ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨ᠎ᠡ  ᠴᠠᠭ ᠦᠶ᠎ᠡ ᠶᠢᠨ ᠬᠥᠮᠥᠨ‌ᠢ ᠬᠥᠮᠥᠵᠢᠭᠦᠯᠵᠦ  ᠳ᠋ᠦᠩ ᠾᠧ ᠲᠣᠭᠤᠷᠢᠭ  2023 ᠣᠨ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/21
     3 ᠰᠠᠷ᠎ᠠ ᠶᠢᠨ 1 ᠤ ᠡᠳᠦᠷ᠂ ᠳ᠋ᠦᠩ ᠾᠧ ᠲᠣᠭᠤᠷᠢᠭ ᠲᠤ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠦᠶ᠎ᠡ︾ ᠭᠡᠬᠦ 2023 ᠣᠨ ᠤ ᠯᠧᠢ ᠹᠧᠩ ᠤᠨ ᠰᠠᠶᠢᠨ ᠳᠤᠷ᠎ᠠ ᠶᠢᠨ ᠦᠢᠯᠡᠴᠢᠯᠡᠭᠡ ᠠᠴᠠ ᠰᠤᠷᠤᠯᠴᠠᠬᠤ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ᠠᠵᠢᠯᠯᠠᠭ᠎ᠠ ᠶᠢ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠨ ᠡᠷᠭᠢᠯᠡᠵᠦ᠂ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠠᠤᠯᠢ ᠴᠠᠭᠠᠵᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠵᠢᠯ ᠣᠯᠭᠤᠯᠲᠠ ᠶᠢᠨ ᠲᠣᠪᠴᠢᠶ᠎ᠠ ᠵᠢᠴᠢ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠠᠴᠠ ᠬᠠᠮᠵᠢᠯᠴᠠᠨ ᠡᠷᠭᠢᠯᠡᠨ᠎ᠡ᠃
     ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ ᠯᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ᠲᠡᠷᠡ ᠬᠡᠯᠡᠬᠦ ᠳᠡᠭᠡᠨ᠂ ᠰᠠᠶᠢᠨ ᠳᠤᠷ᠎ᠠ  ᠶᠢᠨ ᠠᠵᠢᠯᠯᠠᠭᠴᠢ ᠪᠣᠯ ᠬᠤᠲᠠ  ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠮᠥᠨ᠂ ᠪᠠᠰᠠ ᠴᠤ ᠪᠣᠯᠪᠠᠰᠤᠨ ᠬᠤᠲᠠ  ᠶᠢ ᠡᠭᠦᠳᠦᠨ ᠪᠠᠶᠢᠭᠤᠯᠬᠤ ᠴᠢᠬᠤᠯᠠ ᠪᠠᠲᠤᠯᠠᠭ᠎ᠠ ᠮᠥᠨ᠃ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠰᠠᠶᠢᠨ ᠳᠤᠷ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠭᠡᠨ ᠤᠯᠠᠨ ᠬᠤᠳᠠ ᠶᠢᠨ ᠠᠷᠠᠳ ᠤᠨ ᠨᠢᠭᠡ ᠵᠦᠢᠯ ᠤᠨ ᠤᠬᠠᠮᠰᠠᠷᠲᠤ ᠠᠵᠢᠯᠯᠠᠭ᠎ᠠ ᠪᠣᠯᠭᠠᠬᠤ ᠶᠢ ᠠᠬᠢᠭᠤᠯᠬᠤ ᠬᠡᠷᠡᠭᠲᠡᠢ᠃ᠯᠧᠢ ᠹᠧᠩ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠰᠠᠶᠢᠨ ᠳᠤᠷ᠎ᠠ  ᠶᠢᠨ ᠵᠣᠷᠢᠭ ᠰᠠᠨᠠᠭ᠎ᠠ  ᠶᠢ ᠪᠠᠳᠠᠷᠠᠭᠤᠯᠬᠤ ᠬᠡᠷᠡᠭᠲᠡᠢ᠃ᠯᠧᠢ ᠹᠧᠩ ᠤᠨ ᠵᠣᠷᠢᠭ ᠰᠠᠨᠠᠭᠠᠨ ᠤ ᠠᠭᠤᠯᠬᠤᠨ ᠢ ᠥᠷᠭᠡᠨ ᠣᠯᠠᠨ ᠲᠦᠮᠡᠨ ᠳᠤ ᠤᠬᠠᠭᠤᠯᠵᠤ᠂ ᠨᠡᠩ ᠣᠯᠠᠨ ᠣᠯᠠᠨ ᠲᠦᠮᠡᠨ ᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠬᠤᠶᠠᠷ ᠭᠠᠷ ᠢᠶᠠᠷ ᠢᠶᠠᠨ ᠨᠡᠶᠢᠭᠡᠮ ᠳᠤ ᠦᠢᠯᠡᠴᠢᠯᠡᠵᠦ᠂ ᠨᠡᠶᠢᠭᠡᠮ ᠳᠤ ᠠᠴᠢ ᠬᠠᠷᠢᠭᠤᠯᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠥᠨᠢ ᠡᠭᠦᠷᠢᠳᠡ ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃ᠯᠧᠢ ᠹᠧᠩ ᠤᠨ ᠵᠣᠷᠢᠭ ᠰᠠᠨᠠᠭ᠎ᠠ ᠪᠠᠷ ᠲᠦᠰᠢᠭ ᠪᠣᠯᠭᠠᠵᠤ᠂ ᠵᠠᠯᠠᠭᠤ ᠨᠠᠰᠤᠨ ᠤ ᠬᠦᠴᠦᠨ ᠴᠢᠳᠠᠯ ᠢ ᠳᠠᠮᠵᠢᠭᠤᠯᠬᠤ ᠬᠡᠷᠡᠭᠲᠡᠢ᠃ᠯᠧᠢ ᠹᠧᠩ ᠤᠨ ᠵᠣᠷᠢᠭ ᠰᠠᠨᠠᠭ᠎ᠠ ᠪᠠᠷ ᠬᠥᠳᠡᠯᠭᠡᠭᠦ ᠬᠦᠴᠦᠨ ᠪᠣᠯᠭᠠᠵᠤ᠂ ᠡᠩᠨᠡᠭᠡᠨ ᠤ ᠪᠠᠢᠭᠤᠯᠤᠯᠲᠠ ᠶᠢ ᠴᠢᠩᠭᠠᠳᠬᠠᠬᠤ ᠬᠡᠷᠡᠭᠲᠡᠢ᠃ᠡᠯ᠎ᠡ ᠲᠦᠷᠦᠯ ᠤᠨ ᠡᠬᠢ ᠪᠠᠶᠠᠯᠢᠭ ᠢ ᠨᠡᠶᠢᠳᠬᠡᠨ ᠬᠠᠷᠢᠯᠴᠠᠵᠤ᠂ ᠪᠦᠬᠦ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠪᠤᠴᠠ ᠳᠤ᠂ ᠬᠠᠷᠢᠴᠠᠩᠭᠤᠢ ᠪᠠᠷ ᠲᠣᠭᠲᠠᠭᠤᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠣᠷᠣᠨ ᠤ ᠲᠡᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ︔ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠣᠷᠣᠨ ᠵᠠᠢ ᠶᠢᠨ ᠲᠠᠯ᠎ᠠ ᠪᠠᠷ ︽ᠵᠡᠭᠡᠯᠢ ᠭᠤᠳᠤᠮᠵᠢ︾ ᠳᠠᠰᠢ ᠦᠷᠭᠦᠯᠵᠢᠯᠡᠭᠦᠯᠵᠦ᠂ ᠠᠭᠤᠯᠭ᠎ᠠ ᠶᠢᠨ ᠲᠠᠯ᠎ᠠ ᠪᠠᠷ ︽ᠶᠡᠭᠡ ᠶᠠᠪᠤᠳᠠᠯ ᠪᠠᠭ᠎ᠠ ᠪᠠᠶᠢᠳᠠᠯ︾ ᠳᠠᠰᠢ ᠥᠷᠭᠡᠳᠬᠡᠨ᠂ ᠡᠯ᠎ᠡ ᠲᠠᠯ᠎ᠠ ᠶᠢᠨ ᠬᠢᠨ ᠤ ᠬᠠᠶᠢᠷ᠎ᠠ ᠬᠠᠯᠠᠮᠵᠢ ᠶᠢᠨ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠦᠨᠡᠨ ᠰᠡᠳᠬᠢᠯᠭᠡ ᠪᠠᠷ ᠢᠶᠠᠨ ᠨᠡᠶᠢᠭᠡᠮ ᠳᠤ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠮᠠᠯᠠᠯᠲᠠ ᠪᠠᠨ ᠦᠢᠯᠡᠳᠦᠯᠭᠡᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠮᠠᠨ ᠤ ᠣᠷᠣᠨ ᠤ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠨ᠎ᠠ᠃
     ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠶ ᠳᠤ᠂ ᠪᠥᠬᠦ ᠰᠠᠶᠢᠨ ᠳᠤᠷ᠎ᠠ ᠶᠢᠨ ᠠᠵᠢᠯᠯᠠᠭᠴᠢᠳ ᠲᠠᠩᠭᠠᠷᠢᠭᠯᠠᠵᠤ᠂ ︽ᠯᠧᠢ ᠹᠧᠩ ᠤᠨ ᠰᠠᠶᠢᠨ ᠳᠠᠭᠤᠷᠢᠶᠠᠯ ᠠᠴᠠ ᠰᠤᠷᠤᠯᠴᠠᠶ᠎ᠠ︾ ᠭᠡᠬᠦ ᠳᠠᠭᠤᠤ ᠶᠢ ᠬᠠᠮᠲᠤᠷᠠᠨ ᠳᠠᠭᠤᠯᠠᠪᠠ᠃ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ᠂ ᠡᠮᠴᠢᠯᠡᠭᠡᠨ ᠤ ᠠᠯᠪᠠᠨ ᠵᠢᠷᠤᠮ ᠤᠨ ᠡᠮᠴᠢᠯᠡᠭᠡ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ ᠵᠥᠪᠯᠡᠯᠭᠡ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠠᠤᠯᠢ ᠴᠠᠭᠠᠵᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠤᠭᠠᠴᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠵᠢᠯ ᠣᠯᠭᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠵᠢᠴᠢ ᠪᠦᠬᠦ ᠤᠯᠤᠰ ᠤᠨ ᠪᠣᠯᠪᠠᠰᠤᠨ ᠨᠢᠭᠡᠴᠡ ᠶᠢᠨ ᠲᠡᠮᠡᠭᠡ ᠠᠷᠢᠬᠢᠨ ᠤ ᠦᠢᠯᠡᠰ᠂ ᠳ᠋ᠦᠩ ᠾᠧ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠵᠢᠩ ᠹᠦ᠋ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1