ᠬᠤᠶᠠᠷ  ᠢ ᠡᠯᠰᠡᠵᠦ ᠬᠤᠶᠠᠷ  ᠢ ᠲᠠᠲᠠᠵᠤ ᠨᠢᠭᠡ  ᠶᠢ ᠰᠢᠯᠢᠳᠡᠭᠵᠢᠭᠦᠯᠬᠦ ᠳ᠋ᠦᠩ ᠾᠧ ᠲᠣᠭᠤᠷᠢᠭ᠄ ᠪᠠᠷᠠᠭ᠎ᠠ ᠠᠪᠴᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠳᠤ ᠬᠦᠴᠦᠨ ᠨᠡᠮᠡᠷᠢᠯᠡᠵᠦ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭ ᠤᠨ ᠰᠢᠨ᠎ᠡ ᠨᠡᠷ᠎ᠡ  ᠶᠢᠨ ᠬᠠᠭᠤᠳᠠᠰᠤ  ᠶᠢ ᠪᠣᠶ ᠪᠣᠯᠭᠠᠬᠤ  ᠶᠢ ᠰᠢᠭᠤᠳ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2023/3/22
      ᠳ᠋ᠦᠩ ᠾᠧ ᠲᠣᠭᠤᠷᠢᠭ ᠤᠨ ᠬᠥᠳᠡᠯᠮᠦᠷᠢ ᠦᠢᠯᠡᠴᠢᠯᠡᠭᠡᠨ ᠤ ᠨᠡᠷᠡᠲᠦ ᠲᠡᠮᠳᠡᠭ ᠤᠨ ᠪᠠᠶᠢᠭᠤᠯᠤᠯᠲᠠ  ᠶᠢ ᠳᠡᠮᠵᠢᠬᠦ ᠶᠢᠨ ᠲᠥᠯᠥᠭᠡ᠂ ᠵᠠᠯᠠᠭᠤᠴᠤᠳ ᠢ ᠲᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠶᠢ ᠡᠭᠦᠳᠴᠦ ᠦᠢᠯᠡᠰ ᠪᠣᠰᠬᠠᠬᠤ ᠳᠤ ᠢᠳᠡᠪᠬᠢᠲᠡᠢ ᠣᠷᠣᠯᠴᠠᠭᠤᠯᠵᠤ᠂ ᠨᠡᠩ ᠤᠯᠠᠨ ᠤᠯᠠᠨ ᠲᠦᠮᠡᠨ ᠳᠤ ︽ᠭᠡᠷ ᠤᠨ ᠡᠭᠦᠳᠡ︾ ᠶᠢᠨ ᠠᠵᠢᠯ ᠣᠯᠭᠤᠯᠲᠠ ᠶᠢ ᠪᠡᠶᠡᠯᠡᠭᠦᠯᠵᠦ᠂ 3 ᠰᠠᠷ᠎ᠠ ᠶᠢᠨ 7 ᠤ ᠦᠳᠡ ᠶᠢᠨ ᠬᠤᠶᠢᠨ᠎ᠠ᠂ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠬᠠᠮᠲᠤᠷᠠᠭᠰᠠᠨ ᠲᠣᠭᠤᠷᠢᠭ ᠤᠨ ᠠᠵᠢᠯ ᠣᠯᠭᠤᠯᠲᠠ ᠦᠢᠯᠡᠰ ᠪᠣᠰᠬᠠᠬᠤ ᠠᠵᠢᠯ ᠤᠨ ᠬᠤᠯᠪᠣᠭ᠎ᠠ ᠶᠢᠨ ᠭᠡᠷ ᠤᠨ ᠬᠤᠪᠴᠠᠰᠤᠨ ᠤ ᠠᠵᠤ ᠠᠬᠤᠶᠢᠯᠠᠯ︽58 ᠭᠡᠷ ᠲᠡᠭᠡᠨ ᠬᠦᠷᠬᠦ︾᠂ ᠾᠧ ᠳ᠋ᠦᠩ ᠪᠠᠯᠭᠠᠰᠤ ᠶᠢᠨ ᠬᠤᠤ ᠯᠠᠢ ᠭᠧᠦ ᠲᠣᠰᠬᠤᠨ ᠤ ᠲᠠᠷᠢᠶᠠᠯᠠᠩ ᠤᠨ ᠬᠦᠷᠢᠶᠡᠯᠡᠩ ᠤᠨ ᠡᠷᠬᠢᠯᠡᠭᠰᠡᠡ︽ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ ᠵᠣᠯ ᠵᠢᠷᠭᠠᠯ ᠤᠨ ᠬᠥᠭᠦᠷᠭᠡ ᠪᠣᠰᠬᠠᠬᠤ︾ᠳᠠᠭᠤ ᠪᠠᠷ ᠰᠢᠭᠤᠳ ᠨᠡᠪᠲᠡᠷᠡᠭᠦᠯᠬᠦ ᠠᠵᠢᠯᠯᠠᠭ᠎ᠠ ᠶᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠵᠣᠴᠢᠳ ᠤᠨ ᠲᠢᠩᠬᠢᠮ ᠳᠤ ᠵᠢᠩᠬᠢᠨᠢ ᠪᠠᠷ ᠠᠩᠬ᠎ᠠ ᠨᠡᠪᠲᠡᠷᠡᠭᠦᠯᠪᠡ᠃
     ᠠᠬᠤᠢ ᠲᠠᠯᠠᠪᠠᠶ ᠶᠢ ᠰᠢᠭᠤᠳ ᠨᠡᠪᠲᠡᠷᠡᠭᠦᠯᠦᠨ᠎ᠡ᠂ ᠶᠦᠨ ᠯᠦ ᠭᠦᠵᠡᠯᠵᠡᠭᠡᠨ᠎ᠡ ᠲᠡᠭᠦᠬᠦ ᠬᠦᠷᠢᠶᠡᠯᠡᠩ ᠠᠴᠠ ᠢᠷᠡᠭᠰᠡᠨ ᠦᠢᠯᠡᠰ ᠪᠣᠰᠬᠠᠭᠰᠠᠨ ᠨᠡᠶᠢᠲᠡᠯᠢᠭ ᠵᠢᠱᠢᠶ᠎ᠡ ᠪᠣᠯᠬᠤ ᠯᠢᠶᠠᠩ ᠸᠧᠢ ᠳ᠋ᠦᠩ ᠤᠨ ᠪᠦᠯᠬᠦᠮ ᠤᠨ ᠬᠢᠨ ︽ᠭᠤᠣᠯ ᠨᠡᠪᠲᠡᠷᠡᠭᠦᠯᠦᠭᠴᠢ︾ᠪᠣᠯᠵᠤ ᠬᠤᠪᠢᠷᠠᠨ᠂ ᠡᡁᠸ ᠳ᠋ᠦᠩ ᠪᠠᠯᠭᠠᠰᠤ ᠶᠢᠨ ᠣᠨᠴᠠᠯᠢᠭᠲᠤ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ︱ ᠭᠦᠵᠡᠯᠵᠡᠭᠡᠨ᠎ᠡ ᠶᠢ ᠳᠡᠯᠭᠡᠴᠡᠨ ᠳᠠᠬᠢ ᠰᠦᠯᠵᠢᠶᠡᠨ ᠨᠠᠶᠢᠵᠠ ᠨᠠᠷ ᠲᠤ ᠬᠠᠯᠠᠭᠤᠨ ᠰᠡᠳᠬᠢᠯᠭᠡ ᠪᠠᠷ ᠲᠠᠨᠢᠯᠴᠠᠭᠤᠯᠵᠤ᠂ ᠭᠢᠯᠠᠯᠵᠠᠭᠰᠠᠨ ᠭᠦᠵᠡᠯᠵᠡᠭᠡᠨ᠎ᠡ ᠨᠦᠭᠦᠳ ᠬᠥᠮᠥᠰ ᠤᠨ ᠳᠤᠷ᠎ᠠ ᠰᠣᠨᠢᠷᠬᠠᠯ ᠢ ᠲᠠᠲᠠᠵᠤ᠂ ᠮᠠᠰᠢ ᠤᠯᠠᠨ ᠰᠦᠯᠵᠢᠶᠡᠨ ᠤ ᠨᠠᠶᠢᠵᠠ ᠨᠠᠷ ᠤᠨ ᠪᠠᠭ᠋ᠠᠷᠬᠠᠯ ᠢ ᠲᠠᠲᠠᠵᠤ᠂ ᠰᠦᠯᠵᠢᠶᠡᠨ ᠳᠡᠭᠡᠷᠡᠬᠢ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠵᠤ᠂ ᠲᠤᠰ ᠤᠳᠠᠭ᠎ᠠ ᠶᠢᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠰᠣᠨᠢᠷᠬᠠᠭᠰᠠᠨ ᠬᠥᠮᠥᠨ ᠤ ᠲᠤᠭ᠎ᠠ 1.8 ᠲᠦᠮᠡ ᠳᠤ ᠬᠦᠷᠦᠭᠰᠡᠡ ᠢ ᠣᠯᠵᠤ ᠬᠠᠷᠠᠵᠠᠢ᠃ ᠡᠨᠡ ᠤᠳᠠᠭ᠎ᠠ ᠶᠢᠨ ᠠᠵᠢᠯᠯᠠᠭ᠎ᠠ ᠶᠢ ᠰᠣᠨᠢᠷᠬᠠᠭᠰᠠᠨ ᠬᠥᠮᠥᠨ ᠤ ᠲᠤᠭ᠎ᠠ 1.8 ᠲᠦᠮᠡ ᠳᠤ ᠬᠦᠷᠴᠡᠢ᠃ ︽ᠥᠩᠭᠡᠷᠡᠭᠰᠡᠨ ᠳᠤ ᠲᠠᠷᠢᠶᠠᠴᠢᠨ ᠡᠷᠦᠬᠡ ᠤᠯᠠᠮᠵᠢᠯᠠᠯᠲᠤ ᠪᠣᠷᠤᠯᠠᠭᠤᠯᠭ᠎ᠠ  ᠶᠢᠨ ᠵᠠᠮ ᠢᠶᠠᠷ ᠬᠢᠵᠠᠭᠠᠷᠯᠠᠭᠳᠠᠵᠤ ᠪᠠᠶᠢᠭᠰᠠᠨ ᠪᠣᠯᠬᠤᠷ ᠵᠠᠮ ᠬᠠᠷᠢᠯᠴᠠᠭ᠎ᠠ᠂ ᠮᠡᠳᠡᠭᠡ ᠵᠠᠩᠭᠢ ᠰᠠᠭᠠᠳ ᠦᠭᠡᠢ ᠨᠡᠪᠲᠡᠷᠡᠬᠦ ᠵᠡᠷᠭᠡ ᠬᠦᠴᠦᠨ ᠵᠦᠢᠯ ᠤᠨ ᠨᠥᠯᠥᠭᠡ  ᠶᠢ ᠬᠦᠷᠲᠡᠵᠦ᠂ ᠪᠣᠷᠤᠯᠠᠭᠤᠯᠭ᠎ᠠ  ᠶᠢᠨ ᠵᠠᠮ ᠢᠪᠴᠤᠤ᠂ ᠦᠷ᠎ᠡ ᠪᠦᠲᠦᠮᠵᠢ ᠳᠣᠣᠷ᠎ᠠ ᠪᠣᠯᠵᠤ᠂ ᠰᠦᠯᠵᠢᠶᠡᠨ ᠳᠡᠭᠡᠷ᠎ᠡ ᠭᠦᠵᠡᠯᠵᠡᠭᠡᠨ᠎ᠡ  ᠶᠢ ᠪᠣᠷᠣᠯᠠᠭᠤᠯᠬᠤ ᠪᠣᠳᠣᠯ ᠨᠠᠳᠠ ᠳᠤ ᠲᠥᠷᠥᠭᠳᠡᠵᠡᠢ᠂ ᠳ᠋ᠦᠩ ᠾᠧ  ᠶᠢᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ  ᠶᠢᠨ ᠲᠣᠪᠴᠢᠶᠠᠨ ᠤ ᠳᠠᠭᠤ ᠴᠡᠴᠡᠷᠡᠭᠦᠯᠬᠦ ᠰᠢᠭᠤᠳ ᠨᠡᠪᠲᠡᠷᠡᠭᠦᠯᠭᠡ  ᠶᠢᠨ ᠲᠠᠪᠴᠠᠩ ᠨᠢ ᠭᠦᠵᠡᠯᠵᠡᠭᠡᠨ᠎ᠡ  ᠶᠢᠨ ᠪᠣᠷᠤᠯᠠᠭᠤᠯᠭ᠎ᠠ  ᠶᠢᠨ ᠵᠠᠮ  ᠢ ᠥᠷᠭᠡᠳᠬᠡᠵᠡᠢ︾᠃ ᠭᠡᠵᠦ ᠯᠢᠶᠠᠩ ᠸᠧᠢ ᠳ᠋ᠦᠩ ᠬᠡᠯᠡᠪᠡ᠃      ᠣᠶᠢᠯᠠᠭᠠᠭᠰᠠᠨ ᠢᠶᠠᠷ᠂ ᠵᠢᠮᠢᠰ ᠲᠡᠭᠦᠬᠦ ᠬᠦᠷᠢᠶᠡᠯᠡᠩ ᠤᠨ ᠲᠠᠯᠠᠪᠠᠶ ᠨᠢ ᠪᠠᠷᠤᠭ 100 ᠭᠠᠷᠤᠢ ᠮᠦ ᠪᠠᠶᠢᠵᠤ᠂ 30 ᠭᠠᠷᠤᠢ ᠬᠦᠯᠡᠮᠵᠢ ᠲᠠᠢ᠂ ᠪᠠᠷᠤᠭ 1 ᠲᠦᠮᠡ ᠭᠠᠷᠤᠢ ᠬᠠᠪᠲᠠᠭᠠᠢ ᠳᠥᠷᠪᠡᠯᠵᠢᠨ ᠮᠧᠲᠷ ᠲᠠᠯᠠᠪᠠᠶ ᠲᠠᠢ᠂ ᠣᠳᠣᠬᠠᠨ ᠳᠤ ᠭᠦᠵᠡᠯᠵᠡᠭᠡᠨ᠎ᠡ᠂ ᠠᠮᠲᠠᠲᠤ ᠬᠡᠮᠬᠡ ᠭᠡᠬᠦ ᠬᠤᠶᠠᠷ ᠵᠦᠢᠯ ᠤᠨ ᠵᠢᠮᠢᠰ ᠳᠠᠷᠢᠵᠤ᠂ ᠯᠢᠶᠠᠩ ᠸᠧᠢ ᠳ᠋ᠦᠩ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠪᠠᠷ ᠪᠠᠷᠠᠬᠤ ᠦᠭᠡᠢ᠂ ᠡᠷᠬᠢᠨ ᠲᠣᠭᠤᠷᠢᠨ ᠤ ᠲᠣᠰᠬᠤᠨ ᠤ 10 ᠭᠠᠷᠤᠢ ᠦᠯᠡᠭᠦᠦ ᠬᠥᠳᠡᠯᠮᠦᠷᠢ ᠶᠢᠨ ᠬᠦᠴᠦᠨ ᠢ ᠳᠠᠶᠢᠴᠢᠯᠠᠨ ᠠᠵᠢᠯ ᠣᠯᠭᠤᠵᠤ ᠪᠠᠶᠢᠨ᠎ᠠ᠃      ︽︿ᠢᠨᠲ᠋ᠧᠷ ᠰᠦᠯᠵᠢᠶ᠎ᠡ + ᠠᠵᠢᠯ ᠣᠯᠭᠤᠵᠤ ᠠᠳᠠᠯ ᠦᠢᠯᠡᠰ ᠴᠣᠭᠴᠠᠯᠠᠬᠤ﹀ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠬᠦ ᠶᠢᠨ ᠲᠥᠯᠥᠭᠡ᠂ ᠪᠢᠳᠡ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠠᠵᠢᠯ ᠣᠯᠭᠤᠯᠲᠠ ᠶᠢ ᠪᠠᠲᠤᠯᠠᠬᠤ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠲᠠᠪᠴᠠᠩ ᠢ ᠢᠳᠡᠪᠬᠢᠲᠡᠢ ᠪᠠᠶᠢᠭᠤᠯᠤᠨ᠂ ᠮᠠᠨ ᠤ ᠣᠷᠣᠨ ᠤ ᠦᠯᠡᠭᠦᠦ ᠬᠥᠳᠡᠯᠮᠦᠷᠢ ᠬᠦᠴᠦᠨ ᠳᠤ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠲᠣᠬᠢᠶᠠᠯ ᠢ ᠨᠡᠮᠡᠭᠳᠡᠭᠦᠯᠵᠦ᠂ ᠰᠦᠯᠵᠢᠶ᠎ᠡ ᠪᠠᠷ ᠠᠳᠠᠯ ᠦᠢᠯᠡᠰ ᠴᠣᠭᠴᠠᠯᠠᠬᠤ ᠶᠢ ᠲᠦᠯᠬᠢᠨ ᠠᠬᠢᠭᠤᠯᠬᠤ ᠪᠠᠷ ᠠᠵᠢᠯ ᠤᠨ ᠭᠤᠣᠯᠳᠠᠯᠭ᠎ᠠ ᠪᠣᠯᠭᠠᠵᠤ᠂ ᠨᠢᠭᠡ ᠪᠦᠯᠦᠭ ᠰᠢᠯᠢᠳᠡᠭ ︿ᠰᠢᠨ᠎ᠡ ᠲᠠᠷᠢᠶᠠᠴᠢᠨ﹀ ᠢ ᠳᠠᠶᠢᠴᠢᠯᠠᠨ ᠳᠠᠭᠠᠭᠤᠯᠵᠤ ᠪᠠᠶᠢᠭᠠᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠪᠡ︾᠃ ᠭᠡᠵᠦ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
     ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ᠂ ᠰᠢᠨ᠎ᠡ ᠶᠢ ᠡᠭᠦᠳᠴᠦ ᠣᠷᠣᠨ ᠢᠶᠠᠨ ᠬᠦᠴᠦᠷᠬᠡᠭᠵᠢᠭᠦᠯᠬᠦ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠬᠦ ᠶᠢᠨ ᠲᠥᠯᠥᠭᠡ᠂ ᠠᠵᠢᠯ ᠣᠯᠵᠤ ᠦᠢᠯᠡᠰ ᠴᠣᠭᠴᠠᠯᠠᠭᠰᠠᠨ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ︽ᠴᠥᠭᠦᠷᠥᠮ︾ ᠢ ᠰᠠᠶᠢᠲᠤᠷ ᠬᠢᠵᠦ᠂ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠠᠵᠢᠯ ᠣᠯᠭᠤᠬᠤ ᠦᠢᠯᠡᠰ ᠪᠣᠰᠬᠠᠬᠤ + ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ︾ ᠰᠢᠨ᠎ᠡ ᠵᠠᠭᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠨᠢᠭᠡ ᠪᠦᠯᠦᠭ ᠰᠢᠯᠢᠳᠡᠭ ᠬᠥᠮᠥᠰ ᠤᠨ ᠬᠡᠪ ᠳᠠᠭᠤᠷᠢᠶᠠᠯ ᠢ ᠪᠣᠶ ᠪᠣᠯᠭᠠᠵᠤ᠂ ᠭᠤᠣᠯᠳᠠᠯᠭ᠎ᠠ ᠲᠠᠢ ᠠᠵᠢᠯ ᠣᠯᠭᠤᠯᠲᠠ ᠶᠢᠨ ᠬᠠᠮᠲᠤᠯᠢᠭ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠠᠭᠤᠰᠤᠯᠴᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠳᠡᠮᠵᠢᠵᠦ ᠬᠥᠲᠥᠯᠥᠨ ᠵᠢᠯᠤᠭᠤᠳᠴᠤ᠂ ᠰᠢᠭᠤᠳ ᠨᠡᠪᠲᠡᠷᠡᠭᠦᠯᠬᠦ ᠲᠠᠪᠴᠠᠩ ᠭᠡᠬᠦ ᠡᠨᠡ ᠬᠦ ᠭᠠᠷᠳᠠᠴᠠ ᠶᠢ ᠭᠦᠢᠴᠡᠳ ᠠᠰᠢᠭᠯᠠᠨ᠂ ᠳ᠋ᠦᠩ ᠾᠧ ᠲᠣᠭᠤᠷᠢᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠬᠤᠯᠪᠣᠭ᠎ᠠ ᠯᠤᠭ᠎ᠠ ᠬᠤᠯᠪᠤᠭᠠᠯᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠰᠢᠨ᠎ᠡ ᠵᠠᠮ ᠢ ᠪᠠᠶᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ᠂ ᠠᠵᠢᠯ ᠲᠥᠷᠥᠯ ᠤᠨ ᠣᠨᠴᠠᠯᠢᠭ ᠲᠠᠢ ᠵᠡᠷᠭᠡ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠢ ᠪᠠᠷ ᠪᠣᠶ ᠪᠣᠯᠭᠠᠨ᠎ᠠ᠃      【ᠨᠢᠯᠬ᠎ᠠ ᠬᠡᠦᠬᠡᠳ ᠲᠤ ᠰᠦᠨ ᠲᠠᠯᠬ᠎ᠠ ᠤᠤᠭᠤᠯᠭᠠᠬᠤ᠂ ᠬᠦᠢᠰᠦ ᠶᠢ ᠨᠢ ᠠᠷᠢᠭᠤᠳᠬᠠᠬᠤ᠂ ᠬᠦᠯᠳᠦᠭ ᠢ ᠨᠢ ᠰᠣᠯᠢᠬᠤ᠂ ᠬᠥᠩᠭᠡᠵᠢᠭᠴᠢ ᠳᠤ ᠰᠠᠷ᠎ᠠ ᠶᠢᠨ ᠬᠤᠭᠤᠯᠠ ᠬᠢᠵᠦ ᠥᠭᠬᠦ᠂ ᠡᠳᠦᠷ ᠲᠤᠲᠤᠮ ᠤᠨ ᠰᠤᠪᠢᠯᠠᠯᠲᠠ ᠬᠢᠬᠦ᠂ ᠬᠥᠩᠭᠡᠵᠢᠭᠰᠡᠨ ᠤ ᠳᠠᠷᠠᠭ᠎ᠠ ᠡᠷᠡᠭᠦᠯᠵᠢᠭᠦᠯᠬᠦ᠁ ᠠᠯᠢᠪᠠ ᠠᠵᠢᠯ ᠳᠤ ᠪᠦᠷ ᠳᠠᠳᠮᠠᠭᠠᠢ᠂ ᠬᠦᠯᠢᠴᠡᠩᠭᠦᠢ ᠨᠢᠮᠪᠠᠢ᠂ ᠨᠢᠮᠪᠠᠢ ᠬᠠᠯᠠᠮᠵᠢ ᠲᠠᠢ ᠪᠠᠶᠢᠳᠠᠭ᠃】 ᠥᠩᠭᠡᠷᠡᠭᠰᠡᠨ ᠤ ᠡᠳᠦᠷ ᠤᠳ ᠢᠶᠠᠨ ᠡᠷᠭᠢᠴᠡᠭᠦᠯᠦᠨ ᠪᠣᠳᠣᠬᠤ ᠳᠤ ᠯᠢ ᠬᠦᠢ ᠯᠢᠩ ᠶᠡᠬᠡᠳᠡ ᠰᠡᠳᠬᠢᠯ ᠬᠥᠳᠡᠯᠪᠡ᠃ᠨᠢᠭᠡ ᠵᠦᠢᠯ ᠤᠨ ᠮᠡᠷᠭᠡᠵᠢᠯ ᠴᠢᠳᠠᠪᠤᠷᠢ ᠦᠭᠡᠢ ᠪᠠᠶᠢᠭᠰᠠᠨ ᠠᠴᠠ ᠪᠠᠨ ᠨᠡᠷ᠎ᠡ ᠴᠤᠤᠲᠠᠢ ᠠᠯᠲᠠᠨ ᠮᠧᠳᠠᠯ ᠤᠨ ᠯᠧᠺᠲ᠋ᠣᠷ ᠪᠣᠯᠵᠤ᠂ ᠠᠷᠪᠠᠨ ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠡᠨᠡ ᠵᠢᠯ 51 ᠨᠠᠰᠤᠲᠠᠢ ᠯᠢ ᠬᠦᠢ ᠯᠢᠩ ᠬᠥᠮᠥᠨ ᠤ ᠠᠮᠢᠳᠤᠷᠠᠯ ᠤᠨ ᠲᠡᠭᠦᠰ ᠬᠤᠪᠢᠷᠠᠯᠲᠠ ᠶᠢ ᠪᠡᠶᠡᠯᠡᠭᠦᠯᠵᠡᠢ᠃
     ᠯᠢ ᠬᠦᠢ ᠯᠢᠩ ᠤᠨ ᠦᠯᠢᠭᠡᠷ ᠪᠣᠯ ᠳ᠋ᠦᠩ ᠡᡁᠸ ᠲᠣᠭᠤᠷᠢᠭ ᠤᠨ︽ᠳ᠋ᠦᠩ ᠾᠧ ᠶᠢᠨ ᠭᠤᠶᠤ ᠬᠤᠪᠴᠠᠰᠤ︾ ᠶᠢᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠦᠭᠰᠡᠨ ᠬᠤᠷᠢᠶᠠᠩᠭᠤᠢ ᠳᠦᠷᠰᠦ ᠪᠣᠯᠣᠨ᠎ᠠ᠃2022 ᠣᠨ ᠳᠤ᠂ ᠳ᠋ᠦᠩ ᠡᡁᠸ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ︽ᠬᠠᠭᠤᠴᠢᠨ ᠪᠤᠭᠤᠲᠤ᠂ ᠰᠢᠨ᠎ᠡ ᠮᠠᠶ᠋ᠢᠭ ᠤᠨ ᠭᠤᠶᠤ ᠬᠤᠪᠴᠠᠰᠤ︾ᠭᠡᠬᠦ ᠣᠶᠢᠯᠠᠭᠠᠭᠳᠠᠬᠤᠨ ᠳᠤ ᠰᠠᠭᠤᠷᠢᠯᠠᠨ᠂︽ᠤᠨᠤᠯ + ᠪᠣᠳᠠᠲᠠᠢ ᠪᠣᠯᠪᠠᠰᠤᠷᠠᠯ + ᠶᠡᠷᠦᠩᠬᠡᠶᠢᠯᠡᠭᠰᠡᠨ ᠬᠡᠪ ᠪᠣᠯᠪᠠᠰᠤᠷᠠᠯ︾ ᠤᠨ ᠶᠠᠩᠵᠤ ᠪᠦᠷᠢ ᠪᠠᠷ ᠴᠠᠭᠠᠷᠠᠭᠰᠠᠨ︽ᠳ᠋ᠦᠩ ᠡᡁᠸ ᠶᠢᠨ ᠭᠤᠶᠤ ᠬᠤᠪᠴᠠᠰᠤ︾ ᠶᠢᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ᠨᠢᠭᠡ ᠪᠦᠯᠦᠭ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠭᠤᠯᠤᠭᠰᠠᠨ ᠪᠠᠶᠢᠨ᠎ᠠ᠃ᠡᠨᠡ ᠵᠢᠯ ᠤᠨ 3 ᠰᠠᠷ᠎ᠠ ᠪᠣᠯᠲᠠᠯ᠎ᠠ᠂ ᠳ᠋ᠦᠩ ᠾᠧ ᠲᠣᠭᠤᠷᠢᠭ ᠤᠨ ᠠᠵᠢᠯ ᠣᠯᠭᠤᠬᠤ ᠦᠢᠯᠡᠰ ᠴᠣᠭᠴᠠᠯᠠᠬᠤ ᠠᠵᠢᠯ ᠤᠨ ᠬᠤᠯᠪᠣᠭ᠎ᠠ ᠳᠤ ᠲᠦᠰᠢᠭᠯᠡᠨ᠂ ᠳ᠋ᠦᠩ ᠾᠧ ᠲᠣᠭᠤᠷᠢᠭ ᠤᠨ ᠬᠢᠨ ᠪᠡᠭᠡᠵᠢᠩ᠂ ᠣᠷᠳᠣᠰ ᠵᠡᠷᠭᠡ ᠭᠠᠵᠠᠷ ᠲᠤ ᠨᠡᠶᠢᠲᠡ ᠵᠠᠭᠤ ᠰᠢᠬᠠᠮ ᠭᠡᠷ ᠠᠬᠤᠢ ᠶᠢᠨ ᠦᠢᠯᠡᠴᠢᠯᠡᠭᠡᠨ ᠤ ᠠᠵᠢᠯᠲᠠᠨ ᠢ ᠬᠦᠷᠭᠡᠵᠦ᠂ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠠᠰᠢᠭᠯᠠᠨ ᠵᠣᠬᠢᠶᠠᠨ ᠪᠠᠶᠢᠭᠤᠯᠤᠯᠲᠠ ᠲᠠᠢ ᠪᠠᠷ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠬᠡᠪᠴᠢᠶ᠎ᠡ ᠶᠢ ᠥᠷᠭᠡᠳᠬᠡᠵᠦ᠂ ᠨᠠᠩ ᠣᠯᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢ ᠳᠠᠶᠢᠴᠢᠯᠠᠨ᠂ ᠠᠵᠢᠯ ᠣᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃      ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠢᠨᠲ᠋ᠥᠷ ᠰᠦᠯᠵᠢᠶ᠎ᠡ ᠶᠢ ᠬᠠᠷᠠᠭᠠᠯᠠᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ᠠᠵᠢᠯ ᠣᠯᠭᠤᠯᠲᠠ ᠦᠢᠯᠡᠰ ᠪᠣᠰᠬᠠᠬᠤ ᠳᠤ ᠴᠢᠳᠠᠪᠤᠷᠢ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠶᠢᠨ ᠴᠠᠭ ᠲᠤᠬᠠᠢ ᠶᠢᠨ ᠴᠢᠨᠠᠷ᠂ ᠬᠠᠷᠢᠯᠴᠠᠨ ᠦᠢᠯᠡᠳᠦᠯᠴᠡᠬᠦ ᠴᠢᠨᠠᠷ ᠵᠢᠴᠢ ᠨᠡᠶᠢᠭᠡᠮ ᠤᠨ ᠬᠠᠷᠢᠯᠴᠠᠭᠠᠨ ᠤ ᠬᠡᠷᠡᠭᠯᠡᠭᠡᠨ ᠤ ᠠᠬᠤᠢ ᠪᠠᠶᠢᠳᠠᠯ ᠢ ᠠᠰᠢᠭᠯᠠᠵᠤ᠂ ᠦᠢᠯᠡᠰ ᠪᠣᠰᠬᠠᠭᠰᠠᠨ ᠨᠡᠶᠢᠲᠡᠯᠢᠭ ᠵᠢᠱᠢᠶ᠎ᠡ ᠶᠢ ᠬᠠᠪᠰᠤᠷᠤᠨ ᠥᠪᠡᠷ ᠤᠨ ᠦᠯᠢᠭᠡᠷ ᠢ ᠨᠢ ᠰᠠᠶᠢᠲᠤᠷ ᠶᠠᠷᠢᠭᠤᠯᠵᠤ᠂ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠵᠤ᠂ ᠲᠦᠷᠦᠯ ᠲᠡᠮᠳᠡᠭ ᠤᠨ ᠳᠠᠭᠤᠨ ᠢ ᠳᠠᠮᠵᠢᠭᠤᠯᠵᠤ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢᠨ ᠲᠡᠰ ᠳᠡᠪᠰᠢᠬᠦ ᠶᠢ ᠠᠬᠢᠭᠤᠯᠵᠤ᠂ ᠠᠵᠢᠯ ᠣᠯᠭᠤᠬᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1