢᠭ ᠲᠣᠭᠤᠷᠢᠭ᠂ ᠨᠡᠶᠢᠭᠡᠮ ᠲᠣᠭᠤᠷᠢᠭ᠂ ᠨᠡᠶᠢᠭᠡᠮ︶ ᠶᠢᠨ ᠲᠣᠭᠤᠷᠢᠨ ᠳᠤ ᠰᠤᠷᠤᠯᠭ᠎ᠠ ᠶᠢ ᠲᠡᠳᠬᠦᠬᠦ᠂ ᠨᠠᠰᠤᠲᠠᠨ ᠢ ᠲᠤᠰᠠᠯᠠᠬᠤ᠂ ᠵᠡᠮᠳᠡᠭᠴᠦᠳ ᠢ ᠲᠤᠰᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠵᠡᠷᠭᠡ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽2017 ᠣᠨ ᠤ ᠪᠥᠬᠦ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ︾ ︽2018 ᠣᠨ ᠤ ᠪᠤᠭᠤᠲᠤ ᠬᠤᠲᠠ ᠶᠢᠨ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ︾ ︽2018 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠯᠡᠨ ᠵᠢᠱᠢᠯᠲᠡ ᠳᠤ AAA ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ︾ ᠶᠢ ᠭᠥᠷᠳᠡᠪᠡ᠃
     ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠲᠤ ᠭᠡᠷ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠰᠡᠳᠬᠢᠯ ᠰᠠᠨᠠᠭ᠎ᠠ ᠶᠢ ᠨᠢ ᠲᠠᠶᠢᠳᠬᠤᠷᠠᠭᠤᠯᠤᠨ᠎ᠠ︔ᠭᠡᠷ ᠲᠡᠭᠡᠨ ᠬᠤᠴᠣᠷᠤᠭᠰᠠᠨ ᠬᠡᠦᠬᠡᠳ ᠲᠤ ᠠᠮᠢᠳᠤᠷᠠᠯ ᠤᠨ ᠬᠠᠷᠠᠭᠠᠯᠵᠠᠯ᠂ ᠰᠤᠷᠤᠯᠭ᠎ᠠ ᠶᠢᠨ ᠬᠠᠪᠰᠤᠷᠤᠨ ᠵᠢᠯᠣᠭᠤᠳᠤᠯᠭ᠎ᠠ ᠬᠠᠩᠭᠠᠨ᠎ᠠ︔ᠶᠠᠳᠠᠭᠤ ᠬᠦᠴᠢᠷᠳᠡᠯᠲᠡᠢ ᠭᠡᠷ ᠪᠦᠯᠢ ᠪᠣᠯᠣᠨ ᠶᠠᠳᠠᠭᠤ ᠬᠦᠴᠢᠷᠳᠡᠯᠲᠡᠢ ᠰᠤᠷᠤᠭᠴᠢᠳ ᠲᠤ ᠲᠤᠰᠠᠯᠠᠮᠵᠢ ᠬᠠᠩᠭᠠᠪᠠ ᠁ ᠰᠠᠶᠢᠨ ᠳᠤᠷ᠎ᠠ ᠶᠢᠨ ᠠᠵᠢᠯᠯᠠᠭᠴᠢᠳ ᠭᠠᠷᠠᠭ ᠤᠨ ᠰᠡᠭᠦᠯᠴᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢᠶᠠᠨ ᠠᠰᠢᠭᠯᠠᠵᠤ᠂ ᠠᠭᠤᠳᠠᠮ ᠲᠠᠯᠠᠪᠠᠢ ᠶᠢᠨ ᠵᠡᠭᠡᠯᠢ ᠭᠤᠳᠤᠮᠵᠢ ᠪᠠᠷ ᠶᠠᠪᠤᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠢᠶᠠᠷ ᠶᠠᠪᠤᠵᠤ᠂ ᠤᠯᠠᠨ ᠨᠡᠶᠢᠲᠡ ᠶᠢᠨ ᠲᠠᠯᠠᠪᠤᠷ ᠲᠤ ᠭᠦᠨᠵᠡᠭᠡᠶᠢᠷᠡᠵᠦ᠂ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠴᠡᠪᠡᠷᠯᠡᠬᠦ᠂ ᠪᠣᠯᠪᠠᠰᠤᠨ ᠪᠤᠰᠤ ᠠᠵᠢᠯᠯᠠᠭ᠎ᠠ ᠶᠢ ᠢᠳᠬᠠᠨ ᠰᠤᠷᠭᠠᠬᠤ ᠵᠡᠷᠭᠡ ᠠᠵᠢᠯ ᠢ ᠥᠷᠨᠢᠭᠦᠯᠪᠡ︔ᠭᠤᠣᠯ ᠤᠨ ᠵᠠᠮ ᠤᠨ ᠬᠤᠭ ᠨᠣᠪᠰᠢ ᠶᠢ ᠴᠡᠪᠡᠷᠯᠡᠬᠦ᠂ ᠪᠣᠬᠢᠷ ᠤᠰᠤ ᠶᠢ ᠳᠤᠷ᠎ᠠ ᠪᠠᠷ ᠢᠶᠠᠨ ᠭᠠᠳᠠᠭᠰᠢᠯᠠᠭᠤᠯᠬᠤ ᠵᠡᠷᠭᠡ ᠠᠵᠢᠯᠯᠠᠭ᠎ᠠ ᠶᠢ ᠢᠳᠬᠠᠨ ᠵᠠᠯᠠᠷᠠᠭᠤᠯᠬᠤ ᠳᠤ ᠣᠷᠣᠯᠴᠠᠨ᠎ᠠ᠃ᠫᠠᠩ ᠶᠢᠨ ᠦ᠋ ᠶᠢᠨ ᠳᠠᠭᠠᠭᠤᠯᠭ᠎ᠠ ᠪᠠᠷ᠂ ᠨᠡᠶᠢᠭᠡᠮᠯᠢᠭ ᠠᠴᠠ ᠤᠯᠠᠨ ᠥᠪᠡᠷᠮᠢᠴᠡ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠪᠦᠷᠢᠯᠳᠦᠭᠦᠯᠵᠡᠢ᠃ᠣᠲᠣ ᠪᠣᠯᠲᠠᠯ᠎ᠠ᠂ ᠨᠡᠶᠢᠭᠡᠮᠯᠢᠭ ᠤᠨ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠴᠢᠳ ︽ᠳᠥᠷᠪᠡ ᠶᠢ ᠲᠤᠰᠠᠯᠠᠬᠤ︾ ᠠᠵᠢᠯᠯᠠᠭ᠎ᠠ ᠶᠢ 300 ᠭᠠᠷᠤᠢ ᠤᠳᠠᠭ᠎ᠠ ᠥᠷᠨᠢᠭᠦᠯᠵᠦ᠂ ︽ᠳᠥᠷᠪᠡ ᠶᠢ ᠦᠢᠯᠡᠴᠢᠯᠡᠬᠦ︾ ᠠᠵᠢᠯᠯᠠᠭ᠎ᠠ ᠶᠢ 200 ᠭᠠᠷᠤᠢ ᠤᠳᠠᠭ᠎ᠠ ᠥᠷᠨᠢᠭᠦᠯᠵᠦ᠂ 25 ᠶᠠᠳᠠᠭᠤ ᠬᠦᠴᠢᠷᠳᠡᠯᠲᠡᠢ ᠭᠡᠷ ᠪᠦᠯᠢ ᠶᠢ ᠬᠠᠨᠳᠢᠪᠯᠡᠪᠠ᠃ᠲᠡᠳᠡ ᠥᠪᠡᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠤᠨ᠂ ᠡᠯ᠎ᠡ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠦᠢᠯᠡᠰ ᠢ ᠤᠬᠠᠭᠠᠯᠠᠨ ᠥᠷᠨᠢᠭᠦᠯᠵᠦ᠂ ᠰᠠᠶᠢᠨ ᠰᠠᠶᠢᠬᠠᠨ ᠵᠢᠱᠢᠶ᠎ᠡ ᠦᠵᠡᠭᠦᠯᠬᠦ ᠦᠢᠯᠡᠳᠦᠯ ᠢ ᠪᠤᠢ ᠪᠣᠯᠭᠠᠵᠤ᠂ ᠤᠯᠠᠨ ᠲᠦᠮᠡᠨ ᠳᠤ ᠥᠷᠭᠡᠨ ᠢᠶᠠᠷ ᠮᠡᠳᠡᠷᠡᠭᠳᠡᠭᠰᠡᠨ ᠪᠠᠶᠢᠨ᠎ᠠ᠃
     ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠳᠦᠷᠢᠮᠵᠢᠭᠦᠯᠬᠦ᠂ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠠᠬᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢ ᠪᠦᠷᠢᠳᠬᠡᠨ ᠳᠠᠩᠰᠠᠯᠠᠬᠤ ᠶᠢ ᠠᠬᠢᠭᠤᠯᠬᠤ ᠪᠠᠷ ᠰᠠᠭᠤᠷᠢ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠲᠤᠯᠭᠠᠭᠤᠷᠢᠯᠠᠯ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠦᠷᠦᠯ ᠲᠡᠮᠳᠡᠭ ᠢ ᠡᠭᠦᠳᠬᠦ ᠪᠠᠷ ᠭᠠᠷᠳᠠᠴᠠ ᠪᠣᠯᠭᠠᠵᠤ᠂ ᠯᠧᠢ ᠹᠧᠩ ᠠᠴᠠ ᠰᠤᠷᠤᠯᠴᠠᠬᠤ᠂ ᠪᠤᠰᠤᠳ ᠲᠤ ᠬᠤᠪᠢ ᠨᠡᠮᠡᠷᠢ ᠦᠵᠡᠭᠦᠯᠬᠦ᠂ ᠥᠪᠡᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠬᠦᠯᠪᠡ᠃ᠪᠥᠬᠦ ᠣᠷᠣᠨ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ 1᠂ ᠭᠠᠵᠠᠷ 14᠂ ᠥᠷᠲᠡᠭᠡ 115᠂ ᠴᠡᠭ 22 ᠪᠣᠶ︔ᠳ᠋ᠦᠩ ᠾᠧ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠷᠳᠡᠭᠡ᠂ ᠴᠡᠭ ᠤᠨ ᠳᠠᠪᠬᠤᠷᠭ᠎ᠠ ᠳᠤ ᠨᠡᠶᠢᠳᠡ 600 ᠭᠠᠷᠤᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠨᠡᠶᠢᠳᠡ 3000 ᠭᠠᠷᠤᠢ ᠰᠠᠶᠢᠨ ᠳᠤᠷ᠎ᠠ ᠶᠢᠨ ᠦᠢᠯᠡᠴᠢᠯᠡᠭᠴᠢ ᠲᠠᠢ ᠪᠣᠯᠪᠠ︔ᠳ᠋ᠦᠩ ᠾᠧ ᠶᠢᠨ ᠠᠯᠪᠠᠨ ᠵᠢᠷᠤᠮ ᠤᠨ ᠠᠵᠤ ᠦᠢᠯᠡᠳᠪᠦᠷᠢ᠂ ᠳ᠋ᠦᠩ ᠾᠧ ᠲᠣᠭᠤᠷᠢᠭ ᠤᠨ ᠨᠢᠭᠲᠠᠷᠠᠨ ᠳᠤᠯᠠᠭᠠᠯᠠᠬᠤ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠵᠡᠷᠭᠡ ᠰᠠᠶᠢᠨ ᠳᠤᠷ᠎ᠠ ᠶᠢᠨ ᠵᠣᠬᠢᠶᠠᠨ ᠪᠠᠶᠢᠭᠤᠯᠤᠯᠲᠠ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠶᠢᠨ ᠰᠠᠶᠢᠨ ᠳᠤᠷ᠎ᠠ ᠶᠢᠨ ᠵᠣᠬᠢᠶᠠᠨ ᠪᠠᠶᠢᠭᠤᠯᠤᠯᠲᠠ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ ᠬᠤᠳᠠ ᠬᠥᠳᠡᠭᠡ ᠶᠢᠨ ᠬᠤᠭᠤᠷᠣᠨᠳᠤ ᠵᠢᠯ ᠲᠤᠷᠰᠢ ᠬᠥᠭᠵᠢᠶᠡᠨᠲᠡᠢ ᠠᠵᠢᠯᠯᠠᠵᠤ ᠪᠠᠶᠢᠨ᠎ᠠ᠃ᠰᠠᠶᠢᠨ ᠳᠤᠷ᠎ᠠ ᠶᠢᠨ ᠦᠢᠯᠡᠴᠢᠯᠡᠭᠡ ᠶᠢᠨ ᠳᠤᠯᠠᠭᠠᠴᠠ ᠢ ᠳᠠᠮᠵᠢᠭᠤᠯᠬᠤ      ︽ᠸᠠᠩ ᠬᠠᠳᠠᠮ ᠡᠵᠢ ᠠ᠋᠂ ᠪᠢ ᠥᠨᠥᠳᠥᠷ ᠴᠢᠮ᠎ᠠ ᠳᠤ ᠰᠢᠨ᠎ᠡ ᠰᠣᠷᠭᠤᠭ ᠲᠥᠪᠡᠳ ᠬᠠᠰᠢ ᠠᠪᠴᠤ ᠥᠭᠭᠦᠭᠰᠡᠨ ᠶᠤᠮ︾ ᠭᠡᠵᠦ ᠳ᠋ᠦᠩ ᠾᠧ ᠶᠢᠨ ᠠᠯᠪᠠᠨ ᠵᠢᠷᠤᠮ ᠤᠨ ᠠᠵᠤ ᠦᠢᠯᠡᠳᠪᠦᠷᠢ ᠶᠢᠨ ᠬᠠᠷᠢᠭᠤᠴᠠᠯᠭᠠᠲᠠᠨ ᠮᠠ ᠰᠢᠶᠣᠣ ᠯᠢᠨ ᠢᠳᠡᠰᠢᠨ ᠨᠣᠭᠤᠭᠠᠨ ᠤ ᠵᠠᠬ᠎ᠠ ᠳᠡᠯᠭᠡᠭᠦᠷ ᠠᠴᠠ ᠰᠠᠶ᠋ᠢᠬᠠᠨ ᠬᠤᠳᠠᠯᠳᠤᠨ ᠠᠪᠴᠢᠷᠠᠭᠰᠠᠨ ᠰᠢᠨ᠎ᠡ ᠰᠣᠷᠭᠤᠭ ᠢᠳᠡᠰᠢᠨ ᠨᠣᠭᠤᠭ᠎ᠠ ᠪᠠᠨ ᠠᠪᠴᠤ ᠥᠨᠳᠥᠷ ᠨᠠᠰᠤᠲᠠᠢ ᠭᠡᠷ ᠲᠡᠭᠡᠨ ᠬᠤᠴᠣᠷᠤᠭᠰᠠᠨ ᠨᠠᠰᠤᠲᠠᠨ ᠸᠠᠩ ᠯᠢ ᠵᠧᠨ ᠤ ᠭᠡᠷ ᠲᠤ ᠬᠦᠷᠴᠡᠢ᠃ᠭᠡᠷ ᠲᠡᠭᠡᠨ ᠬᠤᠴᠣᠷᠤᠭᠰᠠᠨ ᠨᠠᠰᠤᠲᠠᠨ ᠢ ᠨᠡᠩ ᠰᠢᠰᠲ᠋ᠧᠮ ᠲᠠᠢ ᠨᠡᠩ ᠣᠨᠣᠪᠴᠢᠲᠠᠢ ᠪᠠᠷ ᠬᠠᠪᠰᠤᠷᠤᠨ ᠲᠡᠳᠬᠦᠬᠦ ᠶᠢᠨ ᠲᠥᠯᠥᠭᠡ᠂ 2021 ᠣᠨ ᠳᠤ ᠮᠠ ᠰᠢᠶᠣᠣ ᠯᠢᠨ ᠳᠤᠮᠳᠠᠳᠤ ᠤᠯᠤᠰ ᠤᠨ ᠰᠢᠲᠠᠮᠠᠬᠠᠢ ᠬᠡᠢ᠂ ᠯᠦ ᠴᠧᠩ ᠤᠨ ᠠᠯᠪᠠᠨ ᠭᠡᠷᠡᠴᠢᠯᠡᠭᠡ ᠵᠡᠷᠭᠡ 8 ᠠᠵᠤ ᠠᠬᠤᠶᠢᠯᠠᠯ ᠠᠵᠢᠯ ᠦᠢᠯᠡᠰ ᠤᠨ ᠬᠠᠶᠢᠷ᠎ᠠ ᠬᠠᠯᠠᠮᠵᠢ ᠶᠢᠨ ᠨᠢᠭᠡᠴᠡ ᠲᠠᠢ ᠬᠠᠷᠢᠯᠴᠠᠵᠤ︽ᠭᠡᠷ ᠲᠡᠭᠡᠨ ᠮᠠᠨ ᠤ ᠴᠡᠴᠡ︾ ᠶᠢᠨ ᠭᠡᠷ ᠲᠡᠭᠡᠨ ᠬᠤᠴᠣᠷᠤᠭᠰᠠᠨ ᠨᠠᠰᠤᠲᠠᠨ ᠢ ᠬᠠᠶᠢᠷᠠᠯᠠᠨ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠬᠠᠮᠲᠤ ᠪᠠᠷ︽ᠮᠠᠨ ᠤ ᠭᠡᠷ ᠲᠤ ᠮᠠᠨ ᠤ ᠴᠡᠴᠡ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠪᠠ᠃
     ︽ᠳ᠋ᠦᠩ ᠾᠧ ᠶᠢᠨ ᠵᠢᠷᠤᠮ ᠤᠨ ᠠᠵᠤ ᠦᠢᠯᠡᠳᠪᠦᠷᠢ︾ ᠨᠢ ︽ᠵᠢᠷᠤᠮ︾ ᠢ ᠲᠤᠪᠤᠶᠢᠯᠭᠠᠪᠠ᠃᠃ᠪᠧᠢ ᠯᠢᠶᠠᠩ ᠰᠢᠨ᠎ᠡ ᠲᠣᠭᠤᠷᠢᠭ ᠲᠤ ᠰᠠᠭᠤᠵᠤ ᠪᠠᠶᠢᠭ᠎ᠠ ᠭᠠᠭᠴᠠ ᠨᠠᠰᠤᠲᠠᠨ ᠯᠢᠦ ᠨᠠᠰᠤᠲᠠᠨ᠂ ᠨᠢᠷᠤᠭᠤᠨ ᠤ ᠬᠡᠰᠡᠭ ᠤᠨ ᠮᠡᠰᠡ ᠵᠠᠰᠠᠯ ᠬᠢᠭᠰᠡᠨ ᠤ ᠳᠠᠷᠠᠭ᠎ᠠ ᠵᠥᠪᠬᠡᠨ ᠲᠠᠶᠠᠭ ᠢᠶᠠᠷ ᠢᠶᠠᠨ ᠠᠯᠪᠠ ᠪᠠᠷ ᠬᠥᠳᠡᠯᠵᠦ᠂ ᠬᠦᠦ ᠨᠢ ᠣᠷᠳᠣ ᠬᠤᠭᠤᠴᠠᠭ᠎ᠠ ᠪᠠᠷ ᠭᠠᠳᠠᠨ᠎ᠠ ᠣᠷᠣᠨ ᠳᠤ ᠠᠵᠢᠯᠯᠠᠵᠤ᠂ ᠨᠠᠰᠤᠲᠠᠨ ᠤ ᠠᠮᠢᠳᠤᠷᠠᠯ ᠠᠮᠢᠳᠤᠷᠠᠯ ᠢ ᠬᠠᠷᠠᠭᠠᠯᠵᠠᠵᠤ ᠳᠡᠶᠢᠯᠬᠦ ᠦᠭᠡᠢ ᠪᠣᠯᠵᠠᠢ᠂ ᠮᠠ ᠰᠢᠶᠣᠣ ᠯᠢᠨ ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ ᠲᠡᠷᠡ ᠳᠠᠷᠤᠢ ᠳᠤᠨᠢ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠨᠠᠰᠤᠲᠠᠨ ᠳᠤ ︽ᠬᠠᠶᠢᠷ᠎ᠠ ᠬᠠᠯᠠᠮᠵᠢ ᠶᠢᠨ ᠪᠤᠤᠬᠢᠶ᠎ᠠ︾᠂ ᠬᠤᠭᠤᠯᠠ ᠬᠦᠷᠭᠡᠬᠦ᠂ ᠡᠮ ᠬᠤᠳᠠᠯᠳᠤᠨ ᠠᠪᠬᠤ᠂ ᠥᠷᠥᠭᠡ ᠴᠡᠪᠡᠷᠯᠡᠬᠦ᠂ ᠵᠣᠭᠤᠭᠳᠠᠵᠤ ᠤᠶᠢᠳᠬᠠᠷ ᠰᠡᠷᠭᠦᠭᠡᠬᠦ᠂ ᠪᠥᠬᠦ ᠲᠠᠯ᠎ᠠ ᠶᠢᠨ ︽ᠰᠠᠳᠤᠨ ᠤ ᠮᠠᠶ᠋ᠢᠭ ᠤᠨ︾ ᠦᠢᠯᠡᠴᠢᠯᠡᠭᠡ ᠬᠠᠩᠭᠠᠵᠤ᠂ ᠭᠠᠭᠴᠠᠭᠠᠷ ᠰᠠᠭᠤᠭ᠎ᠠ ᠨᠠᠰᠤᠲᠠᠨ ᠳᠤ ︽ᠥᠲᠡᠯᠪᠡᠯ ᠲᠦᠰᠢᠭ ᠲᠤᠯᠭᠠᠭᠤᠷᠢ ᠲᠠᠢ︾ ᠭᠡᠳᠡᠭ ᠢ ᠮᠡᠳᠡᠷᠡᠭᠦᠯᠪᠡ᠃      ᠬᠦᠰᠡᠯ ᠡᠷᠡᠮᠡᠯᠵᠡᠯ ᠬᠠᠮᠢᠭ᠎ᠠ ᠴᠤ ᠪᠠᠶᠢᠳᠠᠭ᠂ ᠬᠠᠯᠠᠭᠤᠨ ᠳᠤᠯᠠᠭᠠᠨ ᠳᠡᠷᠭᠡᠳᠡ ᠨᠢ ᠪᠠᠶᠢᠳᠠᠭ᠃ᠬᠠᠪᠰᠤᠷᠤᠯᠭ᠎ᠠ ᠦᠵᠡᠭᠦᠯᠬᠦ ᠴᠢᠬᠤᠯᠠᠲᠠᠢ ᠬᠠᠮᠲᠤᠯᠢᠭ ᠲᠤ ᠬᠠᠶᠢᠷ᠎ᠠ ᠬᠠᠯᠠᠮᠵᠢ ᠳᠠᠮᠵᠢᠭᠤᠯᠬᠤ ᠬᠥᠭᠦᠷᠭᠡ ᠪᠠᠶᠢᠭᠤᠯᠵᠤ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠤᠯᠴᠠᠬᠤ ᠤᠬᠠᠮᠰᠠᠷ ᠴᠤ ᠡᠳᠦᠷ ᠢᠷᠡᠬᠦᠶ᠎ᠡ ᠴᠢᠩᠭᠠᠷᠠᠵᠤ᠂ ᠤᠯᠠᠮ ᠠᠴᠠ ᠤᠯᠠᠮ ᠤᠯᠠᠨ ᠨᠠᠮ ᠤᠨ ᠭᠡᠰᠢᠭᠦᠨ ᠺᠠᠳ᠋ᠷᠴᠤᠳ᠂ ︽ᠲᠠᠪᠤᠨ ᠨᠠᠰᠤᠲᠠᠨ︾᠂ ᠶᠣᠰᠣ ᠮᠣᠷᠠᠯ ᠤᠨ ᠵᠢᠱᠢᠶᠡᠴᠢ᠂ ᠨᠤᠲᠤᠭ ᠤᠨ ᠰᠣᠶᠣᠯ ᠤᠨ ᠴᠢᠳᠠᠪᠤᠷᠢᠲᠠᠨ᠂ ᠪᠠᠶᠠᠵᠢᠯ ᠤᠨ ᠳᠠᠭᠠᠭᠤᠯᠤᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠨᠤᠲᠤᠭ ᠤᠨ ᠮᠡᠷᠭᠡᠳ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠣᠷᠤᠯᠴᠠᠬᠤ ᠪᠣᠯᠵᠠᠢ᠃ᠣᠲᠣ ᠪᠣᠯᠲᠠᠯ᠎ᠠ᠂ ︽ᠪᠢ ᠴᠢᠮᠠᠶᠢ ᠬᠠᠪᠰᠤᠷᠬᠤ︾ ᠵᠡᠷᠭᠡ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 2300 ᠭᠠᠷᠤᠢ ᠤᠳᠠᠭ᠎ᠠ ᠥᠷᠨᠢᠭᠦᠯᠵᠦ᠂ 12000 ᠬᠥᠮᠥᠨ ᠤᠳᠠᠭ᠎ᠠ ᠰᠠᠶᠢᠨ ᠳᠤᠷ᠎ᠠ ᠶᠢᠨ ᠠᠵᠢᠯᠯᠠᠭ᠎ᠠ ᠳᠤ ᠣᠷᠣᠯᠴᠠᠵᠤ᠂ 15 ᠲᠦᠮᠡᠨ ᠬᠥᠮᠥᠨ ᠤᠳᠠᠭ᠎ᠠ ᠠᠰᠢᠭ ᠭᠥᠷᠳᠡᠭᠰᠡᠨ ᠪᠠᠶᠢᠨ᠎ᠠ᠃ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭ ᠢ ᠭᠢᠯᠠᠶᠢᠲᠠᠯ᠎ᠠ ᠵᠦᠯᠭᠦᠬᠦ     ᠬᠠᠪᠤᠷ ᠤᠨ ᠡᠬᠢᠨ ᠤ ᠠᠭᠤᠷ ᠠᠮᠢᠰᠬᠤᠯ ᠭᠡᠨᠡᠳᠲᠡ ᠳᠤᠯᠠᠭᠠᠷᠠᠵᠤ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠳ᠋ᠦᠩ ᠭᠤᠸᠠᠨ ᠹᠠᠩ ᠨᠡᠶᠢᠭᠡᠮ ᠲᠣᠭᠤᠷᠢᠭ ᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠱᠠᠨ ᠰᠢ ᠶᠢᠨ ᠪᠢᠨ ᠹᠧᠨ ᠠᠳᠠᠯ ᠠᠬᠤᠢ ᠶᠢᠨ ᠨᠠᠮ ᠤᠨ ᠡᠭᠦᠷ ᠲᠠᠢ ᠭᠠᠷ ᠬᠤᠯᠪᠣᠨ ︽ᠠᠴᠢᠯᠠᠯ ᠲᠠᠢ ᠨᠠᠰᠤᠲᠠᠨ ᠢᠶᠠᠨ ᠬᠦᠨᠳᠦᠯᠡᠵᠦ ᠬᠠᠯᠠᠭᠤᠨ ᠳᠤᠯᠠᠭᠠᠨ ᠬᠦᠰᠡᠯ ᠡᠷᠡᠮᠡᠯᠵᠡᠯ ᠢᠶᠠᠨ ᠬᠦᠷᠭᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠪᠠᠨ 85 ᠨᠠᠰᠤᠨ  ᠠᠴᠠ ᠳᠡᠭᠡᠭᠰᠢᠬᠢ ᠨᠠᠰᠤᠲᠠᠨ ᠤ ᠭᠡᠷ ᠲᠤ ᠬᠦᠷᠴᠦ ᠦᠰᠦ ᠵᠠᠰᠠᠵᠤ᠂ ᠨᠠᠰᠤᠲᠠᠶᠢᠴᠤᠳ ᠲᠤ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠬᠦᠷᠲᠡᠭᠡᠪᠡ᠃
     ᠰᠠᠶᠢᠨ ᠳᠤᠷ᠎ᠠ ᠶᠢᠨ ᠦᠢᠯᠡᠴᠢᠯᠡᠭᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠨᠡᠶᠢᠭᠡᠮ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ ᠳᠠᠶᠢᠴᠢᠯᠠᠵᠤ᠂ ᠬᠠᠷᠢᠶᠠᠲᠤ ᠣᠷᠣᠨ ᠤ ᠠᠵᠤ ᠠᠬᠤᠶᠢᠯᠠᠯ ᠢ ᠨᠢᠭᠲᠠᠷᠠᠭᠤᠯᠵᠤ᠂ ᠨᠠᠮ ᠤᠨ ᠭᠡᠰᠢᠭᠦᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠡᠷᠭᠡ ᠬᠦᠴᠦᠨ ᠢ ᠳᠣᠷᠣᠭᠰᠢ ᠪᠠᠭᠤᠯᠭᠠᠵᠤ᠂ ᠣᠯᠠᠨ ᠲᠠᠯ᠎ᠠ ᠶᠢᠨ ᠬᠢᠨ ᠣᠷᠣᠯᠴᠠᠵᠤ ᠬᠠᠮᠵᠢᠯᠴᠠᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠢ ᠰᠠᠶᠢᠨ ᠳᠤᠷ᠎ᠠ ᠶᠢᠨ ᠦᠢᠯᠡᠴᠢᠯᠡᠭᠡᠨ ᠤ ︽ᠲᠣᠰᠣ ᠨᠡᠮᠡᠬᠦ ᠥᠷᠲᠡᠭᠡ︾᠂ ᠰᠠᠭᠤᠭᠠᠯᠢ ᠠᠷᠠᠳ ᠲᠦᠮᠡᠨ ᠤ ︽ᠣᠶᠤᠨ ᠰᠠᠨᠠᠭᠠᠨ ᠤ ᠭᠡᠷ ᠣᠷᠣᠨ︾ ᠪᠣᠯᠭᠠᠵᠤ᠂ ︽ᠦᠢᠯᠡᠴᠢᠯᠡᠭᠡ ᠡᠳᠦᠷ ᠪᠦᠷᠢ ᠪᠠᠶᠢᠬᠤ᠂ ᠠᠵᠢᠯᠯᠠᠭ᠎ᠠ ᠶᠢ ᠭᠠᠷᠠᠭ ᠲᠤ ᠡᠷᠭᠢᠯᠡᠨ ᠬᠢᠬᠦ᠂ ᠣᠨᠴᠠᠯᠢᠭᠲᠤ ᠰᠠᠷ᠎ᠠ ᠰᠠᠷ᠎ᠠ᠂ ᠥᠯᠢᠭᠡᠷ ᠳᠠᠭᠤᠷᠢᠶᠠᠯ ᠢ ᠬᠥᠮᠥᠨ ᠪᠣᠯᠭᠠᠨ ᠲᠡᠮᠡᠴᠡᠨ ᠣᠯᠬᠤ᠂ ᠵᠣᠯ ᠵᠢᠷᠭᠠᠯ ᠢ ᠡᠳᠦᠷ ᠠᠴᠠ ᠡᠳᠦᠷ ᠥᠨᠳᠥᠷ ᠪᠣᠯᠭᠠᠬᠤ︾ ᠪᠣᠯᠪᠠᠰᠤᠨ ᠠᠭᠤᠷ ᠠᠮᠢᠰᠬᠤᠯ ᠢ ᠪᠣᠶ ᠪᠣᠯᠭᠠᠪᠠ᠃      ︽ᠲᠤᠭ᠎ᠠ ᠲᠣᠮᠰᠢ ᠦᠭᠡᠢ ᠬᠠᠶᠢᠷ᠎ᠠ ᠬᠠᠯᠠᠮᠵᠢ ᠲᠠᠢ ᠬᠥᠮᠥᠰ ᠤᠨ ᠬᠤᠪᠢ ᠨᠡᠮᠡᠷᠢ ᠪᠠ ᠬᠠᠶᠢᠷ᠎ᠠ ᠬᠠᠯᠠᠮᠵᠢ᠂ ᠰᠠᠶᠢᠨ ᠳᠤᠷ᠎ᠠ  ᠶᠢᠨ ᠦᠢᠯᠡᠴᠢᠯᠡᠭᠡᠨ ᠤ ᠰᠦᠷ ᠳᠠᠯᠠᠶᠢᠴᠠᠲᠠᠢ ᠬᠦᠴᠦᠨ  ᠢ ᠨᠢᠭᠲᠠᠷᠠᠭᠤᠯᠵᠤ᠂ ᠲᠡᠳᠡᠨ ᠤ ᠤᠳᠠᠭ᠎ᠠ ᠪᠦᠷᠢ  ᠶᠢᠨ ᠴᠢᠷᠮᠠᠶᠢᠯᠭ᠎ᠠ᠂ ᠰᠠᠶᠢᠨ ᠦᠢᠯᠡ ᠠᠵᠢᠯᠯᠠᠭ᠎ᠠ ᠨᠢ ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ ᠰᠠᠶᠢᠨ ᠳᠤᠷ᠎ᠠ  ᠶᠢᠨ ᠵᠣᠷᠢᠭ ᠰᠠᠨᠠᠭ᠎ᠠ  ᠶᠢ ᠪᠠᠳᠠᠷᠠᠭᠤᠯᠵᠤ ᠂ ᠨᠡᠩ ᠣᠯᠠᠨ ᠰᠠᠭᠤᠭᠠᠯᠢ ᠠᠷᠠᠳ  ᠢ ᠳᠠᠶᠢᠴᠢᠯᠠᠨ ᠨᠥᠯᠥᠭᠡᠯᠡᠵᠦ᠂ ᠰᠠᠶᠢᠨ ᠳᠤᠷ᠎ᠠ  ᠶᠢᠨ ᠦᠢᠯᠡᠴᠢᠯᠡᠭᠡᠨ ᠳᠤ ᠣᠷᠣᠯᠴᠠᠭᠤᠯᠵᠤ᠂ ᠯᠧᠢ ᠹᠧᠩ  ᠠᠴᠠ ᠰᠤᠷᠤᠯᠴᠠᠬᠤ ᠶᠠᠪᠤᠳᠠᠯ  ᠢ ᠠᠷᠠᠳ ᠣᠯᠠᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠣᠯᠭᠠᠵᠤ ᠪᠠᠶᠢᠨ᠎ᠠ︾ ᠭᠡᠵᠡᠢ᠃ ᠳ᠋ᠦᠩ ᠾᠧ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
     ᠳ᠋ᠦᠩ ᠾᠧ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠯ᠎ᠡ ᠲᠦᠷᠦᠯ ᠤᠨ ᠠᠵᠢᠯ ᠨᠢ ᠰᠠᠶᠢᠨ ᠳᠤᠷ᠎ᠠ ᠶᠢᠨ ᠦᠢᠯᠡᠴᠢᠯᠡᠭᠡ ᠪᠠᠷ ᠲᠦᠰᠢᠭ ᠪᠣᠯᠭᠠᠵᠤ᠂ ᠨᠡᠩ ᠴᠤ ᠰᠠᠶᠢᠨ ᠳᠤᠷ᠎ᠠ ᠶᠢᠨ ᠦᠢᠯᠡᠴᠢᠯᠡᠭᠡ ᠪᠠᠷ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ᠦᠢᠯᠡᠴᠢᠯᠡᠭᠡᠨ ᠤ ᠡᠩᠨᠡᠭᠡ ᠶᠢᠨ ᠲᠠᠰᠤᠷᠠᠯᠲᠠ ᠦᠭᠡᠢ ᠪᠤᠵᠠᠭᠠᠶᠢᠷᠠᠬᠤ᠂ ᠦᠢᠯᠡᠴᠢᠯᠡᠭᠡᠨ ᠤ ᠲᠦᠷᠦᠯ ᠲᠡᠮᠳᠡᠭ ᠤᠨ ᠲᠠᠰᠤᠷᠠᠯᠲᠠ ᠦᠭᠡᠢ ᠰᠢᠨ᠎ᠡ ᠶᠢ ᠡᠭᠦᠳᠬᠦ᠂ ᠦᠢᠯᠡᠴᠢᠯᠡᠭᠡᠨ ᠤ ᠠᠴᠢᠶᠠᠯᠠᠪᠤᠷᠢ ᠶᠢᠨ ᠲᠠᠰᠤᠷᠠᠯᠲᠠ ᠦᠭᠡᠢ ᠪᠠᠶᠠᠯᠢᠭᠵᠢᠬᠤ ᠶᠢ ᠳᠠᠭᠠᠯᠳᠤᠨ᠂ ᠳ᠋ᠦᠩ ᠾᠧ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠥᠷᠨᠢᠩᠭᠦᠢ ᠬᠥᠭᠵᠢᠵᠦ᠂ ᠥᠭᠡᠳᠡᠯᠡᠨ ᠲᠠᠪᠰᠢᠬᠤ᠂ ᠪᠤᠶᠠᠨ ᠦᠢᠯᠡᠳᠬᠦ᠂ ᠭᠤᠸ᠎ᠠ ᠰᠠᠶᠢᠬᠠᠨ ᠳᠤ ᠬᠠᠨᠳᠤᠬᠤ ᠬᠦᠴᠦᠷᠬᠡᠭ ᠶᠡᠭᠡ ᠡᠨᠧᠷᠭᠢ ᠶᠢ ᠬᠤᠷᠠᠮᠳᠤᠭᠤᠯᠵᠤ᠂ ᠡᠨᠡᠬᠦ ᠦᠵᠡᠰᠬᠦᠯᠡᠩᠲᠦ ᠰᠠᠶᠢᠬᠠᠨ ᠪᠣᠯᠪᠠᠰᠤᠨ ᠬᠤᠲᠠ ᠶᠢᠨ ᠲᠣᠭᠤᠷᠢᠭ ᠢ ᠦᠷᠭᠦᠯᠵᠢᠯᠡᠨ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1