ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠠᠨᠠᠷ ᠤᠨ ᠦᠷ᠎ᠡ  ᠰᠢᠭ᠋  ᠰᠡᠳᠬᠢᠯ ᠵᠢᠷᠦᠬᠡ ᠪᠠᠨ ᠬᠤᠯᠪᠣᠨ  ᠲᠣᠭᠲᠠᠵᠤ  ᠬᠥᠭᠵᠢᠯᠲᠡ ᠶᠢᠨ ᠠᠶᠠᠰ ᠢ ᠴᠢᠪᠬᠠᠳᠠᠨ᠎ᠠ
ᠨᠡᠶᠢᠲᠡᠯᠡᠭᠰᠡᠨ ᠴᠠᠭ᠄
2023/3/21
     ︽ᠮᠢᠨᠤ ᠭᠡᠷ ᠰᠢᠨ ᠪᠧᠢ ᠯᠢᠶᠠᠩ ᠳᠤ ᠪᠤᠢ᠂ ᠠᠰᠠᠷ ᠲᠠᠭᠲᠤ ᠶᠢᠨ ᠰᠡᠬᠦᠶᠢᠨ ᠰᠦᠨᠳᠡᠷᠯᠡᠪᠡ︔ ᠦᠵᠡᠰᠬᠦᠯᠡᠩᠲᠦ ᠰᠠᠶᠢᠬᠠᠨ ᠦᠵᠡᠮᠵᠢ ᠲᠠᠢ᠂ ᠲᠠᠩᠰᠤᠭ ᠰᠠᠶᠢᠬᠠᠨ ᠭᠠᠵᠠᠷ ᠢᠶᠠᠷ ᠬᠦᠷᠢᠶᠡᠯᠡᠭᠳᠡᠪᠡ᠁︾ᠭᠡᠬᠦ ᠳᠠᠭᠤᠤ ᠬᠥᠭᠵᠢᠮ ᠤᠨ ᠠᠶᠠᠰ ᠢ ᠳᠠᠭᠠᠯᠳᠤᠨ᠂ ᠶᠠᠩ ᠭᠧ ᠯᠢᠶᠠᠩ ᠤᠨ ᠵᠡᠭᠡᠯᠢ ᠭᠤᠳᠤᠮᠵᠢ ᠳᠤ ᠰᠠᠭᠤᠭ᠎ᠠ ᠬᠡᠳᠦᠨ ᠠᠷᠪᠠᠨ ᠨᠠᠰᠤᠲᠠᠨ ᠬᠤᠭᠤᠯᠠᠢ ᠪᠠᠨ ᠰᠠᠵᠢᠨ ︽ᠪᠧᠢ ᠯᠢᠶᠠᠩ ᠤᠨ ᠬᠥᠮᠥᠰ ᠥᠨᠢ ᠡᠭᠦᠷᠢᠳᠡ ᠨᠠᠮ ᠢᠶᠠᠨ ᠳᠠᠭᠠᠨ᠎ᠠ︾ᠭᠡᠬᠦ ᠳᠠᠭᠤᠤ ᠶᠢ ᠬᠠᠮᠲᠤ ᠪᠠᠷ ᠳᠠᠭᠤᠯᠠᠪᠠ᠃ {ᠪᠡᠭᠡᠵᠢᠩ ᠤᠨ ᠤᠮᠠᠷᠠᠲᠤ ᠯᠢᠶᠠᠩ ᠤᠨ ᠬᠥᠮᠥᠰ ᠥᠨᠢ ᠡᠭᠦᠷᠢᠳᠡ ᠨᠠᠮ ᠢᠶᠠᠨ ᠳᠠᠭᠠᠨ᠎ᠠ︾ᠭᠡᠬᠦ ᠳᠠᠭᠤᠤ ᠶᠢ ᠳᠠᠭᠤᠯᠠᠨ ᠳᠠᠭᠤᠯᠠᠪᠠ᠃      ᠳᠠᠭᠤᠯᠠᠬᠤ ᠡᠩᠨᠡᠭᠡ ᠪᠣᠯ ᠡᠯ᠎ᠡ ᠦᠨᠳᠦᠰᠦᠲᠡᠨ ᠤ ᠣᠯᠠᠨ ᠲᠦᠮᠡᠨ  ᠢᠶᠠᠷ ᠪᠦᠷᠢᠯᠳᠦᠭᠰᠡᠨ ᠨᠠᠰᠤᠲᠠᠶᠢᠴᠤᠳ ᠤᠨ ᠨᠠᠶᠢᠷᠠᠯ ᠳᠠᠭᠤᠤ  ᠶᠢᠨ ᠪᠦᠯᠬᠦᠮ ᠶᠤᠮ᠃ ᠠᠩᠭᠢ ᠶᠢᠨ ᠭᠡᠰᠢᠭᠦᠨ ᠯᠢ ᠴᠢᠩ ᠮᠢᠩ ᠰᠤᠷᠪᠤᠯᠵᠢᠯᠠᠭᠴᠢ ᠳᠤ᠄ ︽ᠳᠠᠭᠤᠤ ᠳᠠᠭᠤᠯᠠᠬᠤ ᠪᠠ ᠪᠥᠵᠢᠭ ᠪᠥᠵᠢᠭᠯᠡᠬᠦ ᠪᠣᠯ ᠮᠠᠨ ᠤ ᠬᠡᠳᠦᠨ ᠬᠥᠮᠥᠨ ᠤ ᠠᠵᠢᠯ  ᠠᠴᠠ ᠪᠠᠨ ᠠᠮᠠᠷᠠᠭᠰᠠᠨ ᠤ ᠳᠠᠷᠠᠭᠠᠬᠢ ᠳᠤᠷ᠎ᠠ ᠪᠠᠬ᠎ᠠ ᠮᠥᠨ᠂ ᠥᠩᠭᠡᠷᠡᠭᠰᠡᠨ ᠳᠤ ᠮᠠᠰᠢ ᠬᠤᠯᠠ ᠠᠭᠤᠳᠠᠮ ᠲᠠᠯᠠᠪᠠᠶ ᠳᠤ ᠬᠦᠷᠴᠦ ᠪᠠᠶᠢᠪᠠ᠂ ᠣᠲᠣ ᠰᠢᠨ᠎ᠡ ᠠᠰᠠᠷ ᠲᠤ ᠨᠡᠭᠦᠵᠦ ᠣᠷᠣᠬᠤ ᠳᠤ᠂ ᠭᠡᠷ ᠤᠨ ᠡᠭᠦᠳᠡᠨ ᠳᠤ ᠳᠠᠷᠤᠢ ᠰᠣᠶᠣᠯ ᠲᠠᠮᠢᠷ ᠤᠨ ᠬᠥᠳᠡᠯᠭᠡᠭᠡᠨ ᠤ ᠲᠥᠪ ᠪᠣᠶ᠂ ᠲᠥᠬᠦᠮ ᠮᠥᠷᠲᠡᠭᠡᠨ ᠣᠷᠴᠢᠨ ᠲᠣᠭᠤᠷᠢᠨ ᠨᠢ ᠴᠦ ᠵᠦᠭᠡᠷ᠂ ᠠᠷᠪᠠᠨ ᠬᠡᠳᠦᠨ ᠵᠢᠯ ᠤᠨ ᠡᠮᠦᠨ᠎ᠡ᠂ ᠡᠨᠡ ᠪᠣᠯ ᠪᠤᠳᠤᠵᠤ ᠴᠤ ᠴᠢᠳᠠᠬᠤ ᠦᠭᠡᠢ ᠶᠠᠪᠤᠳᠠᠯ ᠮᠥᠨ︾ ᠭᠡᠵᠡᠢ᠃
     ᠥᠩᠭᠡᠷᠡᠭᠰᠡᠨ ᠳᠤ ᠪᠧᠢ ᠯᠢᠶᠠᠩ ᠬᠤᠲᠠ  ᠶᠢᠨ ᠬᠢᠨ ᠥᠪᠥᠷ ᠮᠣᠩᠭᠤᠯ ᠤᠨ ᠬᠡᠪᠴᠢᠶ᠎ᠡ ᠪᠠᠷ ᠬᠠᠮᠤᠭ ᠤᠨ ᠶᠡᠭᠡ ᠲᠥᠪᠯᠡᠷᠡᠨ ᠵᠠᠯᠭᠠᠯᠳᠤᠭᠰᠠᠨ ᠬᠤᠲᠠ  ᠶᠢᠨ ᠳᠥᠭᠦᠮ ᠪᠦᠲᠦᠴᠡᠲᠦ ᠣᠷᠣᠨ ᠰᠠᠭᠤᠴᠠ  ᠶᠢᠨ ᠲᠣᠭᠤᠷᠢᠭ ᠪᠣᠯᠤᠭᠰᠠᠨ ᠤ ᠬᠤᠪᠢ ᠳᠤ ᠨᠡᠶᠢᠲᠡ 12.4 ᠲᠦᠮᠡᠨ ᠰᠠᠭᠤᠭᠠᠯᠢ ᠠᠷᠠᠳ ᠲᠠᠢ ᠪᠠᠶᠢᠪᠠ᠂ ᠡᠭᠦᠨ ᠳᠤ 1.2 ᠲᠦᠮᠡᠨ ᠠᠵᠢᠯ ᠠᠯᠳᠠᠭᠰᠠᠳ ᠪᠠ 3 ᠲᠦᠮᠡᠨ ᠨᠠᠭᠠᠲᠤ ᠵᠠᠬ᠎ᠠ  ᠶᠢᠨ ᠠᠮᠢᠳᠤᠷᠠᠯ ᠤᠨ ᠪᠠᠲᠤᠯᠠᠭ᠎ᠠ  ᠶᠢᠨ ᠠᠵᠢᠯᠲᠠᠨ ᠪᠠᠭᠲᠠᠵᠤ᠂ ᠬᠥᠮᠥᠨ ᠳᠤᠮᠳᠠᠴᠢ  ᠶᠢᠨ ᠣᠷᠣᠨ ᠰᠠᠭᠤᠴᠠ  ᠶᠢᠨ ᠲᠠᠯᠠᠪᠠᠶ ᠨᠢ 15 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠪᠠ᠂ ᠡᠶᠢᠮᠦ ᠪᠠᠶᠢᠳᠠᠯ  ᠢ ᠣᠯᠠᠨ ᠵᠢᠯ ᠦᠷᠭᠦᠯᠵᠢᠯᠡᠭᠦᠯᠵᠡᠢ᠃      ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠤᠨ ᠪᠠᠶᠢᠳᠠᠯ  ᠢ ᠰᠠᠶᠢᠵᠢᠷᠠᠭᠤᠯᠬᠤ  ᠶᠢᠨ ᠲᠥᠯᠥᠭᠡ᠂ 2013 ᠣᠨ ᠳᠤ ᠪᠧᠢ ᠯᠢᠶᠠᠩ ᠤᠨ ᠳᠥᠭᠦᠮ ᠪᠦᠲᠦᠴᠡᠲᠦ ᠣᠷᠣᠨ ᠰᠠᠭᠤᠴᠠ  ᠶᠢᠨ ᠲᠣᠭᠤᠷᠢᠭ  ᠢ ᠥᠭᠡᠷᠡᠴᠢᠯᠡᠬᠦ ᠲᠣᠮᠣ ᠬᠡᠪᠴᠢᠶᠡᠨ ᠤ ᠢᠨᠵᠧᠨᠧᠷᠢᠩ  ᠢ ᠬᠡᠷᠡᠭᠵᠢᠭᠦᠯᠵᠦ᠂ ᠠᠳᠡᠬᠢ ᠰᠠᠭᠤᠭᠠᠯᠢ ᠠᠷᠠᠳ  ᠢ ᠴᠥᠮ ᠭᠡᠷ ᠪᠠᠶᠢᠰᠢᠩ ᠨᠢ ᠬᠠᠭᠤᠴᠢᠷᠠᠭᠰᠠᠨ᠂ ᠣᠷᠴᠢᠨ ᠲᠣᠭᠤᠷᠢᠨ ᠨᠢ ᠡᠮᠬᠢ ᠵᠢᠷᠤᠮ ᠦᠭᠡᠢ᠂ ᠬᠤᠲᠠ  ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠪᠠᠷ ᠳᠤᠲᠠᠮᠠᠭ ᠪᠠᠶᠢᠭ᠎ᠠ ᠪᠧᠢ ᠯᠢᠶᠠᠩ ᠤᠨ ᠳᠥᠭᠦᠮ ᠪᠦᠲᠦᠴᠡᠲᠦ ᠣᠷᠣᠨ ᠰᠠᠭᠤᠴᠠ  ᠶᠢᠨ ᠲᠣᠭᠤᠷᠢᠭ  ᠠᠴᠠ ᠣᠷᠣᠰᠢᠨ ᠰᠠᠭᠤᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠨᠡᠶᠢᠭᠡᠮ ᠲᠣᠭᠤᠷᠢᠭ᠂ ᠥᠭᠡᠷ᠎ᠡ ᠪᠠᠷ ᠬᠡᠯᠡᠪᠡᠯ ᠣᠳᠣ  ᠶᠢᠨ ᠶᠠᠩ ᠭᠧ ᠯᠢᠶᠠᠩ ᠤᠨ ᠵᠡᠭᠡᠯᠢ ᠭᠤᠳᠤᠮᠵᠢ ᠳᠤ ᠲᠣᠬᠢᠲᠠᠢ ᠲᠥᠪᠬᠢᠨᠡᠭᠦᠯᠵᠡᠢ᠃
     ᠥᠨᠥᠳᠥᠷ ᠤᠨ ᠰᠢᠨ᠎ᠡ ᠪᠧᠢ ᠯᠢᠶᠠᠩ ᠳᠤ ᠰᠦᠨᠳᠡᠷᠯᠡᠨ ᠪᠣᠰᠣᠭᠰᠠᠨ ᠥᠨᠳᠥᠷ ᠠᠰᠠᠷ ᠤᠳ ᠨᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ  ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠡᠳᠬᠢᠯ ᠤᠨ ᠣᠶᠢᠷᠠᠲᠤᠯ  ᠢ ᠠᠬᠢᠭᠤᠯᠤᠭᠰᠠᠨ ᠪᠠᠶᠢᠨ᠎ᠠ︔ᠥᠷᠭᠡᠨ ᠳᠠᠷᠳᠠᠩ ᠵᠠᠰᠠᠮᠠᠯ ᠵᠠᠮ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠬᠦ ᠲᠡᠭᠰᠢ ᠳᠠᠷᠳᠠᠩ ᠵᠠᠮ ᠲᠡᠳᠦᠢ ᠪᠢᠰᠢ᠂ ᠨᠡᠩ ᠴᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠷᠠᠭᠤᠯ ᠳᠠᠷᠳᠠᠩ ᠵᠠᠮ ᠪᠣᠯᠬᠤ ᠶᠤᠮ᠃      ᠠᠳᠡ ᠦᠨᠳᠦᠰᠦᠲᠡᠨ ᠨᠦᠭᠦᠳ ᠤᠨ ᠠᠬ᠎ᠠ ᠳᠡᠭᠦᠦ ᠡᠭᠡᠴᠢ ᠥᠬᠢᠨ ᠳᠡᠭᠦᠦ ᠮᠡᠲᠦ ᠳᠣᠲᠣᠨᠣᠰᠤᠭ᠂ ᠬᠠᠷᠢᠯᠴᠠᠨ ᠪᠠᠭᠲᠠᠭᠠᠮᠵᠢᠲᠠᠢ᠂ ᠪᠦᠯᠬᠦᠮᠳᠡᠯ ᠲᠠᠢ ᠡᠶ᠎ᠡ ᠨᠠᠶᠢᠷᠲᠠᠢ᠂ ᠬᠥᠭᠵᠢᠯᠲᠡ ᠶᠢ ᠬᠠᠮᠲᠤ ᠪᠠᠷ ᠡᠷᠢᠯᠬᠢᠯᠡᠭᠰᠡᠨ ᠰᠡᠳᠬᠢᠯ ᠬᠥᠳᠡᠯᠭᠡᠮ᠎ᠡ ᠰᠢᠯᠦᠭ ᠳᠠᠭᠤᠯᠠᠯ ᠢ ᠮᠠᠭᠲᠠᠨ ᠳᠠᠭᠤᠯᠠᠭᠰᠠᠭᠠᠷ ᠪᠠᠶᠢᠨ᠎ᠠ᠃ᠲᠡᠳᠡ ᠦᠨᠡᠨ ᠰᠡᠳᠬᠢᠯ ᠠᠴᠠ ᠪᠠᠨ ᠨᠥᠬᠦᠷᠯᠡᠵᠦ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ︽ᠳᠤᠮᠳᠠᠳᠤ  ᠶᠢᠨ ᠦᠨᠳᠦᠰᠦᠲᠡᠨ ᠪᠣᠯ ᠨᠢᠭᠡ ᠭᠡᠷ ᠤᠨ ᠬᠥᠮᠥᠨ ᠶᠤᠮ︾ ᠭᠡᠰᠡᠨ ᠬᠡᠮᠡᠷᠯᠢᠭ ᠬᠤᠸᠠᠷ ᠮᠡᠲᠦ ᠴᠡᠴᠡᠭᠡᠰ  ᠢ ᠬᠠᠨᠲᠠᠯ᠎ᠠ ᠪᠠᠳᠠᠷᠠᠭᠤᠯᠤᠨ ᠳᠡᠯᠭᠡᠷᠡᠭᠦᠯᠵᠡᠢ᠃
     ᠵᠣᠯ ᠵᠢᠷᠭᠠᠯ ᠪᠣᠯ ᠬᠢᠯᠪᠠᠷ ᠪᠤᠰᠤ ᠪᠠᠷ ᠢᠷᠡᠭᠰᠡᠨ ᠶᠤᠮ᠃ᠣᠯᠠᠨ ᠵᠢᠯ ᠤᠨ ᠲᠤᠷᠰᠢ᠂ ᠶᠠᠩ ᠭᠧ ᠯᠢᠶᠠᠩ ᠤᠨ ᠵᠡᠭᠡᠯᠢ ᠭᠤᠳᠤᠮᠵᠢ ᠨᠢ ︽ᠦᠨᠳᠦᠰᠦᠲᠡᠨ ᠤ ᠪᠦᠯᠬᠦᠮᠳᠡᠯ ᠳᠠᠪᠰᠢᠯᠲᠠ +︾ ᠪᠠᠷ ᠭᠤᠣᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠷ ︽ᠬᠤᠶᠠᠷ ᠢ ᠮᠠᠩᠯᠠᠶᠢᠯᠠᠭᠤᠯᠬᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠵᠡᠷᠭᠡ ᠪᠠᠷ ᠶᠠᠪᠤᠭᠳᠠᠭᠤᠯᠬᠤ᠂ ᠦᠨᠳᠦᠰᠦᠲᠡᠨ ᠤ ᠪᠦᠯᠬᠦᠮᠳᠡᠯ ᠰᠡᠳᠬᠢᠯ ᠨᠢᠭᠡᠳᠬᠦ᠂ ᠨᠡᠶᠢᠭᠡᠮ ᠤᠨ ᠡᠶ᠎ᠡ ᠵᠣᠬᠢᠴᠠᠯ ᠢ ᠬᠠᠮᠲᠤ ᠪᠠᠷ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠶᠡᠬᠡᠪᠡᠷ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠨᠢᠭᠡ ᠰᠡᠳᠬᠢᠯ ᠢᠶᠠᠷ ᠨᠠᠮ ᠳᠠᠭᠠᠨ ᠬᠠᠨᠳᠤᠵᠤ᠂ ᠪᠦᠯᠬᠦᠮᠳᠡᠨ ᠳᠠᠪᠰᠢᠵᠤ᠂ ᠴᠡᠴᠡᠭᠯᠡᠨ ᠬᠥᠭᠵᠢᠬᠦ︾ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃      ︽ᠥᠪᠥᠷ ᠮᠣᠩᠭᠤᠯ ᠪᠣᠯ ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠡᠷᠡᠭᠵᠢᠭᠦᠯᠦᠭᠰᠡᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ ᠶᠤᠮ᠃︾ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ᠂ ︿ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ﹀ ᠪᠠᠷ ᠶᠡᠷᠦᠩᠬᠡᠢ ᠬᠠᠷᠠᠯᠲᠠ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠣᠭᠤᠳᠤᠯᠭ᠎ᠠ ᠪᠣᠯᠭᠠᠬᠤ ᠬᠡᠷᠡᠭᠲᠡᠢ᠁︾ᠭᠡᠵᠦ ᠶᠠᠩ ᠭᠧ ᠯᠢᠶᠠᠩ ᠵᠡᠭᠡᠯᠢ ᠶᠢᠨ ᠶᠢᠨ ᠵᠢᠶᠠᠩ ᠶᠣᠣ ᠴᠡᠴᠡᠷᠯᠢᠭ ᠲᠤ᠂ ᠨᠡᠶᠢᠭᠡᠮ ᠲᠣᠭᠤᠷᠢᠭ ᠤᠨ ᠠᠵᠢᠯᠲᠠᠳ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠦᠷᠢᠮ︾ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ ᠪᠠᠶᠢᠨ᠎ᠠ᠃
     ᠡᠭᠦᠨ ᠤ ᠬᠠᠮᠲᠤ᠂ ᠮᠠᠨᠳᠤᠯᠭ᠎ᠠ ᠨᠡᠶᠢᠭᠡᠮ ᠲᠣᠭᠤᠷᠢᠭ ᠤᠨ ᠦᠨᠳᠦᠰᠦᠲᠡᠨ ᠤ ᠭᠠᠷ ᠦᠢᠯᠡᠳᠪᠦᠷᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠲᠤ᠂ ᠨᠢᠭᠡ ᠮᠣᠩᠭᠤᠯ ᠪᠠᠭᠰᠢ ᠠᠷᠠᠰᠤᠨ ᠰᠡᠶᠢᠯᠦᠮᠡᠯ ᠪᠠᠷᠢᠵᠤ ᠰᠤᠷᠤᠭᠴᠢᠳ ᠲᠤ ᠄ ︽ᠮᠣᠩᠭᠤᠯ ᠦᠨᠳᠦᠰᠦᠲᠡᠨ ᠤ ᠠᠷᠠᠰᠤᠨ ᠤᠷᠠᠯᠠᠯ ᠪᠣᠯ ᠲᠠᠯ᠎ᠠ ᠨᠤᠲᠤᠭ  ᠠᠴᠠ ᠢᠷᠡᠯᠲᠡᠢ᠂ ᠰᠡᠳᠦᠪᠯᠡᠬᠦᠨ ᠨᠢ ᠶᠡᠷᠦ ᠳᠡᠭᠡᠨ ᠲᠠᠯ᠎ᠠ ᠨᠤᠲᠤᠭ᠂ ᠮᠣᠩᠭᠤᠯ ᠮᠣᠷᠢᠨ ᠤ ᠵᠣᠷᠢᠭ ᠰᠠᠨᠠᠭᠠᠨ ᠤ ᠵᠠᠷᠢᠮ ᠰᠣᠶᠣᠯ ᠤᠨ ᠲᠡᠮᠳᠡᠭ ᠵᠢᠴᠢ ᠮᠠᠯᠴᠢᠳ ᠤᠨ ᠠᠮᠢᠳᠤᠷᠠᠯ ᠤᠨ ᠦᠵᠡᠭᠳᠡᠯ ᠮᠥᠨ᠂ ᠠᠷᠠᠰᠤᠨ ᠤᠷᠠᠯᠠᠯ  ᠢ ᠤᠷᠠᠯᠠᠨ ᠵᠢᠷᠤᠬᠤ᠂ ᠰᠡᠶᠢᠯᠬᠦ᠂ ᠪᠤᠳᠤᠭ ᠣᠷᠣᠭᠤᠯᠬᠤ᠂ ᠳᠠᠪᠬᠤᠷᠯᠠᠨ ᠪᠤᠳᠤᠬᠤ ᠵᠡᠷᠭᠡ ᠬᠡᠳᠦᠨ ᠠᠷᠪᠠᠨ ᠵᠦᠢᠯ ᠤᠨ ᠭᠠᠷ ᠤᠷᠠᠯᠠᠯ ᠢᠶᠠᠷ ᠳᠠᠮᠵᠢᠭᠤᠯᠤᠨ ᠬᠢᠵᠦ ᠳᠠᠭᠤᠰᠬᠠᠳᠠᠭ︾ ᠭᠡᠵᠦ ᠶᠠᠷᠢᠵᠤ ᠪᠠᠶᠢᠯ᠎ᠠ᠃      ᠡᠳᠡᠭᠡᠷ ᠨᠢ ᠵᠥᠪᠬᠡᠨ ᠶᠠᠩ ᠭᠧ ᠯᠢᠶᠠᠩ ᠤᠨ ᠵᠡᠭᠡᠯᠢ ᠭᠤᠳᠤᠮᠵᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠬᠠᠪᠰᠤᠷᠴᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠰᠠᠬᠢᠨ ᠪᠠᠷᠠᠯᠠᠬᠤ ᠶᠢ ᠲᠦᠯᠬᠢᠨ ᠠᠬᠢᠭᠤᠯᠤᠭᠰᠠᠨ ᠤ ᠨᠢᠭᠡᠨ ᠬᠤᠷᠢᠶᠠᠩᠭᠤᠢ ᠳᠦᠷᠰᠦ ᠪᠣᠯᠣᠨ᠎ᠠ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠡᠬᠢᠯᠡᠭᠰᠡᠨ ᠠᠴᠠ ᠨᠠᠰᠢ᠂ ᠶᠠᠩ ᠭᠧ ᠯᠢᠶᠠᠩ ᠤᠨ ᠵᠡᠭᠡᠯᠢ ᠪᠠᠰᠠ ᠤᠬᠠᠭᠤᠯᠭ᠎ᠠ ᠶᠢᠨ ︽ᠰᠡᠳᠦᠪ ᠢ ᠡᠪᠳᠡᠬᠦ︾  ᠶᠢ ᠪᠠᠷᠢᠮᠲᠠᠯᠠᠵᠤ᠂ LED ᠲᠣᠮᠣ ᠳᠡᠯᠭᠡᠴᠡ ᠪᠠᠷ ᠦᠨᠳᠦᠰᠦᠲᠡᠨ ᠤ ᠪᠦᠯᠬᠦᠮᠳᠡᠯ ᠤᠨ ᠤᠷᠢᠶ᠎ᠠ ᠶᠢ ᠨᠠᠪᠲᠠᠷᠡᠭᠦᠯᠵᠦ᠂ ᠸᠢᠴᠠᠲ ᠤᠨ ᠨᠡᠶᠢᠲᠡ ᠶᠢᠨ ᠳ᠋ᠤᠭᠠᠷ ︽ᠷᠢᠳᠢ ᠰᠢᠳᠢ ᠲᠠᠢ ᠰᠢᠨ᠎ᠡ ᠤᠮᠠᠷᠠᠲᠤ ᠶᠢᠨ ᠨᠢᠷᠤᠭᠤ︾ ᠪᠣᠯᠣᠨ ᠮᠧᠶ ᠵᠠᠩ ᠵᠡᠷᠭᠡ ᠰᠢᠨ᠎ᠡ ᠵᠠᠭᠤᠴᠢᠯᠠᠭᠤᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ︾ ᠲᠤᠰᠬᠠᠢ ᠪᠤᠯᠤᠩ ᠢ ᠨᠡᠭᠡᠭᠡᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠨᠡᠶᠢᠲᠡᠯᠡᠬᠦ ᠪᠠ ᠤᠯᠠᠮᠵᠢᠯᠠᠨ ᠲᠠᠷᠬᠠᠭᠠᠵᠤ᠂ ᠡᠯ᠎ᠡ ᠨᠡᠶᠢᠭᠡᠮ ᠲᠣᠭᠤᠷᠢᠭ ᠲᠤ ᠦᠨᠳᠦᠰᠦᠲᠡᠨ ᠤ ᠰᠣᠶᠣᠯ ᠤᠨ ᠦᠵᠡᠭᠦᠯᠦᠯᠭᠡ ᠶᠢᠨ ᠲᠢᠩᠬᠢᠮ᠂ ᠦᠨᠳᠦᠰᠦᠲᠡᠨ ᠤ ᠭᠠᠷ ᠦᠢᠯᠡᠳᠪᠦᠷᠢ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠨᠣᠮ ᠪᠢᠴᠢᠭ ᠤᠨ ᠦᠷᠦᠭᠡ ᠵᠡᠷᠭᠡ ᠡᠯ᠎ᠡ ᠲᠦᠷᠦᠯ ᠤᠨ ᠴᠢᠳᠠᠮᠵᠢᠲᠤ ᠲᠠᠯᠠᠪᠤᠷ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠰᠣᠯᠢᠯᠴᠠᠬᠤ ᠳᠤ ᠲᠠᠪᠴᠠᠩ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃
     ᠳ᠋ᠦᠩ ᠨᠣᠣ ᠪᠦᠦ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠦᠢᠯᠡᠰ ᠪᠣᠰᠬᠠᠬᠤ ᠬᠦᠷᠢᠶᠡᠯᠡᠩ ᠳᠤ ᠬᠦᠷᠴᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠬᠤᠷᠰᠢᠨ ᠦᠢᠯᠡᠰ ᠪᠣᠰᠬᠠᠵᠤ᠂ ᠬᠠᠷᠢᠯᠴᠠᠨ ᠬᠠᠪᠰᠤᠷᠤᠯᠴᠠᠵᠤ᠂ ᠨᠡᠶᠢᠭᠡᠮ ᠲᠣᠭᠤᠷᠢᠭ ᠤᠨ ᠬᠢᠨ ᠪᠠᠰᠠ ᠠᠵᠢᠯ ᠣᠯᠭᠤᠬᠤ ᠦᠢᠯᠡᠰ ᠪᠣᠰᠬᠠᠬᠤ ᠪᠣᠯᠪᠠᠰᠤᠷᠠᠯ ᠢ ᠪᠠᠶᠢᠩᠭᠤ ᠥᠷᠨᠢᠭᠦᠯᠵᠦ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠦᠷᠭᠦᠯᠵᠢᠯᠡᠭᠰᠡᠨ ᠳᠡᠯᠭᠡᠴᠡ ᠳᠡᠭᠡᠷ᠎ᠡ ᠨᠡᠶᠢᠲᠡᠯᠡᠵᠦ᠂ ᠴᠠᠭ ᠢᠮᠠᠭᠲᠠ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠬᠠᠩᠭᠠᠵᠤ᠂ ᠣᠷᠣᠯᠭ᠎ᠠ ᠪᠠᠨ ᠨᠡᠮᠡᠭᠳᠡᠭᠦᠯᠦᠨ᠂ ᠵᠣᠯ ᠵᠢᠷᠭᠠᠯᠲᠤ ᠲᠥᠷᠥᠭᠳᠡᠯ ᠢ ᠨᠢ ᠨᠡᠮᠡᠭᠳᠡᠭᠦᠯᠦᠨ᠎ᠡ᠃      ᠰᠠᠭᠤᠭᠠᠯᠢ ᠠᠷᠠᠳ ᠶᠠᠩ ᠯᠢ ᠵᠢᠶᠦ᠋ᠨ ᠡᠷ᠎ᠡ ᠡᠮ᠎ᠡ ᠬᠤᠶᠠᠭᠤᠯᠠ ᠪᠣᠯ ᠳᠠᠷᠤᠢ ᠠᠰᠢᠭ ᠬᠦᠷᠲᠡᠭᠴᠢ ᠶᠢᠨ ᠨᠢᠭᠡ ᠪᠣᠯᠣᠨ᠎ᠠ᠃ ︽ᠪᠢᠳᠡ ᠡᠷ᠎ᠡ ᠡᠮ᠎ᠡ ᠬᠤᠶᠠᠭᠤᠯᠠ ᠵᠡᠮᠳᠡᠭ ᠪᠣᠯᠤᠭᠰᠠᠨ ᠪᠣᠯᠬᠤᠷ ᠠᠮᠢᠳᠤᠷᠠᠯ ᠤᠨ ᠨᠠᠭᠠᠲᠤ ᠵᠠᠬ᠎ᠠ  ᠶᠢᠨ ᠪᠠᠲᠤᠯᠠᠭ᠎ᠠ  ᠶᠢᠨ ᠪᠠᠲᠤᠯᠠᠭ᠎ᠠ ᠳᠤ ᠲᠦᠰᠢᠭᠯᠡᠨ ᠠᠮᠢᠳᠤᠷᠠᠯ ᠢᠶᠠᠨ ᠠᠷᠭᠠᠴᠠᠬᠤ  ᠠᠴᠠ ᠥᠭᠡᠷ᠎ᠡ ᠠᠷᠭ᠎ᠠ ᠦᠭᠡᠢ ᠪᠣᠯᠵᠠᠢ ᠂ ᠣᠳᠣ ᠪᠢ ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ ᠨᠣᠣᠯᠣᠭᠤᠷ ᠤᠨ ᠬᠦᠵᠦᠭᠦᠨ ᠤ ᠣᠷᠢᠶᠠᠯᠲᠠ ᠬᠠᠶᠢᠴᠢᠯᠠᠬᠤ ᠠᠵᠢᠯ ᠬᠢᠵᠦ ᠪᠠᠶᠢᠨ᠎ᠠ᠂ ᠡᠬᠡᠨᠡᠷ ᠨᠢ ᠴᠦ ᠲᠣᠷᠭᠠᠨ ᠲᠣᠣᠷ ᠰᠦᠯᠵᠢᠬᠦ ᠠᠵᠢᠯ ᠤᠨ ᠪᠠᠶᠢᠷᠢᠨ ᠳᠤ ᠠᠵᠢᠯᠯᠠᠵᠤ ᠪᠠᠶᠢᠨ᠎ᠠ᠂ ᠣᠳᠣ ᠠᠮᠢᠳᠤᠷᠠᠯ ᠡᠳᠦᠷ ᠠᠴᠠ ᠡᠳᠦᠷ ᠥᠭᠡᠳᠡᠯᠡᠵᠦ ᠪᠠᠶᠢᠨ᠎ᠠ︾᠃
     ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯ ᠶᠠᠩ ᠭᠧ ᠯᠥ᠋ᠩ ᠵᠡᠭᠡᠯᠢ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠠᠭᠤᠨ ᠨᠢᠭᠡᠲᠡᠢ ᠪᠠᠷ ᠬᠠᠩᠭᠢᠨᠠᠲᠠᠯ᠎ᠠ ᠳᠠᠭᠤᠯᠠᠭᠰᠠᠨ ᠪᠦᠯᠬᠦᠮᠳᠡᠯ ᠤᠨ ᠠᠶᠠᠰ ᠪᠣᠯᠣᠨ᠎ᠠ᠃ᠪᠦᠬᠦ ᠬᠦᠴᠦᠨ ᠴᠢᠳᠠᠯ ᠢᠶᠠᠨ ᠰᠢᠪᠬᠠᠵᠤ᠂ ᠠᠷᠠᠳ ᠲᠦᠮᠡᠨ ᠢ ᠳᠡᠭᠡᠳᠦᠯᠡᠬᠦ ᠪᠣᠯ ᠶᠠᠩ ᠭᠧ ᠯᠥ᠋ᠩ ᠵᠡᠭᠡᠯᠢ ᠭᠤᠳᠤᠮᠵᠢ ᠶᠢᠨ ᠪᠦᠬᠦ ᠺᠠᠳ᠋ᠷᠴᠤᠳ ᠤᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠡᠭᠦᠷᠭᠡ ᠬᠠᠷᠢᠭᠤᠴᠠᠯᠭ᠎ᠠ ᠮᠥᠨ᠃
     ᠵᠢᠶᠠ ᠶᠤᠸᠠᠨ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠡᠷᠡᠭᠦᠯ ᠬᠠᠮᠠᠭᠠᠯᠠᠯ ᠤᠨ ᠬᠤᠭᠤᠯᠠᠨ ᠭᠡᠷ᠂ ᠰᠢᠨ ᠭᠤᠸᠠᠩ ᠨᠡᠶᠢᠭᠡᠮ ᠲᠣᠭᠤᠷᠢᠭ ᠤᠨ ᠡᠳᠦᠷ ᠤᠨ ᠬᠠᠷᠠᠭᠠᠯᠵᠠᠯ ᠤᠨ ᠲᠥᠪ᠂ ᠠᠨ ᠵᠢᠦᠢ ᠨᠡᠶᠢᠭᠡᠮ ᠲᠣᠭᠤᠷᠢᠭ ᠤᠨ ᠲᠠᠯ᠎ᠠ ᠨᠤᠲᠤᠭ ᠤᠨ ᠨᠣᠮ ᠤᠨ ᠥᠷᠥᠭᠡ ᠁ ᠣᠳᠣ ᠶᠢᠨ ᠶᠠᠩ ᠭᠧ ᠯᠢᠶᠠᠩ ᠤᠨ ᠵᠡᠭᠡᠯᠢ ᠭᠤᠳᠤᠮᠵᠢ ᠳᠤ᠂ ᠦᠢᠯᠡᠴᠢᠯᠡᠭᠡᠨ ᠤ ᠴᠢᠳᠠᠪᠬᠢ ᠪᠦᠷᠢᠨ ᠲᠡᠭᠦᠯᠳᠡᠷ ᠤᠯᠠᠨ ᠶᠠᠩᠵᠤ ᠶᠢᠨ ᠪᠠᠶᠢᠵᠤ᠂ ᠦᠨᠳᠦᠰᠦᠲᠡᠨ ᠤ ᠪᠦᠯᠬᠦᠮᠳᠡᠯ ᠤᠨ ᠦᠷ᠎ᠡ ᠵᠢᠷᠦᠬᠡ ᠪᠠᠨ ᠨᠢᠭᠡᠳᠬᠡᠵᠦ᠂ ᠰᠠᠭᠤᠭᠠᠯᠢ ᠠᠷᠠᠳ ᠤᠨ ᠠᠮᠢᠳᠤᠷᠠᠯ ᠠᠮᠤᠷ ᠠᠮᠤᠭᠤᠯᠠᠩ ᠵᠣᠯ ᠵᠢᠷᠭᠠᠯ ᠲᠠᠢ ᠪᠠᠶᠢᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︽ᠰᠢᠭᠢᠳᠬᠡᠮᠡᠯ ᠬᠡᠯᠪᠡᠷᠢ︾ ᠶᠢᠨ ᠨᠡᠶᠢᠭᠡᠮ ᠤᠨ ᠪᠦᠲᠦᠴᠡ ᠪᠣᠯᠣᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠶᠠᠭ ᠪᠠᠶᠢᠭᠤᠯᠤᠭᠳᠠᠵᠤ ᠪᠤᠢ᠂ ᠡᠨᠡ ᠨᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠭᠰᠡᠨ ᠰᠡᠳᠬᠢᠯ ᠬᠥᠳᠡᠯᠭᠡᠮ᠎ᠡ ᠦᠯᠢᠭᠡᠷ ᠢ ᠲᠡᠮᠳᠡᠭᠯᠡᠵᠦ ᠪᠤᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1