ᠵᠠᠩ ᠯᠢ ᠵᠢᠶᠦ᠋ᠨ ᠪᠦᠯᠬᠦᠮ ᠳᠠᠭᠠᠭᠤᠯᠤᠨ ᠱᠠᠩᠬᠠᠢ᠂ ᠵᠢᠶᠠᠩᠰᠢ ᠵᠡᠷᠭᠡ ᠭᠠᠵᠠᠷ ᠲᠤ ᠠᠷᠠᠯᠵᠢᠶᠠᠴᠢᠨ ᠤᠷᠢᠪᠠ
ᠨᠡᠶᠢᠲᠡᠯᠡᠭᠰᠡᠨ ᠴᠠᠭ᠄
2023/3/22
     3 ᠰᠠᠷ᠎ᠠ ᠶᠢᠨ 6 ᠤ ᠡᠳᠦᠷ ᠠᠴᠠ 11 ᠤ ᠡᠳᠦᠷ ᠪᠣᠯᠲᠠᠯ᠎ᠠ᠂ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠠᠩᠭᠢ ᠳᠠᠭᠠᠭᠤᠯᠤᠨ ᠱᠠᠩᠬᠠᠢ᠂ ᠵᠢᠶᠠᠩᠰᠢ᠂ ᠴᠦᠩᠴᠢᠩ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠪᠠ᠃ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠤᠸᠠᠨ ᠮᠣᠣ ᠯᠢᠨ᠂ ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃      ᠵᠠᠩ ᠯᠢ ᠵᠢᠶᠦ᠋ᠨ ᠨᠠᠷ ᠱᠠᠩᠬᠠᠢ ᠳᠤ ᠵᠢᠩ ᠺᠸ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠰᠢᠶᠠᠨ ᠳᠤ ᠲᠠᠢ ᠠᠭᠤᠯᠵᠠᠵᠤ᠂ ᠱᠧᠦ ᠱᠠᠨ ᠰᠲ᠋ᠣᠺ ᠡᠵᠡᠮᠳᠡᠬᠦ᠂ ᠶᠢᠨ ᠲᠦᠸ᠋ᠸ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠵᠤ᠂ ᠳ᠋ᠢᠶᠠᠨ ᡂᠢ ᠶᠢᠨ ᠬᠠᠪᠲᠠᠰᠤ ᠪᠣᠯᠣᠨ ᠭᠠᠳᠠᠷ ᠪᠡᠶ᠎ᠡ᠂ ᠬᠥᠩᠭᠡᠨ ᠴᠠᠭᠠᠨ ᠤ ᠴᠢᠳᠬᠤᠯᠲᠠ ᠶᠢᠨ ᠠᠵᠤ ᠦᠢᠯᠡᠰ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠩᠭᠡᠨ ᠬᠡᠮᠵᠢᠶᠡᠨ ᠤ ᠠᠵᠤ ᠦᠢᠯᠡᠰ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠵᠥᠪᠳᠡᠯᠴᠡᠪᠡ᠃ᠠᠨᠾᠦ᠋ᠢ᠂ ᠾᠧᠨᠠᠨ᠂ ᠵᠢᠶᠠᠩᠰᠢ ᠳᠤ ᠵᠢᠩ ᠺᠸ ᠡᠨᠧᠷᠭᠢ ᠶᠢᠨ ᠳ᠋ᠢᠶᠠᠨ ᡂᠢ ᠶᠢᠨ ᠲᠤᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠰᠢᠴᠤᠸᠠᠨ ᠤ ᠬᠥᠩᠭᠡᠨ ᠴᠠᠭᠠᠨ ᠤ ᠦᠢᠯᠡᠰ ᠤᠨ ᠬᠥᠩᠭᠡᠨ ᠴᠠᠭᠠᠨ ᠤ ᠴᠠᠭᠠᠰᠤᠨ ᠤ ᠦᠢᠯᠡᠳᠪᠦᠷᠢᠯᠡᠯ ᠤᠨ ᠲᠦᠷᠦᠯ ᠵᠦᠢᠯ᠂ ᠭᠠᠨ ᠹᠥ᠋ᠩ ᠯᠢᠲ᠋ᠢ ᠶᠢᠨ ᠦᠢᠯᠡᠰ ᠤᠨ ᠡᠨᠧᠷᠭᠢ ᠬᠠᠳᠠᠭᠠᠯᠠᠬᠤ ᠬᠥᠳᠡᠯᠭᠡᠭᠦ ᠬᠦᠴᠦᠨ ᠤ ᠳ᠋ᠢᠶᠠᠨ ᡂᠢ ᠶᠢᠨ ᠲᠦᠷᠦᠯ ᠵᠦᠢᠯ ᠢ ᠲᠣᠭᠤᠷᠢᠨ ᠪᠠᠶᠢᠴᠠᠭᠠᠪᠠ᠃ᠴᠦᠩᠴᠢᠩ ᠳᠤ ᠴᠦᠩᠴᠢᠩ ᠤᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠢ ᠰᠤᠷᠪᠤᠯᠵᠢᠯᠠᠵᠤ᠂ ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠬᠦ ᠤᠬᠠᠭᠠᠨ ᠤ ᠮᠡᠷᠭᠡᠵᠢᠯ ᠤᠨ ᠠᠵᠢᠯᠲᠠᠨ ᠲᠠᠢ ᠬᠤᠲᠠ ᠶᠢ ᠰᠢᠨᠡᠳᠬᠡᠬᠦ᠂ ᠬᠠᠭᠤᠴᠢᠨ ᠵᠡᠭᠡᠯᠢ ᠲᠣᠭᠤᠷᠢᠭ ᠢ ᠥᠭᠡᠷᠡᠴᠢᠯᠡᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠨ ᠵᠥᠪᠳᠡᠯᠴᠡᠬᠦ ᠶᠢᠨ ᠬᠠᠮᠲᠤ ᠶᠠᠨ ᠽᠢ ᠱᠢ ᠯᠣᠣ ᠵᠡᠭᠡᠯᠢ ᠶᠢ ᠲᠣᠭᠤᠷᠢᠨ ᠦᠵᠡᠵᠦ ᠪᠠᠶᠢᠴᠠᠭᠠᠪᠠ᠃      ᠵᠠᠩ ᠯᠢ ᠵᠢᠶᠦ᠋ᠨ᠂ ᠠᠵᠤ ᠠᠬᠤᠢ ᠶᠢ ᠠᠳᠬᠤᠬᠤ ᠳᠤ ᠠᠵᠤ ᠦᠢᠯᠡᠳᠪᠦᠷᠢ ᠶᠢ ᠠᠳᠬᠤᠬᠤ ᠬᠡᠷᠡᠭᠲᠡᠢ᠂ ᠠᠵᠤ ᠦᠢᠯᠡᠳᠪᠦᠷᠢ ᠶᠢ ᠠᠳᠬᠤᠬᠤ ᠳᠤ ᠲᠦᠷᠦᠯ ᠵᠦᠢᠯ ᠢ ᠠᠳᠬᠤᠬᠤ ᠬᠡᠷᠡᠭᠲᠡᠢ᠃ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠰᠢᠩᠭᠡᠭᠡᠯᠲᠡ᠂ ᠦᠢᠯᠡᠳᠪᠦᠷᠢᠯᠡᠯ ᠤᠨ ᠥᠪᠡᠷ ᠤᠨ ᠦᠷᠳᠡᠭ ᠵᠡᠷᠭᠡ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ᠂ ᠬᠥᠩᠭᠡᠨ ᠴᠠᠭᠠᠨ ᠢ ᠨᠠᠷᠢᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠯᠬᠢᠶ᠎ᠡ ᠪᠠᠶᠢᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠬᠤ ᠬᠡᠷᠡᠭᠲᠡᠢ᠃ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠵᠠ ᠲᠣᠬᠢᠶᠠᠯ  ᠢ ᠠᠮᠵᠢᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃      ᠱᠠᠩᠬᠠᠢ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠠᠩ ᠯᠢ ᠵᠢᠶᠦ᠋ᠨ ᠨᠠᠷ ᠪᠠᠰᠠ ᠳ᠋ᠦᠩ ᠾᠧ ᠲᠣᠭᠤᠷᠢᠭ ᠤᠨ ᠬᠥᠬᠡᠮᠥ᠋ᠷᠡᠨ ᠤ ᠭᠤᠷᠪᠠᠯᠵᠢᠨ ᠬᠤᠶᠢᠭ ᠲᠤ ᠰᠠᠭᠤᠭ᠎ᠠ ᠠᠷᠠᠯᠵᠢᠶᠠᠴᠢᠨ ᠤᠷᠢᠬᠤ ᠦᠢᠯᠡᠴᠢᠯᠡᠭᠡᠨ ᠤ ᠲᠥᠪ ᠲᠤ ᠪᠠᠶᠢᠴᠠᠭᠠᠨ ᠰᠤᠳᠤᠯᠤᠯᠲᠠ ᠬᠢᠵᠦ᠂ ᠠᠷᠠᠯᠵᠢᠶᠠᠴᠢᠨ ᠤᠷᠢᠬᠤ ᠳᠤᠭᠤᠶᠢᠯᠠᠩ ᠤᠨ ᠠᠵᠢᠯᠲᠠᠳ ᠢ ᠪᠣᠯᠭᠤᠭᠠᠨ ᠦᠵᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1