︽ᠰᠡᠳᠬᠢᠯ ᠵᠢᠷᠦᠬᠡ ᠪᠠᠨ ᠬᠤᠯᠪᠣᠵᠤ᠂ ᠤᠳᠤᠮ ᠤᠭᠰᠠᠭ᠎ᠠ ᠪᠠᠨ ᠬᠤᠯᠪᠣᠵᠤ᠂ ᠦᠨᠳᠦᠰᠦᠲᠡᠨ ᠨᠦᠭᠦᠳ | ᠪᠦᠯᠬᠦᠮᠳᠡᠨ ᠨᠢᠭᠲᠠᠷᠠᠵᠤ᠂ ᠭᠠᠷ ᠭᠠᠷ ᠢᠶᠠᠨ ᠬᠤᠯᠪᠣᠯᠴᠠᠨ ᠶᠡᠭᠡ ᠭᠡᠷ ᠣᠷᠣᠨ ᠢᠶᠠᠨ ᠬᠠᠮᠲᠤ ᠪᠠᠷ ᠪᠦᠲᠦᠭᠡᠨ | ᠪᠠᠶᠢᠭᠤᠯᠤᠨ᠎ᠠ ᠁︾ᠭᠡᠬᠦ ᠠᠭᠤᠵᠢᠮ ᠰᠠᠷᠠᠭᠤᠯ ᠠᠵᠢᠯᠯᠠᠭ᠎ᠠ ᠶᠢᠨ ᠦᠷᠦᠬᠡ ᠳᠤ᠂ ᠪᠠᠶᠠᠷ ᠬᠦᠷ ᠲᠠᠢ ᠠᠶᠠᠰ ᠪᠠᠶᠢᠨ | ᠲᠠᠬᠢᠨ ᠳᠠᠭᠤᠷᠢᠰᠴᠤ ᠪᠠᠶᠢᠯ᠎ᠠ᠃ᠡᠨᠡ ᠪᠣᠯ ᠳ᠋ᠦᠩ ᠾᠧ ᠲᠣᠭᠤᠷᠢᠭ ᠤᠨ ᠾᠧ ᠫᠢᠩ ᠵᠠᠮ ᠤᠨ ᠵᠡᠭᠡᠯᠢ ᠭᠤᠳᠤᠮᠵᠢ ᠶᠢᠨ | ︽ᠤᠯᠠᠭᠠᠨ ᠠᠨᠠᠷ ᠤᠨ ᠭᠡᠷ ᠣᠷᠣᠨ︾ ᠳᠤ ᠶᠠᠪᠤᠭᠳᠠᠵᠤ ᠪᠠᠶᠢᠭ᠎ᠠ ᠥᠪᠡᠷᠮᠢᠴᠡ ᠣᠨᠴᠠᠯᠢᠭ ᠲᠠᠢ ᠤᠷᠠᠨ ᠰᠠᠶᠢᠬᠠᠨ ᠤ | ᠲᠣᠭᠯᠠᠯᠲᠠ ᠪᠣᠯᠣᠨ᠎ᠠ᠂ ᠴᠠᠷᠭᠢᠯ ᠬᠤᠯᠪᠣᠭ᠎ᠠ᠂ ᠮᠣᠩᠭᠤᠯ ᠦᠨᠳᠦᠰᠦᠲᠡᠨ ᠤ ᠪᠥᠵᠢᠭ᠂ ᠮᠣᠷᠢᠨ ᠬᠤᠭᠤᠷ ᠵᠡᠷᠭᠡ | ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠲᠠᠰᠤᠷᠠᠯᠲᠠ ᠦᠭᠡᠢ | ᠣᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠨᠢᠭᠡ ᠲᠠᠩᠬᠢᠮ ᠳᠤ ᠴᠤᠭᠯᠠᠷᠠᠨ ᠴᠤᠭᠯᠠᠷᠠᠵᠠᠢ᠃ ᠡᠨᠡ ᠪᠣᠯ | ᠳ᠋ᠦᠩ ᠾᠧ ᠲᠣᠭᠤᠷᠢᠭ ᠤᠨ ᠾᠧ ᠫᠢᠩ ᠵᠠᠮ ᠤᠨ ᠵᠡᠭᠡᠯᠢ ᠭᠤᠳᠤᠮᠵᠢ ᠶᠢᠨ ︽ᠤᠯᠠᠭᠠᠨ ᠠᠨᠠᠷ ᠤᠨ ᠭᠡᠷ ᠣᠷᠣᠨ︾ | ᠳᠤ ᠶᠠᠪᠤᠭᠳᠠᠭᠤᠯᠵᠤ ᠪᠠᠶᠢᠭ᠎ᠠ ᠥᠪᠡᠷᠮᠢᠴᠡ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠪᠣᠯᠣᠨ᠎ᠠ᠂ ᠴᠠᠷᠭᠢᠯ | ᠬᠤᠯᠪᠣᠭ᠎ᠠ᠂ ᠮᠣᠩᠭᠤᠯ ᠪᠥᠵᠢᠭ᠂ ᠮᠣᠷᠢᠨ ᠬᠤᠭᠤᠷ ᠵᠡᠷᠭᠡ ᠭᠤᠶᠢᠳᠠ ᠰᠠᠶᠢᠬᠠᠨ ᠲᠣᠭᠯᠠᠯᠲᠠ ᠪᠣᠯᠣᠨ᠎ᠠ᠃ | | | | | ︽ᠣᠳᠣᠬᠠᠨ ᠳᠤ᠂ ᠠᠷᠠᠳ ᠢᠷᠭᠡᠳ ᠤᠨ ᠠᠮᠢᠳᠤᠷᠠᠯ ᠤᠨ ᠨᠥᠬᠦᠴᠡᠯ ᠰᠠᠶᠢᠵᠢᠷᠠᠵᠤ᠂ ᠤᠶᠤᠨ ᠰᠠᠨᠠᠭ᠎ᠠ | ᠰᠣᠶᠣᠯ ᠤᠨ ᠬᠡᠷᠡᠭᠴᠡᠭᠡ ᠨᠡᠩ ᠴᠢᠬᠤᠯᠠ ᠪᠣᠯᠵᠤ ᠪᠠᠶᠢᠨ᠎ᠠ︾᠃ ᠮᠠᠨ ᠤ ᠵᠡᠭᠡᠯᠢ ᠭᠤᠳᠤᠮᠵᠢ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠶᠢᠨ ᠰᠠᠷ᠎ᠠ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠲᠡᠨ ᠤ ᠪᠦᠯᠬᠦᠮᠳᠡᠯ ᠨᠥᠬᠦᠷᠯᠡᠯ ᠤᠨ ᠠᠵᠢᠯᠯᠠᠭ᠎ᠠ᠂ ᠭᠠᠷ ᠤᠷᠠᠯᠠᠯ ᠤᠨ ᠤᠷ᠎ᠠ ᠮᠡᠷᠭᠡᠵᠢᠯ ᠢ ᠨᠡᠶᠢᠭᠡᠮ | ᠲᠣᠭᠤᠷᠢᠭ ᠲᠤ ᠣᠷᠣᠭᠤᠯᠬᠤ᠂ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠬᠤᠪᠢᠰᠬᠠᠯ ᠤᠨ | ᠵᠢᠭᠰᠠᠭᠠᠯ ᠤᠨ ᠭᠠᠵᠠᠷ ᠢ ᠲᠣᠭᠤᠷᠢᠨ ᠦᠵᠡᠬᠦ ᠵᠡᠷᠭᠡ ᠠᠵᠢᠯᠯᠠᠭ᠎ᠠ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ | ᠥᠷᠨᠢᠭᠦᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ | ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠥᠷᠰᠢ ᠵᠡᠷᠭᠡᠯᠡᠳᠡᠭᠡ ᠶᠢᠨ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ ᠭᠡᠵᠦ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠬᠡᠯᠡᠪᠡ᠃ | | | | | | | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠡᠷᠬᠢᠨ ᠨᠡᠩ ᠰᠠᠶᠢᠲᠤᠷ | ᠥᠷᠨᠢᠭᠦᠯᠬᠦ ᠪᠤᠢ︖ᠾᠧ ᠫᠢᠩ ᠵᠠᠮ ᠵᠡᠭᠡᠯᠢ ᠭᠤᠳᠤᠮᠵᠢ ᠶᠢᠨ ᠬᠢᠨ᠄ ᠨᠠᠮ ᠵᠠᠰᠠᠭ ᠵᠡᠷᠭᠡᠪᠡᠷ ᠠᠳᠬᠤᠨ ᠬᠠᠮᠲᠤᠪᠠᠷ | ᠬᠠᠮᠢᠶᠠᠷᠴᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠵᠣᠬᠢᠴᠠᠭᠤᠯᠤᠨ᠎ᠠ ᠭᠡᠵᠦ | ᠬᠠᠷᠢᠭᠤᠯᠪᠠ᠃ᠪᠠᠭ ᠤᠨ ᠪᠦᠷᠢᠯᠳᠦᠭᠦᠨ ᠨᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠭᠤᠣᠯ | ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠳᠤ ᠣᠷᠣᠭᠤᠯᠤᠨ᠂ ᠦᠨᠳᠦᠰᠦᠲᠡᠨ ᠤ ᠣᠨᠣᠯ ᠤᠨ ᠲᠥᠷᠥ ᠶᠢᠨ | ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠡᠭᠡᠯᠢ | ᠭᠤᠳᠤᠮᠵᠢ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠤᠨ ︽ᠲᠠᠪᠤ ᠶᠢ ᠮᠡᠳᠡᠷᠡᠬᠦ︾ ᠶᠢ | ᠦᠷᠭᠦᠯᠵᠢᠯᠡᠨ ᠴᠢᠩᠭᠠᠳᠬᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ | ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠠᠵᠢᠯ | ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠢ ᠪᠣᠶ ᠪᠣᠯᠭᠠᠨ᠎ᠠ᠃ | | | | | ᠡᠩᠬᠡ ᠲᠠᠶᠢᠪᠤᠩ ᠵᠠᠮ ᠵᠡᠭᠡᠯᠢ ᠭᠤᠳᠤᠮᠵᠢ ᠪᠠᠷ ᠠᠯᠬᠤᠨ ᠣᠷᠣᠬᠤ ᠳᠤ᠂ ᠥᠪᠡᠷ ᠥᠪᠡᠷ ᠤᠨ ᠣᠨᠴᠠᠯᠢᠭ ᠲᠠᠢ | ᠦᠨᠳᠦᠰᠦᠲᠡᠨ ᠤ ᠪᠦᠯᠬᠦᠮᠳᠡᠯ ᠤᠨ ᠵᠢᠭᠰᠠᠭᠠᠯ ᠤᠨ ᠭᠠᠵᠠᠷ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠠᠷᠢᠯᠴᠠᠨ ᠰᠣᠯᠢᠯᠴᠠᠬᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠬᠥᠭᠦᠷᠭᠡ ᠪᠣᠯᠪᠠ᠃ᠵᠡᠭᠡᠯᠢ ᠭᠤᠳᠤᠮᠵᠢ ᠶᠢᠨ | ︽ᠭᠡᠷ ᠤᠨ ᠰᠤᠷᠲᠠᠯ ᠤᠨ ᠣᠷᠳᠣᠨ︾ ᠨᠢ ᠵᠠᠩ ᠳᠠᠳᠬᠠᠯ ᠢ ᠥᠭᠡᠷᠡᠴᠢᠯᠡᠬᠦ ᠦᠢᠯᠡᠳᠦᠯ ᠢᠶᠠᠨ ᠪᠠᠳᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠠᠪᠤᠴᠠ ᠳᠤ ᠪᠣᠯᠪᠠᠰᠤᠨ ᠤ | ᠴᠡᠴᠡᠭ ᠢ ᠤᠮᠳᠠᠯᠠᠵᠤ ᠪᠠᠶᠢᠳᠠᠭ︔ᠲᠦᠩᠱᠦ᠋ᠨ ᠨᠡᠶᠢᠭᠡᠮ ᠲᠣᠭᠤᠷᠢᠭ ᠤᠨ ︽ᠤᠯᠠᠭᠠᠨ ᠠᠨᠠᠷ ᠤᠨ ᠭᠡᠷ ᠣᠷᠣᠨ︾ ᠨᠢ | ᠬᠠᠷᠢᠶᠠᠲᠤ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠯᠡᠭᠦᠴᠡᠯ ᠤᠨ ᠴᠢᠯᠦᠭᠡᠨ ᠤ ᠬᠠᠮᠤᠭ ᠤᠨ | ᠲᠡᠷᠢᠭᠦᠨ ᠤ ︽ᠺᠠᠷᠲ ᠴᠣᠬᠢᠬᠤ ᠭᠠᠵᠠᠷ︾ ᠪᠣᠯᠵᠤ᠂ ᠭᠤᠶᠢᠳᠠ ᠰᠠᠶᠢᠬᠠᠨ ᠠᠵᠢᠯᠯᠠᠭ᠎ᠠ ᠳᠤ ᠣᠷᠣᠯᠴᠠᠵᠤ᠂ | ᠦᠨᠳᠦᠰᠦᠲᠡᠨ ᠤ ᠰᠣᠶᠣᠯ ᠢ ᠣᠶᠢᠯᠠᠭᠠᠵᠤ᠂ ᠦᠨᠳᠦᠰᠦᠲᠡᠨ ᠤ ᠤᠷ᠎ᠠ ᠮᠡᠷᠭᠡᠵᠢᠯ ᠢ ᠰᠤᠷᠤᠯᠴᠠᠨ᠎ᠠ ᠁ ᠣᠶᠤᠨ | ᠰᠠᠨᠠᠭ᠎ᠠ ᠰᠣᠶᠣᠯ ᠤᠨ ᠬᠡᠷᠡᠭᠴᠡᠭᠡ ᠶᠢ ᠲᠤᠶᠢᠯ ᠤᠨ ᠶᠡᠭᠡ ᠪᠠᠷ ᠬᠠᠩᠭᠠᠨ᠎ᠠ︔ᠱᠧᠩ ᠯᠢ ᠨᠡᠶᠢᠭᠡᠮ ᠲᠣᠭᠤᠷᠢᠭ ᠤᠨ︽ᠮᠢᠨᠤ | ᠶᠠᠪᠤᠳᠠᠯ ᠢ ᠪᠢ ᠡᠵᠡᠨ ᠮᠡᠳᠡᠬᠦ︾ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠲᠠᠪᠴᠠᠩ ᠨᠢ ᠦᠨᠳᠦᠰᠦᠲᠡᠨ ᠨᠦᠭᠦᠳ ᠤᠨ | ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠪᠠ ᠠᠰᠠᠭᠤᠳᠠᠯ ᠢ ᠰᠢᠢᠳᠪᠦᠷᠢᠯᠡᠬᠦ︽ᠬᠦᠴᠢᠷ ᠵᠣᠪᠠᠭᠤᠷᠢ ᠶᠢ | ᠰᠢᠢᠳᠪᠦᠷᠢᠯᠡᠬᠦ ᠭᠠᠷᠠᠮ︾ᠪᠣᠯᠵᠤ᠂ ᠬᠥᠷᠰᠢ ᠵᠡᠷᠭᠡᠯᠡᠳᠡᠭᠡ ᠶᠢᠨ ᠵᠥᠷᠢᠴᠡᠯ ᠵᠠᠭᠤᠷᠠᠯᠳᠤᠭᠠᠨ ᠤ︽ᠵᠡᠷ ᠵᠡᠪᠰᠡᠭ ᠢ ᠬᠠᠰ | ᠲᠣᠷᠭ᠎ᠠ ᠪᠣᠯᠭᠠᠨ ᠬᠤᠪᠢᠷᠠᠭᠤᠯᠬᠤ︾ ᠶᠢ ᠠᠬᠢᠭᠤᠯᠵᠠᠢ᠃ | | | | | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠥᠮᠥᠰ ᠤᠨ ᠰᠡᠳᠬᠢᠯ ᠳᠤ | ᠬᠠᠳᠠᠩᠰᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠬᠢᠨ ᠤᠬᠠᠭᠤᠯᠬᠤ | ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ | ᠬᠥᠨᠳᠡᠯᠡᠨ ᠪᠢᠴᠢᠭᠡᠰᠦ ᠡᠯᠭᠦᠬᠦ᠂ LED ᠳᠡᠯᠭᠡᠴᠡ ᠶᠢ ᠡᠷᠭᠢᠯᠳᠦᠭᠦᠯᠦᠨ ᠨᠡᠪᠲᠡᠷᠡᠭᠦᠯᠬᠦ ᠵᠡᠷᠭᠡ ᠤᠯᠠᠨ ᠵᠦᠢᠯ ᠤᠨ | ᠬᠡᠯᠪᠡᠷᠢ ᠪᠠᠷ ᠦᠨᠳᠦᠰᠦᠲᠡᠨ ᠤ ᠲᠦᠷᠦ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠪᠦᠬᠦ ᠲᠠᠯ᠎ᠠ ᠪᠠᠷ ᠤᠬᠠᠭᠤᠯᠪᠠ᠃ᠡᠭᠦᠨ ᠤ ᠬᠠᠮᠲᠤ᠂ ᠵᠡᠭᠡᠯᠢ ᠭᠤᠳᠤᠮᠵᠢ ᠶᠢᠨ ᠸᠢᠴᠠᠲ ᠤᠨ | ᠨᠡᠶᠢᠲᠡ ᠶᠢᠨ ᠳ᠋ᠤᠭᠠᠷ᠂ ᠨᠡᠶᠢᠭᠡᠮ ᠲᠣᠭᠤᠷᠢᠭ ᠤᠨ ᠰᠦᠯᠵᠢᠶᠡᠨ ᠤ ᠪᠦᠯᠦᠭᠯᠡᠯ ᠢ ᠠᠰᠢᠭᠯᠠᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ︽ᠴᠢᠮᠡᠭᠡ ᠢᠮᠡᠭᠡ | ᠦᠭᠡᠢ︾ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠤᠨ ︽ᠦᠷ᠎ᠡ︾ ᠶᠢ ᠰᠠᠭᠤᠭᠠᠯᠢ | ᠠᠷᠠᠳ ᠤᠨ ᠰᠡᠳᠬᠢᠯ ᠳᠤ ᠬᠠᠳᠠᠩᠰᠢᠭᠤᠯᠤᠨ᠎ᠠ᠃ | | | | | | | ᠦᠨᠳᠦᠰᠦᠲᠡᠨ ᠤ ᠪᠦᠯᠬᠦᠮᠳᠡᠯ ᠤᠨ ᠵᠣᠯ ᠵᠢᠷᠭᠠᠯ ᠤᠨ ᠵᠠᠮ ᠢᠶᠠᠷ ᠰᠠᠶᠢᠲᠤᠷ ᠵᠠᠮᠨᠠᠬᠤ ᠳᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ︽ᠵᠠᠪᠠᠯ ᠰᠤᠷᠬᠤ ᠬᠢᠴᠢᠶᠡᠯ︾ᠪᠣᠯᠣᠨ᠎ᠠ᠃ᠣᠯᠠᠨ ᠵᠢᠯ ᠤᠨ ᠲᠤᠷᠰᠢ᠂ ᠾᠧ | ᠫᠢᠩ ᠵᠠᠮ ᠵᠡᠭᠡᠯᠢ ᠭᠤᠳᠤᠮᠵᠢ ᠶᠢᠨ ᠬᠢᠨ ᠪᠠᠶᠢᠩᠭᠤ ᠶᠢᠨ ᠴᠢᠨᠠᠷᠲᠠᠢ ᠪᠠᠷ ᠠᠶᠢᠯᠴᠢᠯᠠᠨ ᠰᠤᠷᠪᠤᠯᠵᠢᠯᠠᠬᠤ ᠶᠢ | ᠪᠠᠷᠢᠮᠲᠠᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠴᠤᠭᠯᠠᠭᠤᠯᠤᠨ ᠣᠶᠢᠯᠠᠭᠠᠨ | ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠭᠰᠡᠨ | ᠪᠠᠶᠢᠨ᠎ᠠ᠃ᠣᠲᠣ ᠪᠣᠯᠲᠠᠯ᠎ᠠ᠂ ᠬᠠᠷᠢᠶᠠᠲᠤ ᠣᠷᠣᠨ ᠤ 76 ᠡᠷᠦᠬᠡ ᠠᠮᠢᠳᠤᠷᠠᠯ ᠨᠢ ᠬᠦᠴᠢᠷᠳᠡᠯᠲᠡᠢ ᠰᠠᠭᠤᠭᠠᠯᠢ | ᠠᠷᠠᠳ ᠲᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠵᠤ᠂ 8 ᠡᠷᠦᠬᠡ ᠨᠠᠭᠠᠲᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ ᠳᠤ ᠬᠢᠮᠳᠠ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠣᠯᠭᠤᠵᠤ᠂ | 27 ᠡᠷᠦᠬᠡ ᠰᠠᠭᠤᠭᠠᠯᠢ ᠠᠷᠠᠳ ᠲᠤ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠨᠢᠭᠡ ᠤᠳᠠᠭ᠎ᠠ ᠶᠢᠨ | ᠴᠢᠨᠠᠷᠲᠠᠢ ᠲᠡᠳᠬᠦᠨ ᠳᠡᠮᠵᠢᠬᠦ ᠮᠥᠩᠭᠦ ᠭᠤᠶᠤᠴᠢᠯᠠᠵᠤ ᠥᠭᠴᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠬᠦᠷᠭᠡᠭᠰᠡᠨ ᠪᠠᠶᠢᠨ᠎ᠠ᠃ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠳ᠋ᠦᠩ ᠾᠧ ᠲᠣᠭᠤᠷᠢᠭ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠴᠣᠭᠴᠠᠯᠠᠵᠤ᠂ ᠦᠵᠡᠯ | ᠰᠠᠨᠠᠭᠠᠨ ᠤ ᠰᠠᠭᠤᠷᠢ ᠶᠢ ᠬᠠᠮᠲᠤ ᠪᠠᠷ ᠴᠣᠭᠴᠠᠯᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ | ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠰᠠᠬᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠦᠨᠡᠨᠬᠦ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠢ ᠠᠨᠠᠷ ᠤᠨ ᠦᠷ᠎ᠡ ᠰᠢᠭ ᠨᠢᠭᠲᠠ ᠲᠡᠪᠡᠷᠢᠭᠦᠯᠦᠨᠡ᠃ | |