ᠳ᠋ᠦᠩ ᠾᠧ ᠲᠣᠭᠤᠷᠢᠭ᠄ ᠤᠯᠠᠭᠠᠨ ᠥᠩᠭᠡᠲᠦ  ᠠᠳᠠᠯ ᠠᠬᠤᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2023/3/21
      ᠠᠳᠠᠯ ᠠᠬᠤᠢ ᠶᠢᠨ ᠦᠢᠯᠡᠴᠢᠯᠡᠭᠡ ᠨᠢ ᠲᠦᠭ ᠲᠦᠮᠡᠨ ᠠᠶᠢᠯ ᠡᠷᠤᠭᠡ ᠲᠠᠢ ᠬᠤᠯᠪᠣᠭᠳᠠᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠲᠠᠢ ᠬᠤᠯᠪᠣᠭᠳᠠᠵᠤ ᠪᠠᠶᠢᠳᠠᠭ᠃ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠪᠦᠬᠦ ᠬᠦᠴᠦᠨ ᠢᠶᠠᠷ ᠢᠶᠠᠨ ᠨᠠᠪᠲᠠᠷᠡᠭᠦᠯᠵᠦ᠂ ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ︽ᠬᠤᠪᠢᠰᠬᠠᠯ ᠤᠨ︾ ᠠᠷᠭ᠎ᠠ ᠵᠠᠮ ᠢ ᠲᠠᠰᠤᠷᠠᠯᠲᠠ ᠦᠭᠡᠢ ︽ᠬᠤᠪᠢᠰᠬᠠᠯᠲᠤ ᠠᠳᠠᠯ ᠠᠬᠤᠢ︾ ᠶᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠶᠢ ᠦᠨᠳᠦᠰᠦᠨ ᠱᠠᠲᠤᠨ ᠤ ᠵᠠᠰᠠᠯᠲᠠ ᠶᠢᠨ ︽ᠭᠤᠣᠯᠳᠠᠯᠭ᠎ᠠ︾ ᠪᠣᠯᠭᠠᠵᠤ᠂ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ ᠪᠠᠶᠢᠭᠤᠯᠬᠤ ᠶᠢ ᠪᠣᠳᠠᠲᠠᠢ ᠪᠠᠷ ᠠᠳᠬᠤᠨ᠂ ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠵᠢᠵᠢᠭ ᠲᠣᠭᠤᠷᠢᠭ ᠤᠨ ᠥᠪᠡᠷᠲᠡᠭᠡᠨ ᠵᠠᠰᠠᠬᠤ᠂ ᠥᠪᠡᠷᠲᠡᠭᠡᠨ ᠬᠠᠮᠢᠶᠠᠷᠬᠤ ︽ᠬᠤᠪᠢᠰᠬᠠᠯᠲᠤ ᠬᠥᠳᠡᠯᠭᠡᠭᠦᠷ︾ ᠢ ᠲᠠᠰᠤᠷᠠᠯᠲᠠ ᠦᠭᠡᠢ ᠬᠥᠭᠵᠢᠭᠡᠨ᠂ ᠠᠳᠠᠯ ᠠᠬᠤᠢ ᠶᠢ ︽ᠬᠥᠭᠵᠢᠭᠡᠨ︾᠂ ᠵᠢᠵᠢᠭ ᠲᠣᠭᠤᠷᠢᠭ ᠢ ︽ᠠᠮᠢᠳᠤᠯᠢᠭ︾᠂ ᠠᠷᠠᠳ ᠤᠨ ᠰᠡᠳᠬᠢᠯ ᠢ ︽ᠳᠤᠯᠠᠭᠠᠬᠠᠨ︾ ᠪᠣᠯᠭᠠᠵᠤ᠂ ᠨᠡᠶᠢᠭᠡᠮ ᠲᠣᠭᠤᠷᠢᠭ ᠢ ᠬᠤᠪᠢᠷᠠᠯᠲᠠ ᠲᠠᠢ᠂ ᠥᠮᠴᠢᠲᠡᠨ ᠢ ᠪᠣᠳᠠᠲᠤ ᠠᠰᠢᠭ ᠲᠤᠰᠠ ᠲᠠᠢ᠂ ᠨᠡᠶᠢᠭᠡᠮ ᠤᠨ ᠮᠡᠳᠡᠷᠡᠮᠵᠢ ᠲᠠᠢ ᠪᠣᠯᠭᠠᠨ᠎ᠠ᠃
    ︽ᠤᠯᠠᠨ ᠢᠶᠠᠷ ᠢᠶᠠᠨ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠠᠰᠠᠭᠤᠳᠠᠯ ᠲᠠᠢ ᠪᠣᠯ ᠪᠢᠳᠠ ᠬᠠᠮᠲᠤ ᠪᠠᠷ ᠵᠥᠪᠳᠡᠯᠴᠡᠵᠦ ᠪᠠᠶᠢᠭᠠᠳ ᠰᠢᠢᠳᠪᠦᠷᠢᠯᠡᠶ᠎ᠡ︾ᠭᠡᠵᠦ ᠬᠡᠯᠡᠪᠡ᠃ ︽3 ᠳ᠋ᠤᠭᠠᠷ ᠠᠰᠠᠷ ᠤᠨ ᠬᠤᠩᠭᠢᠯ ᠤᠨ ᠰᠢᠯ᠂ ᠬᠤᠯᠠᠭᠠᠢ ᠶᠢ ᠰᠡᠷᠭᠡᠶᠢᠯᠡᠬᠦ ᠡᠭᠦᠳᠡ ᠬᠠᠭᠤᠴᠢᠷᠠᠵᠤ ᠡᠪᠳᠡᠷᠡᠭᠰᠡᠨ ᠢ ᠠᠳᠠᠯ ᠠᠬᠤᠢ ᠶᠢᠨ ᠭᠠᠵᠠᠷ ᠤᠨ ᠬᠢᠨ ᠬᠡᠷᠬᠢᠨ ᠲᠤᠶᠢᠯᠪᠤᠷᠢᠲᠠᠢ ᠰᠢᠢᠳᠪᠦᠷᠢᠯᠡᠬᠦ ᠶᠢ ᠦᠵᠡᠶ᠎ᠡ ᠁︾ ᠲᠢᠶ᠋ᠧ ᠰᠢ ᠵᠡᠭᠡᠯᠢ ᠶᠢᠨ ᠱᠧᠨ ᠯᠦᠩ ᠨᠡᠶᠢᠭᠡᠮ ᠲᠣᠭᠤᠷᠢᠭ ᠤᠨ ᠵᠢᠩ ᠶᠤᠸᠠᠨ ᠵᠢᠵᠢᠭ ᠲᠣᠭᠤᠷᠢᠭ ᠤᠨ ᠥᠷᠨᠢᠭᠦᠯᠦᠭᠰᠡᠨ ᠬᠠᠮᠲᠤᠷᠠᠭᠰᠠᠨ ᠵᠥᠪᠯᠡᠯ ᠤᠨ ᠳᠣᠲᠣᠷ᠎ᠠ᠂ ᠨᠡᠶᠢᠭᠡᠮ ᠲᠣᠭᠤᠷᠢᠭ᠂ ᠠᠳᠠᠯ ᠠᠬᠤᠢ᠂ ᠠᠵᠤ ᠦᠢᠯᠡᠰ ᠤᠨ ᠵᠥᠪᠯᠡᠯ ᠭᠤᠷᠪᠠᠨ ᠲᠠᠯ᠎ᠠ ᠶᠢᠨ ᠬᠢᠨ ᠲᠠᠨ ᠢ ᠲᠥᠯᠥᠭᠡᠯᠡᠨ ᠣᠶᠢᠷ᠎ᠠ ᠶᠢᠨ ᠬᠤᠭᠤᠴᠠᠭᠠᠨ ᠤ ᠵᠢᠵᠢᠭ ᠲᠣᠭᠤᠷᠢᠭ ᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠨᠢᠭᠡ ᠨᠢᠭᠡ ᠪᠠᠷ ᠶᠠᠷᠢᠯᠴᠠᠵᠤ ᠪᠠᠶᠢᠨ᠎ᠠ᠃      ᠠᠳᠠᠯ ᠠᠬᠤᠢ ᠶᠢᠨ ᠦᠢᠯᠡᠰ ᠢ ᠦᠨᠡᠨᠬᠦ ᠬᠥᠭᠵᠢᠭᠦᠯᠬᠦ ᠶᠢᠨ ᠲᠥᠯᠥᠭᠡ᠂ ︽ᠰᠠᠶᠢᠨ︾ ᠳᠤ ᠦᠢᠯᠡᠴᠢᠯᠡᠬᠦ ᠶᠢᠨ ᠲᠥᠯᠥᠭᠡ᠂ ᠠᠳᠠᠯ ᠠᠬᠤᠢ ᠶᠢᠨ ᠦᠢᠯᠡᠴᠢᠯᠡᠭᠡᠨ ᠤ ᠰᠠᠭᠤᠭᠠᠯᠢ ᠠᠷᠠᠳ ᠲᠤ ᠪᠣᠳᠠᠲᠤ ᠶᠠᠪᠤᠳᠠᠯ ᠬᠢᠬᠦ᠂ ᠬᠦᠴᠢᠷ ᠶᠠᠪᠤᠳᠠᠯ ᠢ ᠰᠢᠢᠳᠪᠦᠷᠢᠯᠡᠬᠦ᠂ ᠰᠠᠶᠢᠨ ᠶᠠᠪᠤᠳᠠᠯ ᠬᠢᠬᠦ ᠶᠢ ᠦᠨᠡᠨᠬᠦ ᠠᠬᠢᠭᠤᠯᠵᠤ᠂ ᠵᠢᠩ ᠶᠤᠸᠠᠨ ᠪᠠᠭ᠎ᠠ ᠲᠣᠭᠤᠷᠢᠭ ᠤᠨ ᠰᠢᠨ ᠾᠧᠩ ᠰᠢᠨ ᠠᠳᠠᠯ ᠠᠬᠤᠢ ᠶᠢᠨ ᠦᠢᠯᠡᠴᠢᠯᠡᠭᠡᠨ ᠤ ᠺᠣᠮᠫᠠᠨᠢ ᠪᠠᠶᠢᠭᠤᠯᠤᠮᠵᠢ ᠶᠢᠨ ᠪᠤᠰᠤ ᠨᠠᠮ ᠤᠨ ᠡᠭᠦᠷ ᠪᠠᠶᠢᠭᠤᠯᠵᠤ᠂ ᠨᠠᠮ ᠤᠨ ᠭᠡᠰᠢᠭᠦᠨ ᠢᠶᠠᠷ ᠭᠤᠣᠯᠯᠠᠭᠴᠢ ᠬᠦᠴᠦᠨ ᠪᠣᠯᠭᠠᠵᠤ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠬᠦᠴᠦᠲᠦ ᠡᠩᠨᠡᠭᠡ ᠶᠢ ᠪᠦᠷᠢᠯᠳᠦᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠵᠥᠪᠯᠡᠯ ᠢ ᠬᠤᠷᠠᠯᠳᠤᠭᠤᠯᠤᠨ᠂ ︽ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ + ᠠᠳᠠᠯ ᠠᠬᠤᠢ ᠶᠢᠨ ᠨᠠᠮ ᠤᠨ ᠡᠭᠦᠷ + ᠠᠵᠢᠯ ᠦᠢᠯᠡᠰ ᠤᠨ ᠵᠥᠪᠯᠡᠯ︾ ᠤᠨ ᠲᠥᠯᠥᠭᠡᠯᠡᠭᠴᠢ ᠶᠢᠨ ︽ᠭᠤᠷᠪᠠᠨ ᠲᠠᠯ᠎ᠠ︾ ᠶᠢᠨ ᠬᠡᠷᠡᠭ ᠵᠥᠪᠯᠡᠵᠦ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠰᠠᠭᠤᠭᠠᠯᠢ ᠠᠷᠠᠳ ᠤᠨ ᠲᠤᠰᠬᠠᠭᠰᠠᠨ ᠬᠠᠯᠠᠮᠰᠢᠯ ᠠᠰᠠᠭᠤᠳᠠᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠨ ᠶᠠᠷᠢᠯᠴᠠᠵᠤ᠂ ᠰᠢᠢᠳᠪᠦᠷᠢᠯᠡᠬᠦ ᠶᠢ ᠬᠠᠮᠲᠤ ᠪᠠᠷ ᠲᠦᠯᠬᠢᠨ ᠠᠬᠢᠭᠤᠯᠵᠤ᠂ ᠬᠠᠮᠲᠤ ᠪᠠᠷ ᠵᠥᠪᠳᠡᠯᠴᠡᠨ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ︽ᠭᠠᠭᠴᠠᠭᠠᠷ ᠢᠶᠠᠨ ᠡᠷᠬᠡ ᠮᠡᠳᠡᠬᠦ︾ ᠶᠢ ︽ᠤᠯᠠᠨ ᠢᠶᠠᠷ ᠢᠶᠠᠨ ᠶᠠᠷᠢᠯᠴᠠᠬᠤ︾ ᠪᠣᠯᠭᠠᠨ ᠬᠤᠪᠢᠷᠠᠭᠤᠯᠤᠨ᠎ᠠ᠃ᠡᠭᠦᠨ ᠤ ᠬᠠᠮᠲᠤ ᠪᠠᠰᠠ ︽ᠨᠠᠮ ᠤᠨ ᠪᠠᠶᠢᠭᠤᠯᠤᠯᠲᠠ + ᠨᠡᠶᠢᠭᠡᠮ ᠲᠣᠭᠤᠷᠢᠭ᠂ ᠨᠠᠮ ᠤᠨ ᠪᠠᠶᠢᠭᠤᠯᠤᠯᠲᠠ + ᠠᠷᠠᠳ ᠤᠨ ᠴᠠᠭᠳᠠᠭ᠎ᠠ᠂ ᠨᠠᠮ ᠤᠨ ᠪᠠᠶᠢᠭᠤᠯᠤᠯᠲᠠ + ᠠᠳᠠᠯ ᠠᠬᠤᠢ᠂ ᠨᠠᠮ ᠤᠨ ᠪᠠᠶᠢᠭᠤᠯᠤᠯᠲᠠ + ᠰᠠᠶᠢᠨ ᠳᠤᠷ᠎ᠠ ᠶᠢᠨ ᠠᠵᠢᠯᠯᠠᠭᠴᠢ︾ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠭᠰᠡᠨ ︽ᠬᠤᠪᠢᠰᠬᠠᠯ ᠤᠨ ᠠᠳᠠᠯ ᠠᠬᠤᠢ︾ ᠶᠢᠨ ᠰᠢᠨ᠎ᠡ ᠵᠠᠭᠪᠤᠷ ᠢ ᠬᠡᠷᠡᠭᠵᠢᠭᠦᠯᠵᠦ᠂ ᠭᠤᠣᠯᠳᠠᠭᠤ ᠥᠮᠴᠢᠲᠡᠨ ᠳᠤ ᠦᠢᠯᠡᠴᠢᠯᠡᠬᠦ᠂ ᠠᠳᠠᠯ ᠠᠬᠤᠢ ᠶᠢᠨ ᠬᠠᠮᠢᠶᠠᠷᠤᠯᠲᠠ ᠪᠠᠷ ᠭᠤᠣᠯ ᠠᠭᠤᠯᠭ᠎ᠠ ᠪᠣᠯᠭᠠᠵᠤ᠂ ᠥᠮᠴᠢᠲᠡᠨ ᠤ ᠣᠯᠠᠨ ᠲᠦᠮᠡᠨ ᠲᠠᠢ ᠬᠠᠷᠢᠯᠴᠠᠵᠤ ᠳᠡᠶᠢᠯᠬᠦ ᠨᠢᠭᠡᠨ ᠰᠠᠯᠠᠭ᠎ᠠ ᠬᠦᠴᠦᠲᠡᠢ ᠡᠩᠨᠡᠭᠡ ᠶᠢ ᠪᠦᠷᠢᠯᠳᠦᠭᠦᠯᠵᠦ᠂ ᠥᠮᠴᠢᠲᠡᠨ ᠳᠤ ᠬᠠᠮᠲᠤ ᠪᠠᠷ ᠳᠣᠲᠣᠨᠣ ᠦᠢᠯᠡᠴᠢᠯᠡᠨ᠎ᠡ᠃
     ︽ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ  ᠶᠢᠨ ᠺᠣᠮᠫᠠᠨᠢ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ ᠤ ᠳᠠᠷᠠᠭ᠎ᠠ᠂ ᠡᠯ᠎ᠡ ᠵᠦᠢᠯ ᠤᠨ ᠴᠢᠨᠠᠷ ᠴᠢᠨᠰᠠᠭ᠎ᠠ  ᠶᠢᠨ ᠦᠢᠯᠡᠴᠢᠯᠡᠭᠡ ᠲᠠᠰᠤᠷᠠᠯᠲᠠ ᠦᠭᠡᠢ ᠳᠡᠭᠡᠭᠰᠢᠯᠡᠵᠦ᠂ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ᠂ ᠵᠣᠯ ᠵᠢᠷᠭᠠᠯ ᠤᠨ ᠰᠡᠳᠬᠢᠭᠳᠡᠯ ᠲᠠᠰᠤᠷᠠᠯᠲᠠ ᠦᠭᠡᠢ ᠳᠡᠭᠡᠭᠰᠢᠯᠡᠵᠡᠢ᠃ ᠡᠨᠡ ᠪᠣᠯ ᠰᠠᠭᠤᠭᠠᠯᠢ ᠠᠷᠠᠳ ᠤᠨ ᠨᠠᠮ ᠤᠨ ᠵᠣᠬᠢᠶᠠᠨ ᠪᠠᠶᠢᠭᠤᠯᠤᠯᠲᠠ  ᠶᠢ ᠢᠲᠡᠭᠡᠵᠦ ᠪᠠᠶᠢᠭ᠎ᠠ ᠶᠠᠪᠤᠳᠠᠯ ᠮᠥᠨ᠂ ᠪᠠᠰᠠ ᠴᠤ ᠮᠠᠨ ᠤ ᠠᠵᠢᠯ  ᠢ ᠮᠡᠳᠡᠷᠡᠵᠦ ᠪᠠᠶᠢᠭ᠎ᠠ ᠶᠠᠪᠤᠳᠠᠯ ᠮᠥᠨ︾᠃ ᠭᠡᠵᠦ ᠲᠢᠶᠸ ᠰᠢ ᠵᠡᠭᠡᠯᠢ ᠭᠤᠳᠤᠮᠵᠢ ᠶᠢᠨ ᠱᠥ᠋ᠨ ᠯᠦᠩ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠪᠠᠢ ᠰᠢᠤᠸᠠᠢ ᠬᠡᠯᠡᠪᠡ᠃      ᠠᠳᠠᠯ ᠠᠬᠤᠢ ᠶᠢᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠬᠤ ᠮᠥᠷᠲᠡᠭᠡᠨ ᠪᠠᠰᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠠᠵᠢᠯ ᠢ ᠠᠷᠠᠳ ᠣᠯᠠᠨ ᠲᠠᠢ ᠨᠢᠭᠲᠠ ᠬᠤᠯᠪᠣᠭ᠎ᠠ ᠲᠠᠢ ᠠᠳᠠᠯ ᠠᠬᠤᠢ ᠶᠢᠨ ᠦᠢᠯᠡᠴᠢᠯᠡᠭᠡᠨ ᠳᠤ ᠬᠦᠷᠲᠡᠯ᠎ᠡ ᠦᠷᠭᠦᠯᠵᠢᠯᠡᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠠᠳᠠᠯ ᠠᠬᠤᠢ ᠶᠢᠨ ᠺᠣᠮᠫᠠᠨᠢ ᠪᠠ ᠥᠮᠴᠢᠲᠡᠨ ᠤ ᠬᠠᠷᠢᠴᠠᠭ᠎ᠠ ᠶᠢ ᠴᠤ ᠣᠶᠢᠷᠠᠲᠤᠭᠤᠯᠪᠠ᠃ᠣᠳᠣᠬᠠᠨ ᠳᠤ᠂︽ᠬᠤᠪᠢᠰᠬᠠᠯ ᠤᠨ ᠠᠳᠠᠯ ᠠᠬᠤᠢ︾ᠳ᠋ᠦᠩ ᠾᠧ ᠲᠣᠭᠤᠷᠢᠭ ᠲᠤ ᠦᠨᠳᠦᠰᠦᠯᠡᠭᠰᠡᠨ ᠢᠶᠠᠷ ᠪᠠᠷᠠᠬᠤ ᠦᠭᠡᠢ ᠨᠡᠩ ᠴᠤ ᠭᠦᠨᠵᠡᠭᠡᠶᠢᠷᠡᠨ ᠬᠥᠭᠵᠢᠪᠡ᠃ᠣᠲᠣ ᠪᠣᠯᠲᠠᠯ᠎ᠠ᠂ ᠳ᠋ᠦᠩ ᠾᠧ ᠲᠣᠭᠤᠷᠢᠭ ᠤᠨ ᠬᠢᠨ ︽ᠬᠤᠪᠢᠰᠬᠠᠯ ᠤᠨ ᠠᠳᠠᠯ ᠠᠬᠤᠢ︾ ᠶᠢᠨ ᠵᠢᠭᠰᠠᠭᠠᠯ ᠤᠨ ᠭᠠᠵᠠᠷ ᠢ ᠨᠡᠶᠢᠲᠡ 21 ᠪᠠᠶᠢᠭᠤᠯᠵᠤ᠂ ᠪᠥᠬᠦ ᠣᠷᠣᠨ ᠤ ︽ᠬᠤᠪᠢᠰᠬᠠᠯ ᠤᠨ ᠠᠳᠠᠯ ᠠᠬᠤᠢ︾ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃
     ︽ᠲᠠ ᠡᠨᠡ ᠤᠳᠠᠭ᠎ᠠ 100 ᠲᠥᠭᠦᠷᠢᠭ ᠵᠠᠷᠤᠴᠠᠭᠤᠯᠪᠠᠯ 3 ᠬᠤᠪᠢ ᠬᠤᠷᠠᠮᠳᠤᠭᠤᠯᠵᠤ ᠪᠣᠯᠣᠨ᠎ᠠ᠂ ᠥᠭᠡᠷ᠎ᠡ ᠪᠠᠷ ᠬᠡᠯᠡᠪᠡᠯ ᠠᠳᠠᠯ ᠠᠬᠤᠢ  ᠶᠢᠨ ᠵᠠᠷᠤᠳᠠᠯ ᠤᠨ ᠨᠡᠶᠢᠲᠡ 3 ᠲᠥᠭᠦᠷᠢᠭ  ᠢ ᠪᠤᠴᠠᠭᠠᠨ ᠥᠭᠴᠦ ᠪᠣᠯᠣᠨ᠎ᠠ᠂ ᠪᠢᠳᠡ ᠨᠢᠭᠡᠨᠲᠡ ᠲᠠᠪᠴᠠᠩ ᠳᠡᠭᠡᠷ᠎ᠡ ᠲᠠᠨ ᠳᠤ ᠳᠠᠩᠰᠠᠯᠠᠭᠤᠯᠵᠤ ᠥᠭᠭᠦᠯ᠎ᠡ︾᠃ ᠣᠶᠢᠷ᠎ᠠ ᠳᠤ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠨᠠᠨ ᠯᠦᠩ ᠸᠠᠩ ᠮᠢᠶᠣᠣ ᠨᠡᠶᠢᠭᠡᠮ ᠲᠣᠭᠤᠷᠢᠭ ᠤᠨ ᠰᠢᠩ ᠶᠤᠸᠠᠢ ᠭᠡᠷ ᠣᠷᠣᠨ ᠤ ᠣᠶᠤᠨᠲᠤ ᠪᠠᠷᠠᠭ᠎ᠠ ᠬᠤᠳᠠᠯᠳᠤᠬᠤ ᠮᠠᠰᠢᠨ ᠳᠡᠭᠡᠷ᠎ᠡ᠂ ᠰᠤᠷᠪᠤᠯᠵᠢᠯᠠᠭᠴᠢ ᠢᠳᠡᠰᠢᠨ ᠲᠣᠰᠣ᠂ ᠠᠮᠢᠳᠤᠷᠠᠯ ᠤᠨ ᠬᠡᠷᠡᠭᠰᠡᠯ ᠵᠡᠷᠭᠡ ᠡᠯ᠎ᠡ ᠵᠦᠢᠯ ᠤᠨ ᠲᠠᠸᠠᠷ ᠤᠨ ᠨᠢᠳᠦ ᠭᠢᠯᠠᠰᠤᠮ᠎ᠠ ᠪᠠᠶᠢᠬᠤ ᠶᠢ ᠣᠯᠵᠤ ᠬᠠᠷᠠᠭᠰᠠᠨ ᠪᠥᠭᠡᠳ ᠪᠠᠷᠠᠭ᠎ᠠ ᠬᠤᠳᠠᠯᠳᠤᠨ ᠠᠪᠬᠤ ᠪᠠᠷ ᠢᠷᠡᠭᠰᠡᠨ ᠰᠠᠭᠤᠭᠠᠯᠢ ᠠᠷᠠᠳ ᠴᠤ ᠲᠠᠰᠤᠷᠠᠯᠲᠠ ᠦᠭᠡᠢ ᠣᠯᠠᠰᠢᠷᠠᠵᠤ ᠪᠠᠶᠢᠨ᠎ᠠ᠃ᠠᠳᠡ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ 100 ᠲᠥᠭᠦᠷᠢᠭ ᠵᠠᠷᠤᠬᠤ ᠪᠦᠷᠢ 3 ᠬᠤᠪᠢ ᠬᠤᠷᠠᠮᠳᠤᠭᠤᠯᠵᠤ᠂ ᠵᠢᠯ ᠤᠨ ᠡᠴᠦᠰ ᠤᠨ ᠶᠡᠷᠦᠩᠬᠡᠢ ᠬᠤᠷᠠᠮᠳᠤᠯ ᠬᠤᠪᠢ ᠪᠠᠷ ᠠᠳᠠᠯ ᠠᠬᠤᠢ ᠶᠢᠨ ᠵᠠᠷᠤᠳᠠᠯ ᠢ ᠲᠤᠯᠭᠠᠨ ᠰᠠᠭᠤᠯᠭᠠᠵᠤ ᠪᠣᠯᠣᠨ᠎ᠠ ᠁ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠶᠢᠮᠦᠷᠬᠦ ᠠᠷᠭ᠎ᠠ ᠬᠡᠮᠵᠢᠶ᠎ᠡ  ᠨᠢ ᠪᠧᠢ ᠯᠢᠶᠠᠩ ᠤᠨ ᠠᠳᠠᠯ ᠠᠬᠤᠢ ᠶᠢᠨ ᠪᠡᠯᠡ ᠣᠷᠣᠭᠤᠯᠤᠯᠲᠠ ᠶᠢᠨ 200 ᠭᠠᠷᠤᠢ ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠣᠶᠤᠨᠲᠤ ᠪᠠᠷᠠᠭ᠎ᠠ ᠬᠤᠳᠠᠯᠳᠤᠬᠤ ᠮᠠᠰᠢᠨ ᠤ ᠦᠢᠯᠡᠴᠢᠯᠡᠭᠡ᠂ ᠣᠶᠤᠨᠲᠤ ᠴᠠᠬᠢᠯᠭᠠᠨ ᠴᠡᠨᠡᠭᠯᠡᠬᠦ ᠱᠣᠩ᠂ ᠣᠶᠤᠨᠲᠤ ᠬᠢᠨᠠᠨ ᠡᠵᠡᠮᠳᠡᠬᠦ ᠵᠡᠷᠭᠡ ᠦᠢᠯᠡᠴᠢᠯᠡᠭᠡᠨ ᠤ ᠲᠠᠪᠴᠠᠩ ᠠᠴᠠ ᠪᠣᠯᠤᠭᠰᠠᠨ ᠶᠤᠮ᠃ ︽ᠬᠡᠷᠡᠭᠯᠡᠭᠡᠨ ᠤ ᠬᠤᠷᠠᠮᠳᠤᠯ ᠬᠤᠪᠢ ᠪᠠᠷ ᠠᠳᠠᠯ ᠠᠬᠤᠢ ᠶᠢᠨ ᠵᠠᠷᠤᠳᠠᠯ ᠢ ᠣᠷᠣᠯᠠᠭᠤᠯᠬᠤ︾ ᠰᠢᠨ᠎ᠡ ᠶᠢ ᠡᠭᠦᠳᠬᠦ ᠵᠠᠭᠪᠤᠷ ᠨᠢ ᠰᠠᠭᠤᠭᠠᠯᠢ ᠠᠷᠠᠳ ᠤᠨ ᠣᠶᠢᠷ᠎ᠠ ᠬᠠᠪᠢ ᠳᠠᠭᠠᠨ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠵᠠᠷᠤᠳᠠᠯ ᠢ ᠬᠤᠷᠢᠶᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠨᠠᠮᠳᠠᠭᠤᠯᠵᠤ᠂ ᠰᠠᠭᠤᠭᠠᠯᠢ ᠠᠷᠠᠳ ᠲᠤ ᠰᠢᠨ᠎ᠡ ᠮᠠᠶ᠋ᠢᠭ ᠤᠨ ᠣᠶᠤᠨᠲᠤ ᠠᠳᠠᠯ ᠠᠬᠤᠢ ᠶᠢᠨ ᠨᠡᠶᠢᠭᠡᠮ ᠲᠣᠭᠤᠷᠢᠭ ᠤᠨ ᠠᠪᠴᠢᠷᠠᠭᠰᠠᠨ ᠪᠣᠳᠠᠲᠤ ᠠᠰᠢᠭ ᠪᠠ ᠲᠥᠬᠦᠮ ᠨᠥᠬᠦᠴᠡᠯ ᠢ ᠦᠨᠡᠨ ᠬᠦ ᠡᠳ᠋ᠯᠡᠭᠦᠯᠦᠭᠰᠡᠨ ᠪᠠᠶᠢᠨ᠎ᠠ᠃
     ᠬᠠᠷᠢᠶᠠᠲᠤ ᠣᠷᠣᠨ ᠤ ᠳᠣᠲᠣᠷᠠᠬᠢ ᠵᠢᠵᠢᠭ ᠲᠣᠭᠤᠷᠢᠭ ᠤᠨ ᠦᠢᠯᠡᠴᠢᠯᠡᠭᠡ ᠬᠠᠮᠢᠶᠠᠷᠤᠯᠲᠠ ᠪᠠ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ︽ᠬᠤᠪᠢᠰᠬᠠᠯ ᠤᠨ ᠠᠳᠠᠯ ᠠᠬᠤᠢ︾ ᠶᠢᠨ ᠲᠣᠭᠲᠠᠴᠠ ᠶᠢ ᠲᠡᠭᠦᠯᠳᠡᠷᠵᠢᠭᠦᠯᠵᠦ᠂ ︽ᠬᠤᠪᠢᠰᠬᠠᠯ ᠤᠨ ᠠᠳᠠᠯ ᠠᠬᠤᠢ︾ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠣᠶᠤᠨᠲᠤ ᠠᠳᠠᠯ ᠠᠬᠤᠢ ᠶᠢᠨ ᠰᠢᠰᠲ᠋ᠧᠮ︾ ᠢ ᠣᠷᠣᠭᠤᠯᠤᠨ ᠠᠪᠴᠢᠷᠠᠵᠤ᠂ ᠠᠳᠠᠯ ᠠᠬᠤᠢ ᠶᠢᠨ ᠺᠣᠮᠫᠠᠨᠢ ︽ᠬᠡᠷᠡᠭᠯᠡᠭᠡ ᠰᠣᠯᠢᠬᠤ ᠬᠤᠷᠠᠮᠳᠤᠯ ᠬᠤᠪᠢ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠰᠡᠯᠪᠢᠨ ᠵᠠᠰᠠᠬᠤ ᠵᠠᠷᠤᠳᠠᠯ ᠬᠡᠷᠡᠭᠯᠡᠭᠡ︾ ᠶᠢᠨ ᠡᠵᠡᠩᠨᠡᠯᠲᠡ ᠶᠢᠨ ᠵᠠᠭᠪᠤᠷ ᠢᠶᠠᠷ ᠡᠵᠡᠩᠨᠡᠯᠲᠡ ᠬᠢᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠤᠷᠠᠮᠳᠤᠭᠤᠯᠤᠭᠰᠠᠨ ᠬᠤᠷᠠᠮᠳᠤᠯ ᠬᠤᠪᠢ ᠶᠢ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠢᠶᠠᠷ ᠰᠣᠯᠢᠵᠤ ᠪᠣᠯᠣᠨ᠎ᠠ᠂ ᠬᠠᠷᠢᠨ ᠣᠶᠤᠨᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠶᠢᠨ ᠣᠯᠣᠭᠰᠠᠨ ᠪᠡᠯᠡ ᠮᠥᠩᠭᠦ ᠶᠢ ᠴᠥᠮ ᠬᠤᠶᠢᠰᠢᠳᠠ ᠶᠢᠨ ᠰᠠᠭᠤᠷᠢ ᠪᠡᠯᠡᠳᠬᠡᠮᠵᠢ ᠶᠢ ᠰᠡᠯᠪᠢᠨ ᠵᠠᠰᠠᠬᠤ ᠪᠡᠯᠡ ᠮᠥᠩᠭᠦ ᠪᠣᠯᠭᠠᠵᠤ᠂ ᠡᠭᠦᠨ ᠤ ᠤᠯᠠᠮ ᠢᠶᠠᠷ ᠠᠳᠠᠯ ᠠᠬᠤᠢ ᠶᠢᠨ ᠺᠣᠮᠫᠠᠨᠢ ᠶᠢᠨ ᠳᠠᠷᠤᠭᠠᠰᠤ ᠶᠢ ᠬᠥᠩᠭᠡᠷᠡᠭᠦᠯᠵᠦ᠂ ᠪᠢᠲᠡᠭᠦᠦ ᠬᠡᠯᠪᠡᠷᠢ ᠶᠢᠨ ᠡᠵᠡᠩᠨᠡᠯᠲᠡ ᠶᠢ ᠪᠣᠶ ᠪᠣᠯᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃      ᠰᠠᠭᠤᠭᠠᠯᠢ ᠠᠷᠠᠳ ᠤᠨ ᠪᠠᠷᠠᠭ᠎ᠠ ᠬᠤᠳᠠᠯᠳᠤᠨ ᠠᠪᠤᠭᠰᠠᠨ ᠬᠤᠷᠠᠮᠳᠤᠯ ᠬᠤᠪᠢ ᠨᠢ ᠠᠳᠠᠯ ᠠᠬᠤᠢ ᠶᠢᠨ ᠵᠠᠷᠤᠳᠠᠯ ᠳᠤ ᠬᠦᠷᠴᠦ᠂ ᠪᠣᠳᠠᠲᠤ ᠠᠰᠢᠭ ᠭᠥᠷᠳᠡᠪᠡ︔ᠬᠤᠪᠢ ᠬᠤᠷᠠᠮᠳᠤᠭᠤᠯᠬᠤ ᠬᠤᠳᠠᠯᠳᠤᠭᠠᠴᠢᠨ ᠬᠥᠮᠥᠰ ᠤᠨ ᠬᠦᠷᠢᠶᠡᠯᠡᠯ ᠢ ᠣᠯᠵᠤ᠂ ᠠᠰᠢᠭ ᠬᠤᠨᠵᠢᠪᠤᠷᠢ ᠣᠯᠪᠠ;ᠠᠳᠠᠯ ᠠᠬᠤᠢ ᠶᠢᠨ ᠺᠣᠮᠫᠠᠨᠢ ᠨᠤᠭᠤᠯᠤᠨ ᠪᠤᠳᠤᠬᠤ ᠲᠣᠭᠲᠠᠴᠠ ᠳᠤ ᠲᠦᠰᠢᠭᠯᠡᠨ᠂ ᠰᠦᠢᠳᠬᠡᠯ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠪᠡ᠃ᠳ᠋ᠦᠩ ᠾᠧ ᠲᠣᠭᠤᠷᠢᠭ ᠤᠨ ᠬᠠᠮᠲᠤ ᠪᠠᠷ ᠡᠳ᠋ᠯᠡᠬᠦ ᠤᠯᠠᠭᠠᠨ ᠥᠩᠭᠡᠲᠦ ᠠᠳᠠᠯ ᠠᠬᠤᠢ ᠶᠢᠨ ᠦᠢᠯᠡᠴᠢᠯᠡᠭᠡᠨ ᠤ ᠲᠠᠪᠴᠠᠩ ᠳᠠᠬᠢ ︽ᠬᠡᠷᠡᠭᠯᠡᠭᠡᠨ ᠤ ᠬᠤᠷᠠᠮᠳᠤᠯ ᠬᠤᠪᠢ ᠪᠠᠷ ᠠᠳᠠᠯ ᠠᠬᠤᠢ ᠶᠢᠨ ᠵᠠᠷᠤᠳᠠᠯ ᠢ ᠣᠷᠣᠯᠠᠭᠤᠯᠬᠤ︾ ᠵᠠᠭᠪᠤᠷ ᠨᠢ ᠠᠷᠠᠳ ᠲᠤ ᠠᠰᠢᠭ ᠬᠦᠷᠲᠡᠭᠡᠬᠦ ᠶᠢᠨ ᠵᠡᠷᠭᠡ ᠳᠤ ᠪᠠᠰᠠ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠰᠠᠶᠢᠨ ᠣᠷᠴᠢᠯ ᠤᠨ ᠵᠠᠭᠪᠤᠷ ᠢ ᠪᠡᠶᠡᠯᠡᠭᠦᠯᠦᠭᠰᠡᠨ ᠪᠠᠶᠢᠨ᠎ᠠ᠃2022 ᠣᠨ ᠠᠴᠠ ᠨᠠᠰᠢ᠂ ᠤᠯᠠᠮᠵᠢᠯᠠᠯᠲᠤ ᠠᠳᠠᠯ ᠠᠬᠤᠢ ᠶᠢᠨ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠵᠢᠷᠤᠮᠵᠢᠭᠤᠯᠤᠨ ᠳᠡᠭᠡᠭᠰᠢᠯᠡᠭᠦᠯᠵᠦ᠂ ᠳ᠋ᠦᠩ ᠾᠧ ᠲᠣᠭᠤᠷᠢᠭ ᠤᠨ  ᠬᠢᠨ ᠢᠮᠠᠭᠲᠠ ᠨᠠᠮ ᠤᠨ ᠪᠠᠶᠢᠭᠤᠯᠤᠯᠲᠠ ᠪᠠᠷ ᠠᠳᠠᠯ ᠠᠬᠤᠢ ᠶᠢᠨ ᠬᠠᠮᠢᠶᠠᠷᠤᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠤᠪᠢᠰᠬᠠᠯ ᠤᠨ︽ᠣᠶᠤᠨᠲᠤ ᠠᠳᠠᠯ ᠠᠬᠤᠢ ᠶᠢᠨ ᠰᠢᠰᠲ᠋ᠥᠮ︾  ᠢ ᠰᠦᠪᠡᠭᠴᠢᠯᠡᠨ ᠭᠠᠷᠭᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠥᠮᠴᠢᠲᠡᠨ ᠤ ᠵᠥᠪᠯᠡᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠭᠤᠷᠪᠠ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠵᠤ᠂ ᠠᠳᠠᠯ ᠠᠬᠤᠢ ᠶᠢᠨ ᠦᠢᠯᠡᠴᠢᠯᠡᠭᠡ ᠪᠣᠯᠣᠨ ᠨᠡᠶᠢᠭᠡᠮ ᠲᠣᠭᠤᠷᠢᠭ ᠤᠨ ᠵᠠᠰᠠᠯᠲᠠ ᠶᠢᠨ ᠬᠤᠣᠰ ᠠᠬᠢᠭᠤᠯᠤᠯᠲᠠ᠂ ᠬᠤᠣᠰ ᠳᠡᠭᠡᠭᠰᠢᠯᠡᠯᠲᠡ ᠶᠢ ᠢᠳᠡᠪᠬᠢᠲᠡᠢ ᠠᠬᠢᠭᠤᠯᠵᠤ᠂ ᠰᠠᠭᠤᠭᠠᠯᠢ ᠠᠷᠠᠳ ᠤᠯᠠᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠴᠢᠷᠮᠠᠶᠢᠨ ᠨᠡᠪᠲᠡᠷᠡᠭᠦᠯᠵᠡᠢ᠃
     ᠪᠣᠬᠢᠷ ᠤᠰᠤᠨ ᠤ ᠬᠤᠭᠤᠯᠠᠢ ᠶᠢ ᠨᠠᠪᠲᠠᠷᠡᠭᠦᠯᠵᠦ᠂ ᠠᠰᠠᠷ ᠤᠨ ᠬᠤᠩᠭᠢᠯ ᠱᠠᠲᠤ ᠶᠢᠨ ᠱᠠᠵᠠᠩ ᠲᠣᠭᠤᠰᠬ᠎ᠠ ᠶᠢᠨ ᠳᠤᠲᠠᠭᠤᠳᠠᠯ ᠢ ᠰᠡᠯᠪᠢᠨ ᠵᠠᠰᠠᠵᠤ᠂ ᠬᠡᠷᠡᠭᠯᠡᠭᠡᠨ ᠤ ᠬᠤᠷᠠᠮᠳᠤᠯ ᠬᠤᠪᠢ ᠪᠠᠷ ᠠᠳᠠᠯ ᠠᠬᠤᠢ ᠶᠢᠨ ᠰᠦᠢᠳᠬᠡᠯ᠂ ᠣᠶᠤᠨᠲᠤ ᠴᠠᠬᠢᠯᠭᠠᠨ ᠴᠡᠨᠡᠭᠯᠡᠬᠦ ᠪᠠᠭᠠᠨ᠎ᠠ ᠶᠢ ᠨᠥᠬᠦᠪᠦᠷᠢᠯᠡᠪᠡ ᠁ ᠳ᠋ᠦᠩ ᠾᠧ ᠲᠣᠭᠤᠷᠢᠭ ᠤᠨ  ᠬᠢᠨ︽ᠬᠤᠪᠢᠰᠬᠠᠯ ᠤᠨ ᠳᠤᠷᠠᠰᠬᠠᠯᠲᠤ ᠠᠳᠠᠯ ᠠᠬᠤᠢ︾᠂︽ᠣᠶᠤᠨᠲᠤ ᠨᠡᠶᠢᠭᠡᠮ ᠲᠣᠭᠤᠷᠢᠭ︾ ᠲᠤ ᠲᠦᠰᠢᠭᠯᠡᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠯᠢ ᠤᠯᠠᠨ ᠬᠦᠴᠢᠷ ᠶᠠᠪᠤᠳᠠᠯ ᠪᠣᠯᠣᠨ ᠰᠠᠭᠤᠭᠠᠯᠢ ᠠᠷᠠᠳ ᠤᠨ ᠳᠡᠷᠭᠡᠳᠡᠬᠢ ᠪᠠᠭ᠎ᠠ ᠶᠠᠪᠤᠳᠠᠯ ᠢ ᠪᠦᠲᠦᠮᠵᠢᠲᠡᠢ ᠰᠢᠢᠳᠪᠦᠷᠢᠯᠡᠵᠦ᠂ ︽ᠬᠤᠪᠢᠰᠬᠠᠯ ᠤᠨ ᠳᠤᠷᠠᠰᠬᠠᠯᠲᠤ ᠬᠠᠮᠢᠶᠠᠷᠤᠭᠴᠢ︾ᠪᠣᠯᠬᠤ ᠪᠠᠷ ᠳᠠᠮᠵᠢᠭᠤᠯᠵᠤ᠂ ᠠᠷᠠᠳ ᠲᠤ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠪᠣᠳᠠᠲᠤ ᠶᠠᠪᠤᠳᠠᠯ ᠢ ᠰᠠᠭᠤᠭᠠᠯᠢ ᠠᠷᠠᠳ ᠤᠨ ᠰᠡᠳᠬᠢᠯ ᠳᠤ ᠬᠠᠳᠠᠩᠰᠢᠵᠠᠢ᠃ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ  ᠬᠢᠨ ᠦᠷᠭᠦᠯᠵᠢᠯᠡᠨ ︽ᠬᠤᠪᠢᠰᠬᠠᠯ ᠤᠨ ᠳᠤᠷᠠᠰᠬᠠᠯᠲᠤ ᠠᠳᠠᠯ ᠠᠬᠤᠢ︾ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠰᠦᠪᠡᠭᠴᠢᠯᠡᠵᠦ᠂ ︽ᠬᠤᠪᠢᠰᠬᠠᠯ ᠤᠨ ᠳᠤᠷᠠᠰᠬᠠᠯᠲᠤ ᠠᠳᠠᠯ ᠠᠬᠤᠢ︾ ᠶᠢᠨ ᠬᠠᠮᠢᠶᠠᠷᠤᠯᠲᠠ ᠶᠢ ᠪᠠᠶᠢᠩᠭᠤᠵᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠨᠠᠮ ᠤᠨ ᠡᠭᠦᠷ ᠢᠶᠠᠷ ᠵᠠᠰᠠᠯᠲᠠ ᠶᠢ ᠠᠬᠢᠭᠤᠯᠤᠨ᠂ ︽ᠬᠤᠪᠢᠰᠬᠠᠯ ᠤᠨ ᠳᠤᠷᠠᠰᠬᠠᠯᠲᠤ ᠠᠳᠠᠯ ᠠᠬᠤᠢ︾ ᠪᠠᠷ ᠵᠠᠰᠠᠯᠲᠠ ᠶᠢ ᠠᠬᠢᠭᠤᠯᠵᠤ᠂ ᠤᠬᠠᠭᠠᠯᠢᠭ ᠠᠷᠭ᠎ᠠ ᠪᠠᠷᠢᠯ ᠢᠶᠠᠷ ᠵᠠᠰᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠡᠷᠴᠢᠮ ᠢ ᠴᠢᠩᠭᠠᠷᠠᠭᠤᠯᠤᠨ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠦᠨ᠎ᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1