ᠬᠤᠶᠠᠷ  ᠢ ᠡᠯᠰᠡᠵᠦ ᠬᠤᠶᠠᠷ  ᠢ ᠲᠠᠲᠠᠵᠤ ᠨᠢᠭᠡ  ᠶᠢ ᠰᠢᠯᠢᠳᠡᠭᠵᠢᠭᠦᠯᠦᠨ᠎ᠡ ᠳ᠋ᠦᠩ ᠾᠧ ᠲᠣᠭᠤᠷᠢᠭ ᠤᠨ᠄ ︽ᠬᠠᠪᠰᠤᠷᠴᠤ︾ ᠪᠠᠶᠢᠭᠠᠳ ᠳᠤᠯᠠᠭᠠᠨ ᠤ ᠬᠡᠮᠵᠢᠶ᠎ᠡ  ᠶᠢ ︽ᠣᠷᠣᠯᠠᠭᠤᠯᠵᠤ︾ ᠬᠤᠷᠳᠤᠴᠠ  ᠶᠢ ᠪᠣᠶ ᠪᠣᠯᠭᠠᠵᠤ ︽ᠰᠡᠳᠬᠢᠬᠦᠢ  ᠶᠢ ᠣᠶᠢᠯᠠᠭᠠᠬᠤ︾ ᠠᠷᠭ᠎ᠠ ᠪᠠᠷ ᠦᠢᠯᠡᠴᠢᠯᠡᠭᠡ  ᠶᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2023/3/22
     2 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠮ ᠡᠮᠨᠡᠯᠭᠡ ᠶᠢᠨ ᠳᠠᠭᠠᠳᠬᠠᠯ ᠤᠨ ᠴᠣᠩᠬᠤᠨ ᠳᠤ ᠰᠠᠭᠤᠭ᠎ᠠ ᠠᠭᠤᠷᠬᠠᠢ ᠶᠢᠨ ᠮᠠᠰᠢᠨ ᠤ ᠵᠢᠵᠢᠭ ᠲᠣᠭᠤᠷᠢᠭ ᠤᠨ ᠸᠠᠩ ᠡᠪᠦᠭᠡ ᠶᠢᠨ ᠠᠰᠠᠭᠤᠨ ᠯᠠᠪᠯᠠᠬᠤ ᠤᠲᠠᠰᠤ ᠶᠢ ᠲᠤᠰᠴᠤ᠂ ᠲᠠᠩᠰᠠ ᠲᠠᠶᠢᠯᠬᠤ ᠭᠠᠷ ᠭᠦᠢᠴᠡᠳᠬᠡᠯ ᠬᠢᠬᠦ ᠰᠠᠨᠠᠭ᠎ᠠ ᠲᠠᠢ ᠪᠣᠯᠪᠠᠴᠤ ᠪᠡᠶ᠎ᠡ ᠨᠢ ᠳᠥᠭᠦᠮ ᠦᠭᠡᠢ ᠠᠴᠠ ᠪᠣᠯᠵᠤ ᠴᠣᠩᠬᠤᠨ ᠳᠤ ᠬᠦᠷᠴᠦ ᠭᠦᠢᠴᠡᠳᠬᠡᠵᠦ ᠳᠡᠶᠢᠯᠬᠦ ᠦᠭᠡᠢ ᠭᠡᠵᠡᠢ᠃ᠠᠵᠢᠯᠲᠠᠳ ᠸᠠᠩ ᠡᠪᠦᠭᠡ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠬᠠᠩᠭᠠᠵᠤ ᠪᠣᠯᠣᠨ᠎ᠠ ᠭᠡᠵᠦ ᠮᠡᠳᠡᠭᠳᠡᠬᠦ ᠶᠢᠨ ᠬᠠᠮᠲᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠵᠢᠴᠢ ᠬᠡᠷᠡᠭ ᠭᠦᠢᠴᠡᠳᠬᠡᠬᠦ ᠶᠠᠪᠤᠴᠠ ᠶᠢ ᠬᠦᠯᠢᠴᠡᠩᠭᠦᠢ ᠪᠠᠷ ᠲᠠᠶᠢᠯᠪᠤᠷᠢᠯᠠᠵᠤ ᠥᠭᠭᠦᠨ᠎ᠡ᠃ᠸᠠᠩ ᠡᠪᠦᠭᠡ  ᠶᠢᠨ ᠵᠥᠪᠰᠢᠶᠡᠷᠡᠯ  ᠢ ᠣᠯᠣᠭᠰᠠᠨ ᠤ ᠳᠠᠷᠠᠭ᠎ᠠ᠂ ᠲᠤᠰ ᠡᠳᠦᠷ ᠤᠨ ᠦᠳᠡ  ᠶᠢᠨ ᠬᠤᠶᠢᠨ᠎ᠠ ᠠᠵᠢᠯᠲᠠᠳ ᠲᠡᠭᠦᠨ ᠳᠤ ᠳᠠᠩᠰᠠ ᠲᠠᠶᠢᠯᠬᠤ ᠭᠠᠷ ᠭᠦᠢᠴᠡᠳᠬᠡᠯ  ᠢ ᠬᠢᠵᠦ ᠥᠭᠴᠡᠢ᠂ ᠳᠣᠲᠣᠨᠣ ᠦᠢᠯᠡᠴᠢᠯᠡᠭᠡ ᠨᠢ ᠸᠠᠩ ᠡᠪᠦᠭᠡ  ᠶᠢᠨ ᠰᠡᠳᠬᠢᠯ  ᠢ ᠶᠡᠬᠡᠳᠡ ᠬᠥᠳᠡᠯᠭᠡᠵᠡᠢ᠃︽ᠬᠠᠪᠰᠤᠷᠬᠤ︾ ᠨᠢ ᠬᠠᠯᠠᠭᠤᠨ ᠤ ᠬᠡᠮᠵᠢᠶ᠎ᠡ ᠪᠠᠷ ︽ᠣᠷᠣᠯᠠᠬᠤ︾ ᠬᠤᠷᠳᠤᠴᠠ ᠲᠠᠢ ᠪᠠᠶᠢᠳᠠᠭ᠂ ︽ᠬᠠᠪᠰᠤᠷᠤᠨ ᠬᠢᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠬᠠᠩᠭᠠᠵᠤ ᠪᠠᠶᠢᠭ᠎ᠠ ᠠᠵᠢᠯᠲᠠᠳ ᠲᠤ ᠠᠪᠴᠤ ᠬᠡᠯᠡᠪᠡᠯ᠂ ᠡᠨᠡ ᠨᠢ ᠵᠥᠪᠬᠡᠨ ᠲᠡᠳᠡᠨ ᠤ ᠬᠤᠪᠢ ᠳᠠᠬᠢ ︽ᠪᠠᠭ᠎ᠠ ᠶᠠᠪᠤᠳᠠᠯ︾ ᠲᠡᠳᠦᠢ ᠶᠤᠮ᠂ ᠭᠡᠪᠡᠴᠦ ᠶᠠᠭ ᠡᠨᠡ ᠬᠦ ︽ᠪᠠᠭ᠎ᠠ ᠶᠠᠪᠤᠳᠠᠯ︾ ᠨᠢ ᠣᠯᠠᠨ ᠲᠦᠮᠡᠨ ᠤ ᠮᠠᠰᠢ ᠣᠯᠠᠨ ︽ᠶᠡᠭᠡ ᠶᠠᠪᠤᠳᠠᠯ︾ ᠢ ᠦᠨᠡᠨ ᠪᠣᠳᠠᠲᠠᠢ ᠪᠠᠷ ᠰᠢᠢᠳᠪᠦᠷᠢᠯᠡᠭᠰᠡᠨ ᠶᠤᠮ᠃
     ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠭᠦᠶᠦᠬᠦ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠶᠠᠪᠤᠴᠠ ᠶᠢ ᠳᠠᠰᠤᠷᠠᠯᠳᠠ ᠦᠭᠡᠢ ᠵᠢᠷᠤᠮᠵᠢᠭᠤᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ︽ᠨᠢᠭᠡ ᠳᠤ ᠨᠢᠭᠡ︾ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠣᠳᠣᠬᠠᠨ ᠳᠤ ᠨᠢᠭᠡᠨᠲᠡ 410 ᠵᠦᠢᠯ ᠤᠨ︽ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ︾ᠵᠦᠢᠯᠡᠰ ᠢ ᠡᠮᠬᠢᠯᠡᠨ ᠲᠢᠭᠯᠡᠪᠡ᠃ᠤᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠲᠦᠪᠡᠭᠲᠡᠢ᠂ ᠤᠴᠢᠷ ᠶᠠᠪᠤᠳᠠᠯ ᠰᠢᠢᠳᠪᠦᠷᠢᠯᠡᠬᠦ ᠳᠤ ᠤᠳᠠᠭᠠᠨ᠂ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ᠂ ᠳ᠋ᠦᠩ ᠡᡁᠸ ᠲᠣᠭᠤᠷᠢᠭ ᠤᠨ ᠬᠢᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ︽ᠬᠠᠪᠰᠤᠷᠤᠨ ᠬᠢᠵᠦ ᠣᠷᠣᠯᠠᠨ ᠭᠦᠢᠴᠡᠳᠬᠡᠬᠦ︾ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠪᠠᠯᠭᠠᠰᠤ᠂ ᠵᠡᠭᠡᠯᠢ ᠭᠤᠳᠤᠮᠵᠢ ᠳᠤ ᠨᠢᠭᠡᠨᠲᠡ︽ᠬᠠᠪᠰᠤᠷᠤᠨ ᠬᠢᠵᠦ ᠣᠷᠣᠯᠠᠨ ᠭᠦᠢᠴᠡᠳᠬᠡᠬᠦ︾ᠴᠣᠩᠬᠤᠪᠴᠢ ᠭᠠᠷᠭᠠᠵᠤ᠂ ︽ᠠᠰᠠᠷᠠᠭᠴᠢ ᠮᠠᠶ᠋ᠢᠭ︾ ᠤᠨ ᠳᠣᠲᠣᠨᠣ ᠦᠢᠯᠡᠴᠢᠯᠡᠭᠡᠨ ᠤ ᠵᠠᠭᠪᠤᠷ ᠢ ᠴᠢᠷᠮᠠᠶᠢᠨ ᠡᠭᠦᠳᠴᠦ᠂ ︽ᠬᠠᠪᠰᠤᠷᠬᠤ︾ᠦᠷ᠎ᠡ ᠪᠦᠲᠦᠮᠵᠢ ᠭᠠᠷᠭᠠᠬᠤ᠂︽ᠭᠦᠢᠴᠡᠳᠬᠡᠬᠦ︾ ᠳᠤ ᠲᠦᠬᠦᠮ ᠦᠵᠡᠭᠦᠯᠬᠦ ᠶᠢ ᠪᠠᠲᠤᠯᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃
     ︽ᠣᠳᠣ ᠬᠤᠪᠢ  ᠶᠢᠨ ᠦᠢᠯᠡᠳᠪᠦᠷᠢ ᠬᠤᠳᠠᠯᠳᠤᠭᠠᠨ ᠤ ᠡᠷᠦᠬᠡ  ᠶᠢᠨ ᠡᠵᠡᠩᠨᠡᠯᠲᠡ  ᠶᠢᠨ ᠦᠨᠡᠮᠯᠡᠯ  ᠢ ᠭᠤᠶᠤᠴᠢᠯᠠᠨ ᠠᠪᠬᠤ ᠳᠤ ᠮᠠᠰᠢ ᠳᠥᠭᠦᠮ ᠪᠣᠯᠵᠠᠢ᠂ ᠲᠤᠰᠬᠠᠢ ᠬᠥᠮᠥᠨ ᠪᠦᠬᠦ ᠶᠠᠪᠤᠴᠠ ᠳᠤ ᠪᠠᠷ᠎ᠠ ᠪᠣᠯᠵᠤ ᠦᠢᠯᠡᠴᠢᠯᠡᠨ᠎ᠡ᠂ ᠪᠠᠰᠠ ᠮᠢᠨᠤ ᠬᠦᠰᠦᠨᠦᠭ ᠲᠠᠭᠯᠠᠬᠤ᠂ ᠬᠤᠯᠪᠣᠭᠳᠠᠯ ᠪᠦᠬᠦᠢ ᠦᠨᠡᠮᠯᠡᠯ  ᠢ ᠪᠠᠭᠤᠯᠭᠠᠬᠤ ᠪᠠ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ  ᠶᠢ ᠬᠦᠯᠢᠴᠡᠩᠭᠦᠢ ᠪᠠᠷ ᠨᠠᠷᠢᠨ ᠨᠢᠮᠪᠠᠢ ᠵᠢᠯᠤᠭᠤᠳᠴᠤ ᠪᠠᠶᠢᠨ᠎ᠠ᠂ ᠢᠩᠭᠢᠭᠡᠳ ᠬᠠᠭᠠᠰ ᠴᠠᠭ ᠤᠨ ᠳᠣᠲᠣᠷ᠎ᠠ ᠳᠠᠩᠰᠠᠯᠠᠭᠤᠯᠤᠨ ᠪᠦᠷᠢᠳᠬᠡᠭᠦᠯᠵᠦ᠂ ᠠᠵᠢᠯ ᠶᠠᠪᠤᠳᠠᠯ ᠪᠦᠲᠦᠭᠡᠬᠦ ᠳᠡᠭᠡᠨ ᠥᠨᠳᠥᠷ ᠦᠷ᠎ᠡ ᠪᠦᠲᠦᠮᠵᠢ ᠣᠯᠵᠤ᠂ ᠠᠳᠡ ᠲᠡᠨᠳᠡ ᠨᠠᠰᠢ ᠴᠠᠰᠢ ᠶᠠᠪᠤᠬᠤ ᠬᠡᠷᠡᠭ ᠦᠭᠡᠢ ᠪᠣᠯᠵᠠᠢ︾᠃ ︽ᠣᠳᠣᠬᠠᠨ ᠳᠤ ᠬᠤᠪᠢ  ᠶᠢᠨ ᠦᠢᠯᠡᠳᠪᠦᠷᠢ ᠬᠤᠳᠠᠯᠳᠤᠭᠠᠨ ᠤ ᠡᠷᠦᠬᠡ  ᠶᠢᠨ ᠡᠵᠡᠩᠨᠡᠯᠲᠡ  ᠶᠢᠨ ᠦᠨᠡᠮᠯᠡᠯ  ᠢ ᠭᠦᠢᠴᠡᠳᠬᠡᠬᠦ ᠳᠤ ᠲᠤᠰᠬᠠᠢ ᠬᠥᠮᠥᠨ ᠪᠦᠬᠦ ᠶᠠᠪᠤᠴᠠ ᠳᠤ ᠪᠠᠷ᠎ᠠ ᠪᠣᠯᠵᠤ ᠦᠢᠯᠡᠴᠢᠯᠡᠨ᠎ᠡ᠂ ᠡᠭᠦᠨ ᠠᠴᠠ ᠭᠠᠳᠠᠨ᠎ᠠ ᠨᠠᠰᠢ ᠴᠠᠰᠢ ᠶᠠᠪᠤᠬᠤ ᠦᠭᠡᠢ ᠪᠣᠯᠵᠠᠢ᠃ ᠡᠵᠡᠩᠨᠡᠯᠲᠡ ᠶᠢᠨ ᠦᠨᠡᠮᠯᠡᠯ ᠠᠪᠤᠭᠰᠠᠨ ᠬᠤᠤ ᠳᠤ ᠠᠷᠠᠯᠵᠢᠶᠠᠨ ᠤ ᠠᠭᠤᠳᠠᠮ ᠲᠠᠯᠠᠪᠠᠢ ᠶᠢᠨ ᠡᠵᠡᠨ ᠮᠠ ᠸᠥ᠋ᠨ ᠯᠢ ᠮᠠᠰᠢ ᠶᠡᠭᠡ ᠢᠨᠢᠶᠡᠮᠰᠦᠭᠯᠡᠯ ᠲᠠᠢ ᠪᠠᠶᠢᠯ᠎ᠠ᠃
     ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠨᠡᠩ ᠤᠯᠠᠨ︽ᠬᠤᠷᠳᠤᠴᠠ︾ ᠲᠠᠢ ᠪᠥᠭᠡᠳ ︽ᠬᠠᠯᠠᠭᠤᠨ ᠳᠤᠯᠠᠭᠠᠨ︾ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠠᠭᠠᠯᠲᠠ ᠶᠢ ᠠᠪᠴᠢᠷᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠠᠵᠤ ᠠᠬᠤᠶᠢᠯᠠᠯ ᠪᠣᠯᠣᠨ ᠠᠵᠢᠯ ᠶᠠᠪᠤᠳᠠᠯ ᠡᠷᠬᠢᠯᠡᠬᠦ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠦᠢᠯᠡᠴᠢᠯᠡᠬᠦ᠂ ᠬᠡᠷᠡᠭ ᠠᠴᠠ ᠡᠮᠦᠨ᠎ᠡ ᠦᠢᠯᠡᠴᠢᠯᠡᠬᠦ᠂ ᠪᠦᠬᠦ ᠶᠠᠪᠤᠴᠠ ᠳᠤ ᠦᠢᠯᠡᠴᠢᠯᠡᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠰᠡᠳᠬᠢᠯ ᠬᠠᠨᠤᠮᠵᠢᠲᠠᠢ ᠪᠠᠶᠢᠬᠤ ᠶᠢ ᠳᠠᠭᠠᠭᠠᠬᠤ︾︽ᠰᠡᠳᠬᠢᠯ ᠠᠮᠤᠷ ᠪᠠᠶᠢᠬᠤ ᠶᠢ ᠳᠠᠭᠠᠭᠠᠬᠤ︾ᠡᠵᠡᠩᠨᠡᠯᠲᠡ ᠶᠢᠨ ᠣᠷᠴᠢᠨ ᠲᠣᠭᠤᠷᠢᠨ ᠤ ᠲᠦᠷᠦᠯ ᠲᠡᠮᠳᠡᠭ ᠢ ᠦᠷᠭᠦᠯᠵᠢᠯᠡᠨ ᠭᠢᠯᠠᠷᠠᠭᠤᠯᠵᠤ ᠪᠠᠶᠢᠨ᠎ᠠ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠠᠪᠤ ᠶᠢ ᠣᠷᠣᠭᠤᠯᠬᠤ︾ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠲᠣᠭᠤᠷᠢᠭ ᠤᠨ ᠱᠠᠲᠤ ᠪᠠ ᠵᠡᠭᠡᠯᠢ ᠪᠠᠯᠭᠠᠰᠤ ᠶᠢᠨ ᠱᠠᠲᠤᠨ ᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠠᠴᠠ ᠭᠠᠷᠳᠠᠵᠤ᠂ ︽ᠬᠥᠮᠥᠨ ᠨᠢ ᠦᠢᠯᠡᠴᠢᠯᠡᠭᠡ ᠡᠷᠢᠬᠦ︾  ᠠᠴᠠ ︽ᠦᠢᠯᠡᠴᠢᠯᠡᠭᠡ ᠨᠢ ᠬᠥᠮᠥᠨ ᠡᠷᠢᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠦᠢᠯᠡᠴᠢᠯᠡᠭᠡᠨ ᠤ ᠠᠵᠤ ᠠᠬᠤᠶᠢᠯᠠᠯ ᠪᠠ ᠣᠯᠠᠨ ᠲᠦᠮᠡᠨ ᠤ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠤᠯᠠᠮ ᠨᠢᠭᠡ ᠠᠯᠬᠤᠮ ᠰᠠᠶᠢᠲᠤᠷ ᠰᠢᠢᠳᠪᠦᠷᠢᠯᠡᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠰᠠ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠰᠠᠭᠠᠳ ᠦᠭᠡᠢ ᠨᠡᠪᠲᠡᠷᠡᠬᠦ ᠵᠠᠮ ᠢ ᠦᠷᠭᠦᠯᠵᠢᠯᠡᠨ ᠨᠠᠪᠲᠠᠷᠡᠭᠦᠯᠵᠦ᠂ ᠲᠣᠭᠲᠠᠴᠠ ᠶᠢᠨ ᠲᠦᠭᠵᠢᠷᠡᠯ ᠢ ᠶᠡᠭᠡ ᠪᠠᠷ ᠠᠷᠢᠯᠭᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ︽ᠪᠠᠴᠢᠮ ᠶᠠᠪᠤᠳᠠᠯ ᠢ ᠪᠠᠴᠢᠮ ᠰᠢᠢᠳᠪᠦᠷᠢᠯᠡᠬᠦ᠂ ᠣᠨᠴᠠᠭᠠᠶ ᠶᠠᠪᠤᠳᠠᠯ ᠢ ᠣᠨᠴᠠᠭᠠᠶ ᠰᠢᠢᠳᠪᠦᠷᠢᠯᠡᠬᠦ︾ ᠵᠠᠷᠴᠢᠮ ᠶᠣᠰᠣᠭᠠᠷ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ᠂ ︽ᠠᠮᠠᠯᠳᠠᠭᠰᠠᠨ ᠢᠶᠠᠨ ᠮᠡᠳᠡᠭᠳᠡᠵᠦ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠶᠢ ᠵᠥᠪᠰᠢᠶᠡᠷᠡᠬᠦ︾ ᠶᠢ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠮᠠᠲ᠋ᠧᠷᠢᠶᠠᠯ ᠪᠦᠷᠢᠨ ᠪᠤᠰᠤ  ᠠᠴᠠ ᠪᠣᠯᠵᠤ ᠨᠠᠰᠢ ᠴᠠᠰᠢ ᠭᠦᠶᠦᠬᠦ᠂ ᠣᠯᠠᠨ ᠤᠳᠠᠭ᠎ᠠ ᠭᠦᠶᠦᠬᠦ ᠠᠰᠠᠭᠤᠳᠠᠯ ᠢ ᠪᠦᠲᠦᠮᠵᠢᠲᠡᠶ ᠪᠠᠭᠠᠰᠬᠠᠪᠠ᠃ᠣᠲᠣ ᠪᠣᠯᠲᠠᠯ᠎ᠠ᠂ ᠳ᠋ᠦᠩ ᠾᠧ ᠲᠣᠭᠤᠷᠢᠭ ᠤᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠠᠵᠢᠯ ᠤᠨ ᠵᠦᠢᠯ ᠤᠨ ᠲᠤᠭ᠎ᠠ 5653 ᠬᠤᠪᠢ ᠳᠤ ᠭᠦᠷᠦᠭᠰᠡᠨ ᠪᠠᠶᠢᠨ᠎ᠠ᠃      ︽ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ︿ᠵᠡᠭᠦᠨ ᠭᠤᠣᠯ ᠴᠢᠮᠠᠶᠢ ᠣᠶᠢᠯᠠᠭᠠᠬᠤ﹀ᠨᠢᠭᠡ ᠲᠣᠭᠤᠷᠢᠭ ᠨᠢᠭᠡ ᠳᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠭᠰᠠᠭᠠᠯ ᠢ ᠨᠢᠮᠪᠠᠢ ᠪᠠᠶᠢᠭᠤᠯᠵᠤ᠂ ᠦᠨᠡᠨᠴᠢ ᠰᠢᠳᠤᠷᠭᠤ ᠪᠠᠷ ᠦᠢᠯᠡᠴᠢᠯᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢᠶᠠᠷ︿ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ﹀ᠠᠵᠢᠯ ᠢ ᠲᠣᠭᠲᠠᠭᠤᠨ ᠢᠶᠠᠷ ᠠᠬᠢᠭᠤᠯᠬᠤ ᠳᠤ ᠬᠦᠴᠦ ᠨᠡᠮᠡᠷᠢᠯᠡᠵᠦ᠂ ᠤᠴᠢᠷ ᠶᠠᠪᠤᠳᠠᠯ ᠰᠢᠢᠳᠪᠦᠷᠢᠯᠡᠬᠦ ᠳᠤ ᠤᠤᠯ ᠤᠨ︿ᠥᠪᠡᠷ ᠢᠶᠠᠨ ᠭᠦᠶᠦᠬᠦ᠂ ᠥᠪᠡᠷ ᠢᠶᠠᠨ ᠭᠦᠢᠴᠡᠳᠬᠡᠬᠦ﹀ ᠠᠴᠠ ᠣᠷᠣᠯᠠᠨ ᠭᠦᠢᠴᠡᠳᠭᠡᠭᠴᠢ﹀ᠪᠣᠯᠵᠤ ᠬᠠᠪᠰᠤᠷᠤᠨ ᠭᠦᠶᠦᠬᠦ᠂ ᠬᠠᠪᠰᠤᠷᠤᠨ ᠭᠦᠢᠴᠡᠳᠬᠡᠬᠦ﹀ ᠶᠢ ᠦᠨᠡᠨᠬᠦ ᠪᠡᠶᠡᠯᠡᠭᠦᠯᠦᠨ᠎ᠡ᠃ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ ᠦᠢᠯᠡᠴᠢᠯᠡᠭᠡ᠂ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠠᠰᠠᠭᠤᠬᠤ ᠲᠣᠭᠲᠠᠴᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ᠂ ᠬᠠᠨᠤᠮᠵᠢ ᠶᠢᠨ ᠬᠡᠮᠵᠢᠶ᠎ᠡ ᠪᠠ ᠮᠡᠳᠡᠷᠡᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠨ ᠬᠢᠵᠦ ᠰᠠᠶᠢᠨ ᠪᠦᠲᠦᠭᠡᠬᠦ ᠪᠣᠳᠠᠲᠤ ᠦᠷ᠎ᠡ ᠪᠦᠲᠦᠮᠵᠢ ᠪᠠᠷ ᠢᠶᠠᠨ ︿ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠦᠨ᠎ᠡ﹀︾ ᠭᠡᠵᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1