ᠳ᠋ᠦᠩ ᠾᠧ ᠲᠣᠭᠤᠷᠢᠭ᠄ ᠠᠮᠢ ᠠᠬᠤᠢ ᠶᠢᠨ ᠡᠮᠦᠨᠡᠲᠦ ᠲᠠᠩᠭᠢᠰ ᠲᠤ ᠨᠣᠭᠤᠭᠠᠨ ᠥᠩᠭᠡ ᠪᠠᠷ ᠪᠢᠯᠬᠠᠵᠤ᠂ ᠤᠰᠤᠨ ᠴᠣᠭᠴᠠ ᠶᠢᠨ ᠵᠠᠰᠠᠯᠲᠠ ᠲᠣᠭᠲᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2023/3/22
      ᠬᠠᠪᠤᠷ ᠤᠨ ᠡᠳᠦᠷ ᠤᠨ ᠦᠳᠡ ᠶᠢᠨ ᠬᠤᠶᠢᠨ᠎ᠠ᠂ ᠡᠶᠡᠪᠡᠷᠭᠦᠦ ᠳᠤᠯᠠᠭᠠᠨ ᠨᠡᠷᠡᠨ ᠤ ᠲᠤᠶᠠᠭ᠎ᠠ ᠡᠮᠦᠨᠡᠲᠦ ᠲᠠᠩᠭᠢᠰ ᠤᠨ ᠨᠠᠭᠤᠷ ᠤᠨ ᠨᠢᠭᠤᠷ ᠳᠡᠭᠡᠷ᠎ᠡ ᠲᠤᠰᠴᠤ᠂ ᠬᠤᠯᠠ ᠦᠭᠡᠢ ᠭᠠᠵᠠᠷ ᠲᠤ ᠨᠡᠭᠦᠳᠡᠯ ᠤᠨ ᠰᠢᠪᠠᠭᠤᠳ ᠵᠠᠷᠢᠮ ᠳᠠᠭᠠᠨ ᠤᠰᠤᠨ ᠳᠤ ᠰᠢᠷᠭᠤᠯᠠᠨ ᠢᠳᠡᠰᠢ ᠡᠷᠢᠵᠦ᠂ ᠵᠠᠷᠢᠮ ᠳᠠᠭᠠᠨ ᠮᠥᠰᠥᠨ ᠳᠡᠭᠡᠷ᠎ᠡ ᠨᠠᠭᠠᠳᠤᠨ ᠲᠣᠭᠯᠠᠳᠠᠭ᠃ᠬᠥᠪᠡᠭᠡᠨ ᠤ ᠵᠠᠮ ᠳᠡᠭᠡᠷ᠎ᠡ᠂ ᠬᠥᠮᠥᠰ ᠵᠤᠭᠠᠴᠠᠨ ᠨᠠᠭᠠᠳᠴᠤ᠂ ᠰᠡᠭᠦᠳᠡᠷ ᠲᠠᠲᠠᠵᠤ ᠳᠤᠷᠠᠰᠬᠠᠯ ᠦᠯᠡᠳᠡᠭᠡᠨ᠎ᠡ᠃ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠦᠵᠡᠰᠬᠦᠯᠡᠩᠲᠦ ᠰᠠᠶᠢᠬᠠᠨ ᠵᠢᠷᠤᠭ ᠡᠮᠦᠨᠡᠲᠦ ᠲᠠᠩᠭᠢᠰ ᠤᠨ ᠨᠤᠭᠤ ᠭᠠᠵᠠᠷ ᠲᠤ ᠠᠯᠭᠤᠷᠬᠠᠨ ᠢᠶᠠᠷ ᠳᠡᠯᠭᠡᠭᠳᠡᠨ᠎ᠡ᠃
     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ︾ ᠭᠡᠵᠦ ᠲᠣᠳᠣᠷᠬᠠᠢ ᠵᠢᠭᠠᠵᠤ ᠭᠠᠷᠭᠠᠭᠰᠠᠨ ᠪᠥᠭᠡᠳ ︽ᠲᠠᠯ᠎ᠠ ᠨᠤᠲᠤᠭ ᠤᠢ ᠰᠢᠭᠤᠢ ᠭᠤᠣᠯ ᠮᠥᠷᠡᠨ ᠨᠠᠭᠤᠷ ᠴᠥᠭᠦᠷᠥᠮ ᠴᠢᠭᠢᠭᠯᠢᠭ ᠭᠠᠵᠠᠷ ᠢ ᠠᠮᠤᠷᠵᠢᠭᠤᠯᠤᠨ ᠲᠡᠩᠬᠡᠷᠡᠭᠦᠯᠬᠦ ᠶᠢ ᠳᠡᠯᠭᠡᠷᠡᠭᠦᠯᠦᠨ᠎ᠡ︾ ᠭᠡᠵᠦ ᠳᠤᠷᠠᠳᠴᠠᠢ᠂ ᠡᠨᠡ ᠨᠢ ᠬᠤᠯᠠ ᠣᠶᠢᠷ᠎ᠠ ᠳᠤ ᠠᠯᠳᠠᠷᠰᠢᠭᠰᠠᠨ ︽ᠪᠣᠭᠤᠮᠲᠠ ᠶᠢᠨ ᠭᠠᠳᠠᠨᠠᠬᠢ ᠰᠢ ᠬᠤ ᠨᠠᠭᠤᠷ︾ ᠪᠣᠯᠤᠭᠰᠠᠨ ᠤ ᠬᠤᠪᠢ ᠳᠤ᠂ ᠡᠮᠦᠨᠡᠲᠦ ᠲᠠᠩᠭᠢᠰ ᠤᠨ ᠴᠢᠭᠢᠭᠯᠢᠭ ᠭᠠᠵᠠᠷ ᠨᠢ ᠲᠤᠰ ᠭᠠᠵᠠᠷ ᠤᠨ ᠠᠮᠢ ᠠᠬᠤᠢ ᠶᠢ ᠰᠠᠶᠢᠵᠢᠷᠠᠭᠤᠯᠬᠤ᠂ ᠠᠭᠤᠷ ᠠᠮᠢᠰᠬᠤᠯ ᠢ ᠲᠣᠬᠢᠷᠠᠭᠤᠯᠬᠤ᠂ ᠠᠭᠠᠷ ᠢ ᠴᠡᠪᠡᠷᠰᠢᠭᠦᠯᠬᠦ᠂ ᠣᠷᠣᠨ ᠪᠦᠰᠡ ᠶᠢᠨ ᠣᠷᠴᠢᠨ ᠠᠬᠤᠢ ᠶᠢ ᠭᠤᠶᠣᠵᠢᠭᠤᠯᠬᠤ ᠪᠠ ᠰᠠᠶᠢᠵᠢᠷᠠᠭᠤᠯᠬᠤ ᠳᠤ ᠲᠤᠶᠢᠯ ᠤᠨ ᠴᠢᠬᠤᠯᠠ ᠪᠠᠶᠢᠳᠠᠭ᠃ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠡᠮᠦᠨᠡᠲᠦ ᠲᠠᠩᠭᠢᠰ ᠤᠨ ᠨᠤᠭᠤ ᠭᠠᠵᠠᠷ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠮᠦᠨᠡᠲᠦ ᠲᠠᠩᠭᠢᠰ ᠤᠨ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ︽ᠡᠪᠡᠰᠦ ᠨᠣᠭᠤᠭ᠎ᠠ ᠤᠰᠤ ᠲᠤᠩᠭᠠᠯᠠᠭ᠂ ᠵᠢᠭᠠᠰᠤ ᠬᠠᠷᠠᠶᠢᠵᠤ ᠬᠥᠮᠥᠨ ᠪᠠᠶᠠᠰᠤᠨ᠎ᠠ︾ᠭᠡᠬᠦ ᠠᠮᠢ ᠠᠬᠤᠢ ᠶᠢᠨ ᠳᠠᠭᠤᠤ ᠶᠢ ᠪᠢᠴᠢᠭᠯᠡᠵᠦ᠂ ᠨᠠᠨ ᠬᠠᠢ ᠽᠢ ᠨᠤᠭᠤ ᠭᠠᠵᠠᠷ ᠭᠡᠬᠦ ᠡᠨᠡᠬᠦ ︽ᠬᠠᠮᠤᠭ ᠤᠨ ᠭᠤᠶᠤ ᠨᠡᠷ᠎ᠡ ᠶᠢᠨ ᠬᠠᠭᠤᠳᠠᠰᠤ︾ ᠶᠢ ᠨᠡᠩ ᠭᠡᠷᠡᠯ ᠭᠢᠯᠪᠠᠭ᠎ᠠ ᠲᠠᠢ ᠪᠣᠯᠭᠠᠵᠠᠢ᠃
     ᠡᠮᠦᠨᠡᠲᠦ ᠲᠠᠩᠭᠢᠰ ᠤᠨ ᠨᠠᠭᠤᠷ ᠤᠨ ᠤᠰᠤᠨ ᠴᠣᠭᠴᠠ ᠶᠢ ᠵᠠᠰᠠᠬᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠶᠠᠭ ᠳᠠᠯᠳᠠ ᠤᠷᠤᠰᠬᠠᠯ ᠤᠨ ᠨᠤᠭᠤ ᠭᠠᠵᠠᠷ ᠤᠨ ᠠᠮᠢ ᠠᠬᠤᠢ ᠶᠢᠨ ᠨᠡᠮᠡᠯᠲᠡ ᠮᠠᠲ᠋ᠧᠷᠢᠶᠠᠯ ᠢ ᠡᠭᠡᠭᠦᠯᠦᠨ ᠪᠥᠭᠯᠡᠬᠦ ᠠᠵᠢᠯ ᠢ ᠬᠢᠵᠦ᠂ ᠮᠠᠯᠲᠠᠭᠤᠷ ᠮᠠᠰᠢᠨ᠂ ᠠᠴᠢᠶᠠᠯᠠᠭᠤᠷ ᠮᠠᠰᠢᠨ᠂ ᠥᠪᠡᠷᠲᠡᠭᠡᠨ ᠪᠠᠭᠤᠯᠭᠠᠬᠤ ᠮᠠᠰᠢᠨ ᠲᠡᠷᠭᠡ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠨᠠᠰᠢ ᠴᠠᠰᠢ ᠰᠦᠯᠵᠢᠯᠳᠦᠵᠦ᠂ ᠡᠯ᠎ᠡ ᠭᠤᠭᠴᠤᠭ᠎ᠠ ᠶᠢ ᠴᠥᠮ ᠪᠠᠴᠢᠮ ᠶᠠᠭᠠᠷᠠᠯᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠭᠤᠯᠵᠤ᠂ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠵᠡᠢ᠃
     ︽ᠲᠣᠰ ᠤᠳᠠᠭᠠᠨ ᠤ ᠤᠰᠤᠨ ᠴᠣᠭᠴᠠ ᠶᠢᠨ ᠵᠠᠰᠠᠯᠲᠠ ᠶᠢᠨ ᠲᠥᠷᠥᠯ ᠵᠦᠢᠯ ᠨᠢ ᠨᠠᠨ ᠬᠠᠢ ᠽᠢ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠷᠢᠯᠠᠵᠤ᠂ ᠲᠠᠯᠠᠪᠠᠶ ᠨᠢ ᠪᠠᠷᠤᠭ 606 ᠾᠧᠺᠲ᠋ᠠᠷ ᠪᠠᠶᠢᠵᠤ᠂ ᠡᠮᠦᠨᠡᠲᠦ ᠲᠠᠩᠭᠢᠰ ᠤᠨ ᠨᠠᠭᠤᠷ ᠤᠨ ᠭᠠᠳᠠᠷ ᠢᠷᠡᠯᠲᠡ ᠶᠢᠨ ᠪᠣᠬᠢᠷᠳᠤᠯ ᠢ ᠬᠢᠵᠠᠭᠠᠷᠯᠠᠬᠤ ᠪᠠ ᠳᠣᠲᠣᠭᠠᠳᠤ ᠢᠷᠡᠯᠲᠡ ᠶᠢᠨ ᠪᠣᠬᠢᠷᠳᠤᠯ ᠢ ᠬᠢᠵᠠᠭᠠᠷᠯᠠᠬᠤ ᠬᠤᠶᠠᠷ ᠬᠡᠰᠡᠭ ᠠᠴᠠ ᠪᠦᠷᠢᠯᠳᠦᠵᠡᠢ᠃ ᠲᠣᠰ ᠤᠳᠠᠭᠠᠨ ᠤ ᠢᠨᠵᠧᠨᠧᠷᠢᠩ ᠪᠣᠯ ᠤᠰᠤ ᠳᠠᠮᠵᠢᠭᠤᠯᠬᠤ ᠬᠤᠭᠤᠯᠠᠢ ᠶᠢᠨ ᠱᠤᠭᠤᠮ ᠤᠨ ᠢᠨᠵᠧᠨᠧᠷᠢᠩ᠂ ᠳᠠᠯᠳᠠ ᠤᠷᠤᠰᠬᠠᠯ ᠤᠨ ᠴᠢᠭᠢᠭᠯᠢᠭ ᠭᠠᠵᠠᠷ ᠤᠨ ᠨᠢᠭᠡᠳᠦᠭᠡᠷ ᠢᠨᠵᠧᠨᠧᠷᠢᠩ᠂ ᠡᠯ ᠬᠠᠢ ᠽᠢ ᠶᠢᠨ ᠥᠩᠭᠡᠨ ᠤᠷᠤᠰᠬᠠᠯ ᠤᠨ ᠴᠢᠭᠢᠭᠯᠢᠭ ᠭᠠᠵᠠᠷ ᠤᠨ ᠢᠨᠵᠧᠨᠧᠷᠢᠩ᠂ ᠳᠠᠯᠳᠠ ᠤᠷᠤᠰᠬᠠᠯ ᠤᠨ ᠴᠢᠭᠢᠭᠯᠢᠭ ᠭᠠᠵᠠᠷ ᠤᠨ ᠬᠤᠶᠠᠳᠤᠭᠠᠷ ᠢᠨᠵᠧᠨᠧᠷᠢᠩ᠂ ᠳ᠋ᠠ ᠬᠠᠢ ᠽᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠵᠢᠴᠢ ᠵᠡᠭᠦᠨ ᠭᠤᠣᠯ ᠤᠨ ᠭᠤᠯᠳᠤᠷᠢᠯ ᠢ ᠯᠠᠶᠢᠳᠠᠬᠤ ᠢᠨᠵᠧᠨᠧᠷᠢᠩ ᠵᠡᠷᠭᠡ ᠵᠢᠷᠭᠤᠭᠠᠨ ᠵᠦᠢᠯ ᠤᠨ ᠢᠨᠵᠧᠨᠧᠷᠢᠩ ᠢ ᠪᠠᠭᠲᠠᠭᠠᠭᠰᠠᠨ ᠳᠣᠲᠣᠭᠠᠳᠤ ᠢᠷᠡᠯᠲᠡ ᠶᠢᠨ ᠪᠣᠬᠢᠷᠳᠤᠯ ᠢ ᠬᠢᠵᠠᠭᠠᠷᠯᠠᠬᠤ ᠢᠨᠵᠧᠨᠧᠷᠢᠩ ᠪᠣᠯᠣᠨ᠎ᠠ᠃ ᠣᠳᠣᠬᠠᠨ ᠳᠤ᠂ ᠲᠥᠷᠥᠯ ᠵᠦᠢᠯ ᠳᠤ ᠶᠠᠭ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠰᠡᠷᠭᠦᠭᠡᠵᠦ ᠪᠣᠶ᠂ ᠡᠯ᠎ᠡ ᠵᠦᠢᠯ ᠤᠨ ᠪᠠᠷᠢᠯᠭ᠎ᠠ ᠶᠢᠨ ᠠᠷᠭ᠎ᠠ ᠬᠡᠮᠵᠢᠶ᠎ᠡ᠂ ᠲᠥᠰᠥᠯ᠂ ᠪᠡᠯᠡᠳᠬᠡᠯ ᠲᠥᠰᠥᠯ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠢᠨᠵᠧᠨᠧᠷᠢᠩ ᠤᠨ ᠮᠡᠷᠭᠡᠵᠢᠯ᠂ ᠠᠮᠤᠷ ᠲᠦᠪᠰᠢᠨ ᠤ ᠲᠠᠯ᠎ᠠ ᠪᠠᠷ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ ᠪᠠᠶᠢᠨ᠎ᠠ︾ ᠭᠡᠵᠦ ᠤᠰᠤᠨ ᠴᠣᠭᠴᠠ ᠶᠢᠨ ᠵᠠᠰᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠲᠠᠨᠢᠯᠴᠠᠭᠤᠯᠪᠠ᠃      ᠡᠮᠦᠨᠡᠲᠦ ᠲᠠᠩᠭᠢᠰ ᠤᠨ ᠤᠰᠤᠨ ᠴᠣᠭᠴᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠨᠢᠳᠡ ᠶᠢᠨ ᠬᠥᠭᠵᠢᠯᠲᠡ ᠶᠢ ᠠᠬᠢᠭᠤᠯᠤᠨ᠎ᠠ᠃ᠤᠯᠤᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠣᠬᠢᠷᠳᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ  ᠶᠢ ᠠᠬᠢᠭᠤᠯᠬᠤ ᠲᠥᠷᠥ ᠶᠢᠨ ᠪᠣᠳᠣᠯᠭ᠎ᠠ ᠴᠢᠭᠯᠡᠯᠲᠡ  ᠶᠢ ᠨᠠᠶᠢᠳᠠᠪᠤᠷᠢᠵᠢᠭᠤᠯᠵᠤ᠂ ᠨᠠᠷᠢᠯᠢᠭ᠂ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠡᠮᠦᠨᠡᠲᠦ ᠲᠠᠩᠭᠢᠰ ᠤᠨ ᠨᠠᠭᠤᠷ ᠤᠨ ᠤᠰᠤ ᠶᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠨᠢ ᠨᠠᠭᠤᠷ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠳᠤ ᠰᠠᠭᠤᠷᠢᠯᠠᠵᠤ᠂ ︽ᠵᠠᠰᠠᠬᠤ + ᠪᠠᠲᠤᠯᠠᠬᠤ + ᠬᠡᠷᠡᠭᠯᠡᠬᠦ︾ᠪᠦᠬᠦᠯᠢ ᠴᠣᠭᠴᠠ ᠶᠢᠨ ᠰᠡᠳᠬᠢᠴᠡ ᠶᠢ ᠳᠤᠷᠠᠳᠴᠤ᠂ ᠤᠰᠤᠨ ᠤ ᠴᠢᠨᠠᠷ ᠢ ᠴᠡᠪᠡᠷᠰᠢᠭᠦᠯᠬᠦ ᠪᠠ ᠠᠮᠢ ᠠᠬᠤᠢ ᠶᠢ ᠰᠡᠷᠭᠦᠭᠡᠬᠦ ᠪᠠᠷ ᠭᠤᠣᠯ ᠪᠣᠯᠭᠠᠵᠤ᠂ ᠬᠥᠮᠥᠨ ᠤ ᠬᠦᠴᠦ ᠪᠠᠷ ᠨᠤᠭᠤ ᠭᠠᠵᠠᠷ ᠢ ᠪᠦᠲᠦᠭᠡᠨ ᠪᠠᠶᠢᠭᠤᠯᠬᠤ ᠪᠠ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠪᠠᠷ ᠳᠠᠮᠵᠢᠨ᠂ ᠳ᠋ᠦᠩ ᠾᠧ ᠳ᠋ᠦᠩ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠡᠰᠡᠭ ᠦᠯᠡᠳᠡᠭᠳᠡᠯ ᠤᠰᠤ ᠪᠣᠯᠣᠨ ᠡᠮᠦᠨᠡᠲᠦ ᠲᠠᠩᠭᠢᠰ ᠤᠨ ᠨᠠᠭᠤᠷ ᠨᠠᠭᠤᠷ ᠤᠨ ᠤᠰᠤ ᠶᠢ ᠴᠡᠪᠡᠷᠰᠢᠭᠦᠯᠵᠦ᠂ ᠳ᠋ᠦᠩ ᠾᠧ ᠭᠤᠣᠯ ᠋ ᠤᠨ ᠭᠤᠯᠳᠤᠷᠢᠯ ᠤᠨ ᠰᠢᠷ᠎ᠠ ᠭᠤᠣᠯ ᠤᠨ ᠬᠦᠷᠢᠶᠡᠨ ᠳᠤ ᠣᠷᠣᠬᠤ ᠶᠢ ᠡᠵᠡᠮᠳᠡᠬᠦ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠭᠡᠬᠦ ᠶᠢ ᠪᠠᠲᠤᠯᠠᠵᠤ᠂ ᠣᠷᠣᠨ ᠪᠦᠰᠡ ᠶᠢᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠬᠥᠭᠵᠢᠯᠲᠡ ᠳᠤ ᠠᠮᠢᠳᠤᠯᠢᠭ ᠲᠠᠶᠢᠯᠪᠤᠷᠢ ᠬᠢᠪᠡ᠃
     ︽ᠨᠡᠭᠦᠳᠡᠯ ᠤᠨ ᠰᠢᠪᠠᠭᠤᠳ ᠤᠰᠤᠨ ᠤ ᠴᠢᠨᠠᠷ ᠤᠨ ᠱᠠᠭᠠᠷᠳᠠᠯᠭ᠎ᠠ  ᠳᠤ ᠮᠠᠰᠢ ᠥᠨᠳᠥᠷ ᠪᠠᠶᠢᠳᠠᠭ᠂ ᠣᠳᠣᠬᠠᠨ ᠳᠤ ᠪᠠᠭ᠎ᠠ ᠬᠠᠮᠠᠷᠲᠤ ᠬᠤᠨ ᠭᠠᠯᠠᠭᠤ ᠮᠡᠲᠦ  ᠶᠢᠨ ᠰᠢᠪᠠᠭᠤᠳ ᠠᠳᠡ ᠣᠷᠣᠰᠢᠨ ᠰᠠᠭᠤᠬᠤ᠂ ᠬᠥᠯ ᠲᠣᠭᠲᠠᠬᠤ ᠨᠢ ᠡᠮᠦᠨᠡᠲᠦ ᠲᠠᠩᠭᠢᠰ ᠤᠨ ᠨᠠᠭᠤᠷ ᠤᠨ ᠤᠰᠤᠨ ᠤ ᠴᠢᠨᠠᠷ ᠡᠳᠦᠷ ᠠᠴᠠ ᠡᠳᠦᠷ ᠰᠠᠶᠢᠵᠢᠷᠠᠵᠤ ᠪᠠᠶᠢᠭ᠎ᠠ  ᠶᠢ ᠬᠠᠷᠠᠭᠤᠯᠵᠤ ᠪᠠᠶᠢᠨ᠎ᠠ︾᠃ ᠨᠠᠨ ᠬᠠᠢ ᠽᠢ ᠶᠢᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠣᠭᠤᠷᠢᠨ ᠬᠠᠮᠠᠭᠠᠯᠠᠭᠴᠢ ᠰᠤᠷᠪᠤᠯᠵᠢᠯᠠᠭᠴᠢ ᠳᠤ ᠤᠯᠠᠨ ᠵᠢᠯ ᠤᠨ ᠲᠤᠷᠰᠢ᠂ ᠳ᠋ᠦᠩ ᠾᠧ ᠲᠣᠭᠤᠷᠢᠭ ᠤᠨ  ᠬᠢᠨ ᠡᠮᠦᠨᠡᠲᠦ ᠲᠠᠩᠭᠢᠰ ᠤᠨ ᠨᠤᠭᠤ ᠭᠠᠵᠠᠷ ᠢ ᠶᠡᠷᠦᠩᠬᠡᠶᠢᠯᠡᠨ ᠵᠠᠰᠠᠬᠤ ᠪᠠ ᠰᠡᠯᠪᠢᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠨᠤᠭᠤ ᠭᠠᠵᠠᠷ ᠤᠨ ᠦᠢᠯᠡᠳᠪᠦᠷᠢᠯᠡᠯ ᠤᠨ ᠬᠦᠴᠦᠨ ᠢ ᠠᠯᠬᠤᠮ ᠠᠯᠬᠤᠮ ᠢᠶᠠᠷ ᠰᠡᠷᠭᠦᠭᠡᠵᠦ᠂ ᠪᠣᠬᠢᠷᠳᠤᠯ ᠤᠨ ᠡᠬᠢ ᠶᠢ ᠲᠠᠰᠤᠯᠬᠤ᠂ ᠨᠡᠭᠦᠷᠡᠰᠦᠨ ᠲᠠᠯᠠᠪᠠᠢ ᠪᠣᠯᠣᠨ ᠬᠤᠭ ᠨᠣᠪᠰᠢ ᠶᠢᠨ ᠲᠠᠯᠠᠪᠠᠢ ᠶᠢ ᠴᠡᠪᠡᠷᠯᠡᠬᠦ᠂ ᠠᠮᠢ ᠠᠬᠤᠢ ᠶᠢᠨ ᠤᠰᠤ ᠨᠥᠬᠦᠪᠦᠷᠢᠯᠡᠬᠦ᠂ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠵᠡᠷᠭᠡ ᠰᠢᠷᠢᠰ ᠠᠷᠭ᠎ᠠ ᠬᠡᠮᠵᠢᠶ᠎ᠡ ᠪᠠᠷ ᠳᠠᠮᠵᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠢ ᠤᠯᠠᠨ ᠦᠷ᠎ᠡ ᠪᠦᠲᠦᠭᠡᠯ ᠢ ᠣᠯᠣᠭᠰᠠᠨ ᠪᠠᠶᠢᠨ᠎ᠠ ᠭᠡᠵᠦ ᠬᠡᠯᠡᠪᠡ᠃ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠳ᠋ᠦᠩ ᠾᠧ ᠲᠣᠭᠤᠷᠢᠭ ᠤᠨ ᠬᠢᠨ︽ᠨᠢᠳᠦ ᠪᠠᠨ ᠬᠠᠮᠠᠭᠠᠯᠠᠬᠤ ᠰᠢᠭ᠋ ᠢᠶᠠᠷ ᠪᠠᠶᠢᠭᠠᠯᠢ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ︾ᠱᠠᠭᠠᠷᠳᠠᠯᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠡᠮᠦᠨᠡᠲᠦ ᠲᠠᠩᠭᠢᠰ ᠤᠨ ᠨᠤᠭᠤ ᠭᠠᠵᠠᠷ ᠤᠨ ᠠᠮᠢ ᠠᠬᠤᠢ ᠶᠢᠨ ᠰᠡᠷᠭᠦᠭᠡᠯᠲᠡ ᠪᠣᠯᠣᠨ ᠬᠠᠮᠠᠭᠠᠯᠠᠯᠲᠠ ᠶᠢᠨ ᠬᠠᠷᠢᠭᠤᠯᠲᠠ ᠶᠢᠨ ᠬᠠᠭᠤᠳᠠᠰᠤ ᠶᠢ ᠬᠥᠬᠡ ᠣᠭᠲᠠᠷᠭᠤᠢ ᠬᠥᠬᠡᠮᠳᠦᠭ ᠤᠰᠤᠨ ᠤ ᠳᠤᠮᠳᠠ ᠪᠢᠴᠢᠭᠯᠡᠨ᠎ᠡ᠃
     ᠨᠤᠭᠤ ᠭᠠᠵᠠᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠠᠬᠢᠨ ︽ᠰᠢᠨ᠎ᠡ ᠳᠡᠭᠲᠡᠷ ᠲᠤ ᠭᠠᠷᠭᠠᠬᠤ︾ ᠶᠢ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ᠳ᠋ᠦᠩ ᠾᠧ ᠲᠣᠭᠤᠷᠢᠭ ᠤᠨ ᠬᠢᠨ ᠳ᠋ᠦᠩ ᠾᠧ ᠭᠤᠣᠯ ᠤᠨ ᠵᠡᠭᠦᠨ ᠬᠡᠰᠡᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠦᠯᠡᠳᠡᠭᠳᠡᠯ ᠤᠰᠤ᠂ ᠳ᠋ᠠ ᠬᠠᠢ ᠽᠢ᠂ ᠡᠯ ᠬᠠᠢ ᠽᠢ ᠨᠠᠭᠤᠷ ᠤᠨ ᠤᠰᠤ ᠶᠢ ᠭᠦᠨ ᠴᠡᠪᠡᠷᠰᠢᠭᠦᠯᠦᠨ᠎ᠡ᠃ ᠡᠭᠦᠨ ᠤ ᠬᠠᠮᠲᠤ ᠡᠮᠦᠨᠡᠲᠦ ᠲᠠᠩᠭᠢᠰ ᠤᠨ ᠨᠠᠭᠤᠷ ᠤᠨ ᠠᠮᠢ ᠠᠬᠤᠢ ᠶᠢ ᠰᠡᠷᠭᠦᠭᠡᠬᠦ᠂ ᠠᠮᠢᠳᠤᠷᠠᠯ ᠤᠨ ᠣᠷᠴᠢᠨ ᠢ ᠪᠣᠶ ᠪᠣᠯᠭᠠᠬᠤ᠂ ᠢᠳᠡᠰᠢᠨ ᠭᠢᠨᠵᠢ ᠶᠢ ᠪᠣᠶ ᠪᠣᠯᠭᠠᠬᠤ ᠵᠢᠴᠢ ᠡᠷᠭᠢ ᠶᠢᠨ ᠪᠦᠰᠡ ᠶᠢᠨ ᠤᠷᠭᠤᠮᠠᠯ ᠢ ᠰᠡᠷᠭᠦᠭᠡᠬᠦ ᠪᠠᠷ ᠳᠠᠮᠵᠢᠭᠤᠯᠤᠨ᠂ ᠡᠷᠡᠭᠦᠯ ᠴᠢᠭᠢᠷᠠᠭ᠂ ᠰᠠᠶᠢᠨ ᠰᠠᠶᠢᠬᠠᠨ ᠴᠢᠭᠯᠡᠯ ᠢᠶᠠᠷ ᠣᠷᠣᠯᠠᠭᠳᠠᠭᠰᠠᠨ ᠠᠮᠢ ᠠᠬᠤᠢ ᠶᠢᠨ ᠰᠢᠰᠲ᠋ᠧᠮ ᠢ ᠪᠣᠶ ᠪᠣᠯᠭᠠᠵᠤ᠂ ᠡᠮᠦᠨᠡᠲᠦ ᠲᠠᠩᠭᠢᠰ ᠤᠨ ᠨᠠᠭᠤᠷ ᠴᠥᠭᠦᠷᠥᠮ ᠤᠨ ᠤᠰᠤ ᠶᠢ ᠮᠠᠭᠤ ᠲᠠᠪᠤᠨ ᠲᠥᠷᠥᠯ ᠠᠴᠠ ᠭᠠᠵᠠᠷ ᠤᠨ ᠭᠠᠳᠠᠷᠭᠤ ᠶᠢᠨ ᠳᠥᠷᠪᠡᠨ ᠲᠥᠷᠥᠯ ᠤᠨ ᠪᠠᠷᠢᠮᠵᠢᠶ᠎ᠠ ᠳᠤ ᠬᠦᠷᠲᠡᠯ᠎ᠡ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠦᠷᠭᠦᠯᠵᠢᠯᠡᠬᠦ ᠬᠥᠭᠵᠢᠯᠲᠡ᠂ ᠠᠮᠢ ᠠᠬᠤᠢ ᠶᠢᠨ ᠣᠷᠴᠢᠨ ᠨᠥᠬᠦᠴᠡᠯ ᠤᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠢ ᠵᠡᠷᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠣᠷᠳᠣ ᠬᠤᠭᠤᠴᠠᠭ᠎ᠠ ᠪᠠᠷ ᠴᠢᠷᠮᠠᠶᠢᠨ᠂ ᠦᠷᠭᠦᠯᠵᠢᠯᠡᠨ ᠬᠦᠴᠦᠯᠡᠵᠦ᠂ ᠡᠮᠦᠨᠡᠲᠦ ᠲᠠᠩᠭᠢᠰ ᠤᠨ ᠴᠢᠭᠢᠭᠯᠢᠭ ᠭᠠᠵᠠᠷ ᠤᠨ ᠡᠨᠡ ᠬᠦ ᠨᠣᠮᠢᠨ ᠨᠣᠭᠤᠭᠠᠨ᠂ ᠡᠨᠡ ᠬᠦ ᠬᠥᠬᠡᠮᠳᠦᠭ ᠬᠥᠬᠡ᠂ ᠡᠨᠡ ᠬᠦ ᠴᠡᠪᠡᠷ ᠠᠷᠢᠭᠤᠨ ᠪᠠᠶᠢᠬᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃
     ᠣᠶᠢᠯᠠᠭᠠᠭᠰᠠᠨ ᠢᠶᠠᠷ᠂ 2022 ᠣᠨ ᠤ ᠰᠡᠭᠦᠯᠴᠢ ᠪᠣᠯᠲᠠᠯ᠎ᠠ᠂ ᠲᠦᠷᠦᠯ ᠵᠦᠢᠯ ᠢ ᠪᠡᠶᠡᠯᠡᠭᠦᠯᠦᠭᠰᠡᠨ ᠬᠡᠮᠵᠢᠶ᠎ᠡ  ᠨᠢ ᠢᠨᠵᠧᠨᠧᠷᠢᠩ ᠤᠨ ᠶᠡᠷᠦᠩᠬᠡᠢ ᠬᠡᠮᠵᠢᠶ᠎ᠡ ᠶᠢᠨ 72.84% ᠋ ᠢ ᠡᠵᠡᠯᠡᠪᠡ᠃ᠡᠪᠦᠯ ᠤᠨ ᠤᠯᠠᠷᠢᠯ ᠤᠨ ᠠᠵᠢᠯ ᠵᠣᠭᠰᠣᠬᠤ ᠪᠠᠷ ᠳᠠᠮᠵᠢᠨ᠂ ᠲᠤᠰ ᠲᠦᠷᠦᠯ ᠵᠦᠢᠯ ᠨᠢ 2 ᠰᠠᠷ᠎ᠠ ᠶᠢᠨ 16 ᠤ ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠵᠡᠢ᠃ᠲᠦᠷᠦᠯ ᠵᠦᠢᠯ ᠢ ᠲᠦᠷᠭᠡᠨ ᠠᠬᠢᠭᠤᠯᠵᠤ᠂ ᠡᠷᠲᠡ ᠪᠠᠷᠢᠯᠭ᠎ᠠ ᠳᠠᠭᠤᠰᠬᠠᠬᠤ ᠶᠢ ᠪᠠᠲᠤᠯᠠᠬᠤ ᠶᠢᠨ ᠲᠥᠯᠥᠭᠡ᠂ ᠨᠠᠨ ᠬᠠᠢ ᠽᠢ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠲᠥᠪ ᠤᠨ ᠬᠠᠮᠵᠢᠯᠴᠠᠨ ᠪᠠᠷᠢᠯᠭ᠎ᠠ ᠪᠠᠷᠢᠬᠤ ᠨᠢᠭᠡᠴᠡ ᠶᠢᠨ ᠬᠢᠨ ᠦᠯᠡᠳᠡᠭᠰᠡᠨ ᠪᠠᠷᠢᠯᠭ᠎ᠠ ᠶᠢᠨ ᠬᠡᠮᠵᠢᠶ᠎ᠡ ᠶᠢ ᠬᠡᠷᠡᠭᠵᠢᠭᠦᠯᠬᠦ ᠲᠥᠯᠥᠪᠯᠡᠭᠡ ᠪᠠ ᠲᠣᠩᠭᠤᠷᠠᠭᠤᠯᠤᠨ ᠦᠷᠦᠬᠦ ᠠᠵᠢᠯ ᠤᠨ ᠬᠤᠭᠤᠴᠠᠭ᠎ᠠ ᠶᠢ ᠲᠣᠳᠣᠷᠬᠠᠶᠢᠯᠠᠵᠤ᠂ ᠵᠢᠱᠢᠯᠲᠡ ᠪᠠᠷ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠵᠤ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠷᠰᠢᠨ ᠲᠣᠬᠢᠷᠠᠭᠤᠯᠵᠤ ᠳᠠᠭᠤᠰᠤᠭᠰᠠᠨ ᠤ ᠳᠠᠷᠠᠭ᠎ᠠ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠪᠣᠬᠢᠷᠳᠤᠯ ᠦᠭᠡᠢ ᠨᠤᠭᠤ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠰᠠᠭᠤᠷᠢ ᠥᠩᠭᠡ ᠶᠢ ᠵᠤᠵᠠᠭᠠᠳᠬᠠᠬᠤ ᠳᠤ︽ᠬᠤᠷᠳᠤᠳᠬᠠᠬᠤ ᠳᠠᠷᠤᠪᠴᠢ︾ ᠶᠢ ᠳᠠᠷᠤᠨ᠎ᠠ᠃      ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠬᠠᠷᠠᠭᠠᠯᠵᠠᠯ ᠤᠨ ᠠᠷᠠᠳ ᠤᠨ ᠠᠮᠢᠳᠤᠷᠠᠯ ᠤᠨ ᠠᠵᠠ ᠵᠢᠷᠭᠠᠯ ᠮᠥᠨ᠂ ᠨᠤᠭᠤ ᠭᠠᠵᠠᠷ ᠢ ᠬᠠᠮᠠᠭᠠᠯᠠᠬᠤ ᠪᠠ ᠰᠡᠯᠪᠢᠨ ᠵᠠᠰᠠᠬᠤ ᠪᠣᠯ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠨᠢᠭᠡ ᠭᠤᠭᠴᠤᠭ᠎ᠠ ᠪᠣᠯᠣᠨ᠎ᠠ᠂ ᠳ᠋ᠦᠩ ᠾᠧ ᠲᠣᠭᠤᠷᠢᠭ ᠤᠨ ᠬᠢᠨ ᠪᠣᠶᠢᠵᠢᠭᠤᠯᠬᠤ᠂ ᠰᠡᠯᠪᠢᠨ ᠵᠠᠰᠠᠬᠤ᠂ ᠵᠣᠬᠢᠰᠲᠠᠢ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠨᠤᠭᠤ ᠭᠠᠵᠠᠷ ᠤᠨ ᠴᠡᠴᠡᠷᠯᠢᠭ ᠢ ᠪᠠᠶᠢᠭᠤᠯᠵᠤ᠂ ︽ᠬᠥᠮᠥᠨ ᠵᠢᠷᠤᠭ ᠤᠨ ᠳᠤᠮᠳᠠ ᠵᠤᠭᠠᠴᠠᠬᠤ︾ᠠᠮᠢ ᠠᠬᠤᠢ ᠶᠢᠨ ᠦᠵᠡᠮᠵᠢ ᠳᠤ ᠥᠩᠭᠡ ᠪᠤᠳᠤᠭ ᠨᠡᠮᠡᠷᠢᠯᠡᠵᠦ᠂ ᠦᠵᠡᠰᠬᠦᠯᠡᠩᠲᠦ ᠰᠠᠶᠢᠬᠠᠨ ᠨᠤᠭᠤ ᠭᠠᠵᠠᠷ ᠢ ᠦᠯᠡᠳᠡᠭᠡᠵᠦ᠂ ᠨᠡᠩ ᠤᠯᠠᠨ ᠠᠷᠠᠳ ᠲᠦᠮᠡᠨ ᠳᠤ ︽ᠰᠢᠯᠦᠭ ᠪᠠ ᠠᠯᠤᠰ ᠤᠨ ᠠᠶᠠᠯᠠᠯ︾ ᠢ ᠡᠳ᠋ᠯᠡᠭᠦᠯᠬᠦ ᠪᠠᠷ ᠪᠠᠶᠢᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1