ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠣᠶᠢᠷ᠎ᠠ ᠶᠢᠨ ᠵᠢᠯ ᠤᠳ ᠲᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠭ᠎ᠠ ᠰᠠᠶᠢᠨ ᠪᠠᠶᠢᠵᠤ᠂ | ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠨᠡᠮᠡᠯᠲᠡ ᠥᠷᠲᠡᠭ ᠢᠶᠠᠷ ᠥᠨᠳᠥᠷ ᠬᠥᠩᠭᠡᠨᠴᠠᠭᠠᠨ ᠤ ᠨᠠᠷᠢᠯᠢᠭ | ᠡᠳ᠋ᠰᠢᠭᠦᠯᠬᠦ ᠲᠥᠷᠥᠯ ᠵᠦᠢᠯ ᠢ ᠶᠡᠭᠡ ᠪᠠᠷ ᠣᠷᠣᠭᠤᠯᠤᠭᠰᠠᠨ ᠪᠠᠶᠢᠨ᠎ᠠ᠃ᠡᠳᠦᠭᠡ ᠳ᠋ᠦᠩ ᠾᠧ ᠲᠣᠭᠤᠷᠢᠭ ᠲᠤ᠂ | ᠲᠦᠷᠦᠯ ᠵᠦᠢᠯ ᠢᠶᠠᠷ ᠬᠥᠳᠡᠯᠭᠡᠭᠦᠷ ᠪᠣᠯᠭᠠᠭᠰᠠᠨ ᠬᠥᠩᠭᠡᠨ ᠴᠠᠭᠠᠨ ᠤ ᠨᠠᠷᠢᠯᠢᠭ ᠡᠳ᠋ᠰᠢᠭᠦᠯᠦᠯᠲᠡ ᠶᠢᠨ ᠲᠤᠭ ᠳᠠᠯᠪᠠᠭ᠎ᠠ | ᠬᠡᠯᠪᠡᠷᠢ ᠶᠢᠨ ᠠᠵᠤ ᠦᠢᠯᠡᠰ ᠤᠨ ᠪᠦᠯᠦᠭᠯᠡᠯ ᠶᠠᠭ ᠬᠤᠯᠤᠰᠤ ᠬᠠᠭᠠᠯᠬᠤ ᠮᠡᠲᠦ ᠰᠦᠷ ᠬᠦᠴᠦᠨ ᠲᠠᠢ ᠪᠣᠯᠵᠤ᠂ ᠳ᠋ᠦᠩ | ᠾᠧ ᠲᠣᠭᠤᠷᠢᠭ ᠤᠨ ᠬᠥᠩᠭᠡᠨ ᠴᠠᠭᠠᠨ ᠤ ᠠᠵᠤ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠳᠤᠯ | ᠦᠭᠡᠢ ᠴᠢᠭᠯᠡᠯ ᠲᠡᠰᠢ ᠬᠥᠭᠵᠢᠬᠦ ᠶᠢ ᠠᠬᠢᠭᠤᠯᠵᠤ ᠪᠤᠢ᠃ | ᠬᠥᠩᠭᠡᠨ ᠴᠠᠭᠠᠨ ᠤ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢᠯᠡᠯ ᠤᠨ ᠠᠷᠭ᠎ᠠ ᠮᠠᠶ᠋ᠢᠭ | ᠨᠢ ᠶᠠᠮᠠᠷ ᠪᠠᠶᠢᠳᠠᠭ ᠪᠤᠶ︖ ᠬᠥᠩᠭᠡᠨ ᠴᠠᠭᠠᠨ ᠤ ᠠᠵᠤ ᠦᠢᠯᠡᠰ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠬᠠᠷᠠᠯᠲᠠ ᠶᠢ ᠬᠡᠷᠬᠢᠨ ᠪᠡᠶᠡᠯᠡᠭᠦᠯᠬᠦ ᠪᠤᠢ︖ᠲᠦᠷᠦᠭᠦᠬᠡᠨ᠂ ᠰᠤᠷᠪᠤᠯᠵᠢᠯᠠᠭᠴᠢ | ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠣᠨᠤᠭ ᠦᠶᠯᠡᠳᠬᠦ ᠬᠢᠵᠠᠭᠠᠷᠲᠤ ᠺᠣᠮᠫᠠᠨᠢ ᠳᠤ ᠬᠦᠷᠴᠦ | ᠴᠣᠬᠤᠮ ᠪᠠᠶᠢᠳᠠᠯ ᠢ ᠨᠢ ᠣᠶᠢᠯᠠᠭᠠᠪᠠ᠃ | | | | ︽ᠰᠢᠯᠢᠳᠡᠭ︾ ᠠᠴᠠ ᠭᠠᠷᠳᠠᠵᠦ ᠳᠡᠭᠡᠳᠦ ᠲᠡᠰ ᠢ ᠬᠥᠭᠡᠭᠡᠴᠡᠯᠳᠦᠬᠦ | ᠱᠧᠩ ᠲᠠᠢ ᠶᠢᠨ ᠭᠤᠷᠪᠠᠳᠤᠭᠠᠷ ᠬᠤᠭᠤᠴᠠᠭᠠᠨ ᠤ ᠦᠢᠯᠡᠳᠪᠦᠷᠢᠯᠡᠯ ᠤᠨ ᠱᠤᠭᠤᠮ ᠳᠡᠭᠡᠷ᠎ᠡ᠂ ᠨᠢᠭᠡᠨ ᠥᠨᠳᠥᠷ | ᠦᠷ᠎ᠡ ᠠᠰᠢᠭ ᠲᠠᠢ ᠤᠷᠠᠨ ᠳᠡᠮᠲᠡᠢ ᠮᠧᠬᠠᠨᠢᠭ ᠭᠠᠷ ᠤᠨ ᠭᠠᠷ ᠲᠤ᠂ 20 ᠭᠠᠷᠤᠢ ᠵᠢᠩ ᠤᠨ ᠬᠥᠩᠭᠡᠨ ᠴᠠᠭᠠᠨ ᠤ | ᠬᠠᠶᠢᠯᠤᠰᠢ ᠶᠢᠨ ᠬᠦᠷᠳᠦᠨ ᠤ ᠪᠤᠯᠤ ᠠᠮᠠᠷᠬᠠᠨ ᠢᠶᠠᠷ ︽ᠠᠳᠬᠤᠭᠳᠠᠭᠰᠠᠨ︾ᠪᠠᠶᠢᠨ᠎ᠠ᠃ ᠠᠳᠡᠬᠢ ᠦᠢᠯᠡᠳᠪᠦᠷᠢᠯᠡᠯ ᠤᠨ | ᠱᠤᠭᠤᠮ ᠨᠢ ᠬᠥᠩᠭᠡᠨ ᠴᠠᠭᠠᠨ ᠤ ᠲᠡᠪᠬᠡ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠥᠨᠳᠥᠷ ᠨᠡᠮᠡᠯᠲᠡ ᠥᠷᠲᠡᠭ ᠲᠠᠢ᠂ | ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠲᠠᠢ ᠬᠥᠩᠭᠡᠨ ᠴᠠᠭᠠᠨ ᠤ ᠬᠠᠶᠢᠯᠤᠰᠢ ᠶᠢᠨ ᠪᠤᠯᠤ | ᠦᠢᠯᠡᠳᠪᠦᠷᠢᠯᠡᠳᠡᠭ᠃ᠣᠳᠣᠬᠢᠴᠢᠯᠠᠭᠰᠠᠨ ᠦᠢᠯᠡᠳᠪᠦᠷᠢᠯᠡᠯ ᠤᠨ ᠱᠤᠭᠤᠮ ᠢ ᠨᠠᠷᠢᠯᠢᠭ ᠪᠣᠯᠪᠠᠰᠤᠷᠠᠭᠤᠯᠬᠤ ᠪᠠᠷ | ᠳᠠᠮᠵᠢᠨ᠂ ᠬᠥᠩᠭᠡᠨ ᠴᠠᠭᠠᠨ ᠤ ᠲᠡᠪᠬᠡ ᠨᠢ ᠤᠤᠯ ᠤᠨ ᠦᠨ᠎ᠡ ᠶᠢᠨ ᠰᠠᠭᠤᠷᠢᠨ ᠳᠡᠭᠡᠷ᠎ᠡ ᠲᠣᠨ ᠪᠦᠷᠢ ᠳᠤ ᠲᠦᠮᠡᠨ | ᠲᠥᠭᠦᠷᠢᠭ ᠰᠢᠬᠠᠮ ᠦᠢᠯᠡᠳᠬᠦᠨ ᠤ ᠦᠷᠲᠡᠭ ᠢ ᠨᠡᠮᠡᠭᠳᠡᠭᠦᠯᠦᠨ᠎ᠡ᠃ | ᠠᠳᠡ ᠦᠢᠯᠡᠳᠪᠦᠷᠢᠯᠡᠭᠰᠡᠨ ᠬᠥᠩᠭᠡᠨ ᠴᠠᠭᠠᠨ ᠤ ᠬᠠᠶᠢᠯᠤᠰᠢ ᠶᠢᠨ ᠬᠦᠷᠳᠦᠨ ᠤ ᠪᠤᠯᠤ ᠶᠢᠨ | ᠪᠦᠲᠦᠭᠡᠭᠳᠡᠬᠦᠨ ᠤ 60% ᠶᠢ ᠡᠸᠦ᠋ᠷᠦᠫᠡ ᠲᠢᠪ᠂ ᠤᠮᠠᠷᠠᠲᠤ ᠠᠮᠧᠷᠢᠺᠠ ᠪᠣᠯᠣᠨ ᠶᠠᠫᠤᠨ ᠳᠤ ᠭᠠᠷᠭᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠡᠯ᠎ᠡ ᠲᠣᠮᠣ ᠮᠠᠰᠢᠨ ᠲᠡᠷᠭᠡᠨ ᠤ ᠲᠦᠷᠦᠯ ᠲᠡᠮᠳᠡᠭ ᠨᠢ ᠪᠦᠷ ᠱᠧᠩ ᠲᠠᠢ ᠶᠢᠨ ᠵᠣᠴᠢᠨ | ᠡᠷᠦᠬᠡ ᠪᠣᠯᠣᠨ᠎ᠠ᠃ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠣᠨᠤᠭ ᠦᠶᠯᠡᠳᠬᠦ ᠬᠢᠵᠠᠭᠠᠷᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠴᠤᠸ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠳᠣᠬᠠᠨ ᠳᠤ ᠱᠧᠩ ᠲᠠᠢ | ᠨᠢᠭᠡᠨᠲᠡ ᠵᠢᠯ ᠳᠤ 600 ᠲᠦᠮᠡᠨ ᠬᠥᠩᠭᠡᠨ ᠴᠠᠭᠠᠨ ᠤ ᠬᠠᠶᠢᠯᠤᠰᠢ ᠶᠢᠨ ᠪᠤᠯᠤ ᠦᠢᠯᠡᠳᠪᠦᠷᠢᠯᠡᠬᠦ ᠶᠢ ᠪᠡᠶᠡᠯᠡᠭᠦᠯᠵᠦ᠂ | ᠣᠲᠣ ᠠᠵᠤ ᠠᠬᠤᠶᠢᠯᠠᠯ ᠶᠠᠭ 100% ᠪᠠᠷ ᠳᠦᠭᠦᠷᠡᠩ ᠦᠢᠯᠡᠳᠪᠦᠷᠢᠯᠡᠯ ᠤᠨ ᠪᠠᠶᠢᠳᠠᠯ ᠢᠶᠠᠷ ᠨᠢᠭᠡᠳᠦᠭᠡᠷ | ᠤᠯᠠᠷᠢᠯ ᠤᠨ ︽ᠡᠬᠢᠯᠡᠯᠲᠡ ᠶᠢᠨ ᠠᠮᠵᠢᠯᠲᠠ︾ ᠳᠤ ᠬᠦᠷᠴᠦ ᠪᠠᠶᠢᠨ᠎ᠠ ᠭᠡᠵᠡᠢ᠃ | | | | | ︽ᠴᠠᠭᠠᠨ ᠰᠠᠷ᠎ᠠ ᠥᠩᠭᠡᠷᠡᠮᠡᠭᠴᠡ ᠪᠢᠳᠡ ᠶᠡᠭᠡ ᠬᠡᠮᠵᠢᠶ᠎ᠡ ᠪᠠᠷ ᠠᠵᠢᠯᠴᠢᠨ ᠡᠯᠰᠡᠵᠦ ᠡᠬᠢᠯᠡᠵᠡᠢ᠂ ᠬᠤᠲᠠ | ᠶᠢᠨ ᠲᠣᠭᠤᠷᠢᠭ ᠤᠨ ᠬᠤᠶᠠᠷ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ | ᠶᠢᠨ ᠰᠠᠯᠠᠭ᠎ᠠ ᠮᠥᠴᠢᠷ ᠤᠨ ᠬᠦᠴᠦᠲᠡᠢ ᠬᠠᠪᠰᠤᠷᠤᠯᠭ᠎ᠠ ᠶᠢᠨ ᠳᠣᠣᠷ᠎ᠠ᠂ ᠴᠥᠭᠡᠨ ᠪᠤᠰᠤ ᠲᠤᠲᠠᠭᠳᠠᠵᠤ ᠪᠠᠶᠢᠭ᠎ᠠ | ᠠᠵᠢᠯᠴᠢᠨ ᠢ ᠡᠯᠰᠡᠵᠦ ᠠᠪᠴᠠᠢ᠂ ᠵᠢᠱᠢᠯᠲᠡ ᠪᠠᠷ 5 ᠳ᠋ᠤᠭᠠᠷ ᠰᠠᠷ᠎ᠠ ᠳᠤ ᠦᠢᠯᠡᠳᠪᠦᠷᠢᠯᠡᠯ ᠳᠦᠭᠦᠷᠡᠩ ᠪᠠᠶᠢᠳᠠᠯ ᠢᠶᠠᠷ | ᠨᠢᠭᠡᠨᠲᠡ ᠭᠠᠷ ᠤᠨ ᠦᠰᠦᠭ ᠵᠢᠷᠤᠭᠰᠠᠨ ᠦᠢᠯᠡᠳᠪᠦᠷᠢᠯᠡᠯ ᠢ ᠪᠠᠲᠤᠯᠠᠨ᠎ᠠ︾᠃ ᠭᠡᠵᠦ ᠸᠠᠩ ᠴᠤᠤ ᠬᠡᠯᠡᠪᠡ᠃ | ᠵᠠᠬ᠎ᠠ ᠳᠡᠯᠭᠡᠭᠦᠷ ᠤᠨ ᠬᠡᠷᠡᠭᠴᠡᠭᠡ ᠶᠡᠭᠡ ᠪᠠᠷ ᠨᠡᠮᠡᠭᠳᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠵᠣᠭᠰᠣᠯ | ᠦᠭᠡᠢ ᠶᠠᠪᠤᠭᠳᠠᠵᠤ᠂ ᠬᠥᠭᠵᠢᠯᠲᠡ ᠶᠢᠨ ᠪᠠᠶᠢᠳᠠᠯ ᠥᠨᠳᠥᠷ ᠳᠠᠭᠤᠨ ᠢᠶᠠᠷ ᠬᠥᠭᠵᠢᠵᠦ ᠪᠠᠶᠢᠨ᠎ᠠ᠃ | 2 ᠳ᠋ᠤᠭᠠᠷ ᠰᠠᠷ᠎ᠠ ᠶᠢᠨ 14 ᠤ ᠡᠳᠦᠷ᠂ ᠳ᠋ᠦᠩ ᠾᠧ ᠲᠣᠭᠤᠷᠢᠭ ᠤᠨ ᠯᠢ ᠵᠥᠩ ᠪᠦᠯᠦᠭᠯᠡᠯ ᠯᠦᠭᠡ ᠯᠢ | ᠵᠥᠩ ᠪᠦᠯᠦᠭᠯᠡᠯ ᠤᠨ ᠪᠤᠭᠤᠲᠤ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠬᠤ | ᠬᠡᠯᠡᠯᠴᠡᠭᠡᠷ ᠲᠣᠭᠲᠠᠵᠤ᠂ ᠲᠥᠷᠥᠯ ᠵᠦᠢᠯ ᠳᠤ ᠬᠥᠩᠭᠡᠨ ᠬᠡᠮᠵᠢᠶᠡᠵᠢᠭᠦᠯᠦᠭᠰᠡᠨ ᠮᠠᠰᠢᠨ ᠲᠡᠷᠭᠡᠨ ᠤ ᠰᠡᠯᠪᠢᠭ ᠲᠣᠨᠤᠭ | ᠪᠠ ᠬᠥᠩᠭᠡᠨ ᠴᠠᠭᠠᠨ ᠤ ᠪᠦᠯᠦᠭ ᠤᠨ ᠬᠤᠪᠣᠷ ᠰᠢᠷᠣᠢ ᠶᠢᠨ ᠬᠠᠶᠢᠯᠤᠰᠢ ᠶᠢᠨ ᠰᠢᠨ᠎ᠡ ᠮᠠᠲ᠋ᠧᠷᠢᠶᠠᠯ ᠢ ᠰᠤᠳᠤᠯᠤᠨ | ᠨᠡᠭᠡᠭᠡᠵᠦ ᠦᠶᠯᠡᠳᠬᠦ ᠰᠠᠭᠤᠷᠢᠨ ᠭᠠᠵᠠᠷ ᠢ ᠪᠠᠶᠢᠭᠤᠯᠬᠤ ᠪᠣᠯᠣᠨ᠎ᠠ᠃ | ᠯᠢ ᠵᠦᠩ ᠪᠦᠯᠦᠭᠯᠡᠯ ᠤᠨ ᠪᠦᠷᠢᠨ ᠪᠡᠯᠡᠳᠦ ᠺᠣᠮᠫᠠᠨᠢ ᠪᠣᠯᠤᠭᠰᠠᠨ ᠤ ᠬᠤᠪᠢ ᠳᠤ᠂ ᠵᠢᠯ ᠳᠤ 500 ᠲᠦᠮᠡᠨ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠩᠭᠡᠨ ᠬᠡᠮᠵᠢᠶᠡᠨ ᠤ ᠰᠡᠯᠪᠢᠭ ᠲᠤᠨᠤᠭ ᠦᠢᠯᠡᠳᠪᠦᠷᠢᠯᠡᠬᠦ ᠣᠶᠤᠨᠴᠢ | ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ᠂ ᠵᠢᠯ ᠳᠤ 150 ᠲᠦᠮᠡᠨ ᠪᠣᠬᠢᠷᠳᠤᠯ ᠦᠭᠡᠢ ᠬᠡᠳᠦ ᠬᠥᠩᠭᠡᠨ | ᠴᠢᠨᠠᠷ ᠤᠨ ᠬᠥᠩᠭᠡᠨ ᠴᠠᠭᠠᠨ ᠤ ᠬᠠᠶᠢᠯᠤᠰᠢ ᠶᠢᠨ ᠲᠡᠷᠭᠡᠨ ᠬᠦᠷᠳᠦᠨ ᠤ ᠣᠶᠤᠨᠴᠢ ᠦᠢᠯᠡᠳᠪᠦᠷᠢᠯᠡᠯ ᠤᠨ | ᠱᠤᠭᠤᠮ ᠤᠨ ᠲᠦᠷᠦᠯ ᠵᠦᠢᠯ ᠢ ᠪᠠᠶᠢᠭᠤᠯᠬᠤ ᠶᠢ ᠡᠭᠦᠷᠭᠡᠯᠡᠨ᠎ᠡ᠃ | | | | | ᠲᠦᠷᠦᠯ ᠵᠦᠢᠯ ᠳᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠸᠠᠩ ᠴᠤᠤ ᠬᠠᠮᠲᠤ | ᠠᠵᠢᠯᠯᠠᠭᠰᠠᠳ ᠲᠠᠢ ᠪᠠᠨ ᠡᠷᠴᠢ ᠵᠣᠷᠢᠭ ᠢᠶᠠᠨ ᠬᠥᠪᠴᠢᠯᠡᠪᠡ᠃ ︽ᠪᠢᠳᠡ ᠬᠤᠶᠠᠷ ᠰᠠᠷ᠎ᠠ ᠬᠦᠷᠬᠦ ᠦᠭᠡᠢ | ᠬᠤᠭᠤᠴᠠᠭᠠᠨ ᠳᠤ ᠲᠥᠯᠥᠪᠵᠢᠭᠦᠯᠦᠨ ᠵᠢᠷᠤᠵᠤ ᠲᠥᠯᠥᠪᠯᠡᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ᠂ ᠠᠵᠢᠯ ᠡᠬᠢᠯᠡᠬᠦ ᠵᠥᠪᠰᠢᠶᠡᠷᠡᠯ ᠤᠨ ᠦᠨᠡᠮᠯᠡᠯ ᠣᠯᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ | ᠪᠡᠶᠡᠯᠡᠭᠦᠯᠵᠦ᠂ 4 ᠰᠠᠷ᠎ᠠ ᠶᠢᠨ 28 ᠤ ᠡᠳᠦᠷ ᠠᠴᠠ ᠡᠬᠢᠯᠡᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ︾ | ᠃ ᠸᠠᠩ ᠴᠤᠤ ᠬᠡᠯᠡᠬᠦ ᠳᠡᠭᠡᠨ᠂ ︽ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠵᠢᠷᠤᠵᠤ ᠲᠥᠯᠥᠪᠯᠡᠬᠦ | ᠪᠠ ᠬᠢᠨᠠᠨ ᠵᠥᠪᠰᠢᠶᠡᠷᠡᠬᠦ ᠶᠢ ᠵᠡᠷᠭᠡ ᠪᠠᠷ ᠥᠷᠨᠢᠭᠦᠯᠬᠦ ᠠᠵᠢᠯ ᠤᠨ ᠵᠠᠭᠪᠤᠷ ᠢ ᠬᠡᠷᠡᠭᠯᠡᠬᠦ ᠨᠢ ᠪᠢᠳᠡᠨ ᠳᠤ ᠠᠪᠴᠤ | ᠬᠡᠯᠡᠪᠡᠯ ᠪᠠᠭ᠎ᠠ ᠪᠤᠰᠤ ᠥᠷᠢᠰᠦᠯᠳᠦᠭᠡᠨ ᠪᠣᠯᠬᠤ ᠶᠤᠮ᠂ ᠡᠭᠦᠨ ᠤ ᠲᠤᠯᠠᠳᠠ ᠬᠥᠩᠭᠡᠨ ᠴᠠᠭᠠᠨ ᠤ ᠦᠢᠯᠡᠰ ᠤᠨ | ᠬᠦᠷᠢᠶᠡᠯᠡᠩ ᠲᠣᠭᠤᠷᠢᠭ ᠪᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠬᠦᠴᠦᠲᠡᠢ ᠳᠡᠮᠵᠢᠯᠭᠡ | ᠦᠵᠡᠭᠦᠯᠦᠭᠰᠡᠨ ᠪᠠᠶᠢᠨ᠎ᠠ︾ ᠭᠡᠵᠡᠢ᠃ | ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠭᠰᠡᠨ ᠤ ᠲᠠᠷᠠᠭ᠎ᠠ᠂ ᠵᠢᠱᠢᠯᠲᠡ ᠪᠠᠷ | ᠢᠷᠡᠬᠦ ᠵᠢᠯ ᠤᠨ 5 ᠰᠠᠷ᠎ᠠ ᠳᠤ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠬᠤ ᠪᠣᠯᠣᠨ᠎ᠠ᠂ ᠲᠤᠬᠠᠢ ᠶᠢᠨ ᠦᠶ᠎ᠡ ᠳᠤ᠂ ᠪᠤᠭᠤᠲᠤ ᠶᠢᠨ ᠱᠧᠩ ᠲᠠᠢ ᠮᠠᠰᠢᠨ ᠲᠡᠷᠭᠡᠨ ᠤ | ᠰᠡᠯᠪᠢᠭ ᠲᠤᠨᠤᠭ ᠦᠢᠯᠡᠳᠬᠦ ᠬᠢᠵᠠᠭᠠᠷᠲᠤ ᠺᠣᠮᠫᠠᠨᠢ ᠨᠢ ᠯᠢ ᠵᠦᠩ ᠪᠦᠯᠦᠭᠯᠡᠯ ᠤᠨ ᠬᠡᠪᠴᠢᠶ᠎ᠡ ᠪᠠᠷ ᠬᠠᠮᠤᠭ ᠤᠨ ᠶᠡᠭᠡ | ᠦᠢᠯᠡᠳᠪᠦᠷᠢᠯᠡᠯ ᠤᠨ ᠰᠠᠭᠤᠷᠢᠨ ᠪᠣᠯᠵᠤ᠂ ᠵᠢᠯ ᠳᠤ 1000 ᠲᠦᠮᠡᠨ ᠦᠢᠯᠡᠳᠪᠦᠷᠢᠯᠡᠯ ᠤᠨ ᠬᠡᠪᠴᠢᠶ᠎ᠡ ᠲᠠᠢ ᠪᠣᠯᠵᠤ᠂ | ᠪᠦᠬᠦ ᠤᠯᠤᠰ ᠤᠨ ᠲᠠᠩ ᠪᠡᠶᠡᠲᠦ ᠬᠠᠮᠤᠭ ᠤᠨ ᠶᠡᠭᠡ ᠬᠥᠩᠭᠡᠨ ᠴᠠᠭᠠᠨ ᠤ ᠬᠠᠶᠢᠯᠤᠰᠢ ᠶᠢᠨ ᠪᠤᠯᠤ ᠵᠢᠴᠢ ᠮᠠᠰᠢᠨ | ᠲᠡᠷᠭᠡᠨ ᠤ ᠰᠡᠯᠪᠢᠭ ᠲᠤᠨᠤᠭ ᠦᠢᠯᠡᠳᠪᠦᠷᠢᠯᠡᠬᠦ ᠠᠵᠤ ᠠᠬᠤᠶᠢᠯᠠᠯ ᠪᠣᠯᠬᠤ ᠪᠣᠯᠣᠨ᠎ᠠ᠃ | ︽ᠬᠡᠯᠬᠢᠶ᠎ᠡ︾ ᠪᠠᠷ ᠪᠦᠯᠦᠭᠯᠡᠯ ᠢ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ | ᠬᠥᠩᠭᠡᠨ ᠴᠠᠭᠠᠨ ᠢ ᠨᠠᠷᠢᠯᠢᠭ ᠭᠦᠨ ᠡᠳ᠋ᠰᠢᠭᠦᠯᠬᠦ ᠲᠤᠭ ᠳᠠᠯᠪᠠᠭ᠎ᠠ ᠪᠦᠬᠦᠢ ᠠᠵᠤ ᠦᠢᠯᠡᠰ ᠢ ᠪᠠᠶᠢᠭᠤᠯᠬᠤ ᠳᠤ | ᠡᠷᠬᠡᠪᠰᠢ ᠪᠣᠬᠢᠷᠳᠤᠯ ᠦᠭᠡᠢ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ᠲᠦᠷᠦᠭᠦᠬᠡᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ 2022 | ᠣᠨ ᠤ ᠪᠣᠬᠢᠷᠳᠤᠯ ᠦᠭᠡᠢ ᠦᠶᠯᠡᠳᠬᠦ ᠨᠡᠷᠡᠰ ᠢ ᠵᠠᠷᠯᠠᠨ ᠨᠡᠶᠢᠲᠡᠯᠡᠵᠦ᠂ ᠪᠤᠭᠤᠲᠤ ᠶᠢᠨ ᠱᠧᠩ ᠲᠠᠢ ᠮᠠᠰᠢᠨ ᠲᠡᠷᠭᠡᠨ ᠤ | ᠰᠡᠯᠪᠢᠭ ᠲᠣᠨᠤᠭ ᠦᠶᠯᠡᠳᠬᠦ ᠬᠢᠵᠠᠭᠠᠷᠲᠤ ᠺᠣᠮᠫᠠᠨᠢ ᠶᠢ ᠪᠣᠬᠢᠷᠳᠤᠯ ᠦᠭᠡᠢ ᠦᠢᠯᠡᠳᠪᠦᠷᠢ ᠪᠠᠷ ᠮᠠᠭᠠᠳᠯᠠᠨ | ᠲᠣᠭᠲᠠᠭᠠᠪᠠ᠃ | ᠸᠠᠩ ᠴᠤᠤ ᠲᠠᠨᠢᠯᠴᠠᠭᠤᠯᠬᠤ ᠳᠠᠭᠠᠨ᠄︽ᠱᠧᠩ ᠲᠠᠢ ᠵᠢᠯ ᠪᠦᠷᠢ 3000 ᠭᠠᠷᠤᠢ ᠲᠦᠮᠡᠨ ᠲᠥᠭᠦᠷᠢᠭ ᠤᠨ | ᠪᠡᠯᠡ ᠣᠷᠣᠭᠤᠯᠵᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ | ᠬᠡᠷᠡᠭᠯᠡᠵᠦ᠂ ᠬᠡᠰᠡᠭ ᠳᠠᠬᠢᠯᠲᠠ ᠬᠥᠩᠭᠡᠨ ᠴᠠᠭᠠᠨ ᠢ ᠠᠰᠢᠭᠯᠠᠨ ᠦᠢᠯᠡᠳᠬᠦᠨ ᠢᠶᠠᠨ ᠦᠢᠯᠡᠳᠪᠦᠷᠢᠯᠡᠨ᠎ᠡ᠂ | ᠳᠠᠷᠠᠭᠠᠴᠢ ᠶᠢᠨ ᠠᠯᠬᠤᠮ ᠳᠤ᠂ ᠪᠢᠳᠡ ᠪᠣᠬᠢᠷᠳᠤᠯ ᠦᠭᠡᠢ ᠣᠶᠤᠨᠴᠢ ᠦᠢᠯᠡᠳᠪᠦᠷᠢᠯᠡᠯ ᠤᠨ ᠱᠤᠭᠤᠮ ᠢ ᠴᠣᠭᠴᠠᠯᠠᠨ | ᠪᠠᠶᠢᠭᠤᠯᠵᠤ᠂ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢ ᠴᠥᠮ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠭᠡᠬᠦ ᠶᠢᠨ ᠬᠠᠮᠲᠤ ᠪᠠᠰᠠ︿ᠬᠠᠷ᠎ᠠ ᠳ᠋ᠧᠩ ᠤᠨ ᠦᠢᠯᠡᠳᠪᠦᠷᠢ﹀ ᠶᠢ | ᠪᠠᠶᠢᠭᠤᠯᠬᠤ ᠪᠠᠷ ᠴᠢᠷᠮᠠᠶᠢᠵᠤ᠂ ᠦᠢᠯᠡᠳᠪᠦᠷᠢᠯᠡᠯ ᠤᠨ ᠱᠤᠭᠤᠮ ᠢ ᠨᠡᠩ ᠣᠶᠤᠨᠴᠢᠯᠠᠬᠤ᠂ ᠠᠦ᠋ᠲ᠋ᠣᠴᠢᠯᠠᠬᠤ ᠪᠠᠷ | ᠴᠢᠷᠮᠠᠶᠢᠨ᠎ᠠ︾ᠭᠡᠵᠡᠢ᠃ | ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠬᠤ ᠳᠤ᠂ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ | ᠤᠨᠱᠧᠩ ᠲᠠᠢ ᠦᠢᠯᠡᠳᠪᠦᠷᠢ ᠶᠢᠨ ᠲᠣᠭᠤᠷᠢᠭ ᠤᠨ ᠬᠤᠯᠠ ᠪᠤᠰᠤ ᠭᠠᠵᠠᠷ ᠲᠤ᠂ ᠰᠧ ᠲᠦᠩ ︵ᠪᠤᠭᠤᠲᠤ︶ ᠤᠨ ᠬᠤᠪᠣᠷ | ᠰᠢᠷᠣᠢ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 5 ᠲᠦᠮᠡᠨ ᠲᠣᠨ ᠬᠤᠪᠣᠷ ᠰᠢᠷᠣᠢ ᠶᠢᠨ ᠳᠤᠮᠳᠠᠬᠢ | ᠬᠠᠶᠢᠯᠤᠰᠢ ᠶᠢᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠢ ᠶᠠᠭ ᠪᠠᠴᠢᠮ ᠶᠠᠭᠠᠷᠠᠯᠲᠠᠢ ᠪᠦᠲᠦᠭᠡᠨ | ᠪᠠᠶᠢᠭᠤᠯᠵᠤ ᠪᠤᠢ᠃ | | | | | ᠰᠧ ᠲᠦᠩ ︵ᠪᠤᠭᠤᠲᠤ︶ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠢ ᠳᠠᠭᠠᠭᠠᠮᠠᠯ ᠬᠤᠸ ᠯᠢ ᠷᠦᠩ ᠲᠠᠨᠢᠯᠴᠠᠭᠤᠯᠬᠤ ᠳᠠᠭᠠᠨ᠄ ︽ᠭᠤᠷᠪᠠᠳᠤᠭᠠᠷ ᠬᠤᠭᠤᠴᠠᠭᠠᠨ ᠤ ᠲᠥᠷᠥᠯ | ᠵᠦᠢᠯ ᠢ ᠵᠢᠱᠢᠯᠲᠡ ᠪᠠᠷ 3 ᠰᠠᠷ᠎ᠠ ᠶᠢᠨ ᠰᠡᠭᠦᠯᠴᠢ ᠠᠴᠠ 4 ᠰᠠᠷ᠎ᠠ ᠶᠢᠨ ᠡᠬᠢ ᠪᠣᠯᠲᠠᠯ᠎ᠠ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠨ᠎ᠠ᠂ ᠡᠨᠡ ᠵᠢᠯ ᠤᠨ ᠡᠴᠦᠰ ᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠬᠤᠭᠤᠴᠠᠭᠠᠨ ᠤ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ 5 | ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠪᠦᠷᠢᠮᠦᠰᠦᠨ ᠪᠡᠶᠡᠯᠡᠭᠦᠯᠵᠦ᠂ 10 ᠳ᠋ᠦᠩᠰᠢᠭᠤᠷ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠦᠨ᠎ᠡ︾ ᠭᠡᠵᠡᠢ᠃ | ᠳᠥᠷᠪᠡ ᠶᠢ ᠨᠠᠪᠲᠠᠷᠡᠭᠦᠯᠵᠦ ᠦᠢᠯᠡᠳᠪᠦᠷᠢᠯᠡᠭᠰᠡᠨ ᠵᠠᠪᠰᠠᠷ ᠤᠨ ᠬᠠᠶᠢᠯᠤᠰᠢ ᠶᠢᠨ ᠪᠦᠲᠦᠭᠡᠭᠳᠡᠬᠦᠨ ᠤ ᠬᠡᠷᠡᠭᠯᠡᠭᠡ | ᠥᠷᠭᠡᠨ ᠳᠡᠯᠭᠡᠷ ᠪᠠᠶᠢᠵᠤ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠲᠦᠷᠭᠡᠨ ᠤ ᠲᠡᠮᠦᠷ ᠵᠠᠮ᠂ ᠠᠷᠠᠳ ᠤᠨ | ᠬᠡᠷᠡᠭᠯᠡᠭᠡᠨ ᠤ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠲᠡᠷᠭᠡ ᠵᠡᠷᠭᠡ ᠪᠤᠢ ᠪᠦᠬᠦᠢ ᠬᠥᠩᠭᠡᠨ ᠴᠠᠭᠠᠨ ᠤ ᠠᠵᠢᠯ | ᠲᠦᠷᠦᠯ ᠤᠨ ᠬᠠᠮᠢᠶ᠎ᠠ ᠪᠦᠬᠦᠢ ᠬᠦᠷᠢᠶᠡᠨ ᠳᠤ ᠪᠦᠷ ᠬᠡᠷᠡᠭᠯᠡᠭᠳᠡᠵᠦ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠤᠮᠳᠠᠬᠢ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠬᠤᠭᠤᠰᠤᠨ ᠢ | ᠨᠥᠬᠦᠪᠦᠷᠢᠯᠡᠵᠡᠢ᠃ | ᠰᠧ ᠲᠦᠩ ᠯᠢ ᠵᠦᠩ ᠪᠦᠯᠦᠭᠯᠡᠯ ᠤᠨ ᠬᠠᠷᠢᠶᠠᠨ ᠳᠠᠬᠢ ᠪᠦᠷᠢᠨ ᠪᠡᠯᠡᠳᠦ ᠺᠣᠮᠫᠠᠨᠢ ᠪᠣᠯᠤᠭᠰᠠᠨ ᠤ ᠬᠤᠪᠢ ᠳᠤ᠂ | ᠶᠠᠭ ᠪᠠᠶᠢᠭᠤᠯᠵᠤ ᠪᠠᠶᠢᠭ᠎ᠠ ᠯᠢ ᠵᠦᠩ ᠪᠦᠯᠦᠭᠯᠡᠯ ᠤᠨ ᠪᠤᠭᠤᠲᠤ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ | ᠵᠦᠢᠯ ᠳᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠦᠢᠯᠡᠳᠦᠯ ᠦᠵᠡᠭᠦᠯᠬᠦ ᠪᠣᠯᠣᠨ᠎ᠠ᠃ | ᠬᠤᠤ ᠯᠢ ᠷᠦᠩ᠄︽ᠣᠳᠣᠬᠠᠨ ᠳᠤ᠂ ᠪᠤᠭᠤᠲᠤ ᠶᠢᠨ ᠬᠥᠩᠭᠡᠨ ᠴᠠᠭᠠᠨ ᠪᠣᠯ ᠳᠡᠭᠡᠳᠦ ᠤᠷᠤᠰᠬᠠᠯ ᠤᠨ ᠠᠵᠤ | ᠠᠬᠤᠶᠢᠯᠠᠯ ᠪᠣᠯᠬᠤ ᠪᠠᠷ ᠪᠠᠷᠠᠬᠤ ᠦᠭᠡᠢ ᠪᠠᠰᠠ ᠴᠤ ᠵᠣᠴᠢᠨ ᠡᠷᠦᠬᠡ ᠪᠣᠯᠣᠨ᠎ᠠ᠂ ᠮᠠᠨ ᠤ ᠦᠢᠯᠡᠳᠬᠦᠨ ᠬᠥᠩᠭᠡᠨ | ᠴᠠᠭᠠᠨ ᠤ ᠨᠠᠷᠢᠯᠢᠭ ᠪᠣᠯᠪᠠᠰᠤᠷᠠᠭᠤᠯᠤᠯᠲᠠ ᠶᠢᠨ ᠳᠡᠭᠡᠳᠦ ᠳᠣᠣᠷᠠᠳᠤ ᠤᠷᠤᠰᠬᠠᠯ ᠲᠠᠢ ᠬᠤᠯᠪᠣᠭᠠᠯᠠᠵᠤ᠂ ᠤᠳᠤ ᠶᠠᠭ | ᠪᠠᠶᠢᠴᠠᠭᠠᠨ ᠰᠤᠳᠤᠯᠤᠯᠲᠠ ᠬᠢᠵᠦ᠂ 2024 ᠣᠨ ᠳᠤ ᠬᠤᠪᠣᠷ ᠰᠢᠷᠣᠢ ᠶᠢᠨ ᠳᠤᠮᠳᠠᠬᠢ ᠬᠠᠶᠢᠯᠤᠰᠢ ᠶᠢᠨ | ᠰᠤᠳᠤᠯᠭᠠᠨ ᠤ ᠲᠥᠪ ᠢ ᠪᠠᠶᠢᠭᠤᠯᠵᠤ᠂ ᠱᠧᠩ ᠲᠠᠢ ᠲᠠᠢ ᠬᠠᠮᠲᠤᠷᠠᠯᠴᠠᠨ ᠬᠤᠪᠣᠷ ᠰᠢᠷᠣᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠵᠦ ᠬᠡᠷᠡᠭᠯᠡᠬᠦ ᠶᠢ ᠨᠡᠮᠡᠭᠳᠡᠭᠦᠯᠵᠦ᠂ ᠬᠥᠩᠭᠡᠨ ᠴᠠᠭᠠᠨ ᠤ ᠨᠠᠷᠢᠯᠢᠭ | ᠪᠣᠯᠪᠠᠰᠤᠷᠠᠭᠤᠯᠤᠯᠲᠠ ᠶᠢᠨ ᠮᠡᠷᠭᠡᠵᠢᠯ ᠤᠨ ᠲᠦᠪᠰᠢᠨ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ︾ᠭᠡᠵᠦ ᠬᠡᠯᠡᠪᠡ᠃ | ᠰᠤᠷᠪᠤᠯᠵᠢᠯᠠᠭᠴᠢ ᠶᠢᠨ ᠲᠡᠮᠳᠡᠭᠯᠡᠯ | ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠬᠤᠢ ᠪᠠᠶᠢᠳᠠᠯ ᠳᠣᠣᠷ᠎ᠠ᠂ ᠮᠠᠨ ᠤ ᠬᠤᠳᠠ ᠶᠢᠨ | ᠴᠢᠬᠤᠯᠠ ᠲᠤᠯᠭᠠᠭᠤᠷᠢ ᠠᠵᠤ ᠦᠢᠯᠡᠰ ᠤᠨ ᠨᠢᠭᠡ ᠪᠣᠯᠤᠭᠰᠠᠨ ᠬᠥᠩᠭᠡᠨ ᠴᠠᠭᠠᠨ ᠤ ᠠᠵᠤ ᠦᠢᠯᠡᠰ ᠤᠨ ᠪᠣᠬᠢᠷᠳᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠪᠡᠶᠡᠯᠡᠭᠦᠯᠵᠦ ᠳᠡᠶᠢᠯᠬᠦ ᠡᠰᠡᠬᠦ ᠨᠢ ᠪᠦᠬᠦ ᠬᠤᠳᠠ ᠶᠢᠨ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ | ᠲᠠᠯ᠎ᠠ ᠳᠤ ᠬᠤᠯᠪᠣᠭᠳᠠᠨ᠎ᠠ᠃ | ᠣᠳᠣᠬᠠᠨ ᠳᠤ᠂ ᠪᠤᠭᠤᠲᠤ ᠬᠤᠲᠠ ᠶᠢᠨ ︽ᠬᠤᠶᠠᠷ ᠶᠡᠭᠡ ᠲᠤᠭ ᠤᠨ ᠬᠡᠯᠪᠡᠷᠢ ᠶᠢᠨ ᠠᠵᠤ ᠦᠢᠯᠡᠰ ᠤᠨ | ᠪᠦᠯᠦᠭᠯᠡᠯ︾ ᠪᠣᠯᠣᠨ ︽ᠲᠠᠪᠤᠨ ᠶᠡᠭᠡ ᠳᠠᠶᠢᠨ ᠤ ᠰᠢᠨ᠎ᠡ ᠠᠵᠤ ᠦᠢᠯᠡᠰ ᠤᠨ ᠪᠦᠯᠦᠭᠯᠡᠯ︾ ᠢ ᠪᠠᠶᠢᠭᠤᠯᠬᠤ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠳ᠋ᠦᠩ ᠾᠧ ᠲᠣᠭᠤᠷᠢᠭ ᠤᠨ ᠬᠢᠨ ᠬᠥᠩᠭᠡᠨ ᠴᠠᠭᠠᠨ ᠤ ᠠᠵᠤ | ᠦᠢᠯᠡᠰ ᠤᠨ ᠳᠠᠪᠠᠭᠤᠯᠢᠭ ᠲᠤ ᠰᠠᠭᠤᠷᠢᠯᠠᠵᠤ᠂ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ | ᠠᠭᠤᠳᠠᠯᠵᠤ᠂ ᠬᠥᠩᠭᠡᠨ ᠴᠠᠭᠠᠨ ᠤ ᠨᠠᠷᠢᠯᠢᠭ ᠪᠣᠯᠪᠠᠰᠤᠷᠠᠭᠤᠯᠤᠯᠲᠠ ᠶᠢᠨ ᠲᠤᠭ ᠳᠠᠯᠪᠠᠭ᠎ᠠ ᠬᠡᠯᠪᠡᠷᠢ ᠶᠢᠨ ᠠᠵᠤ | ᠦᠢᠯᠡᠰ ᠤᠨ ᠪᠦᠯᠦᠭᠵᠢᠯ ᠢ ᠴᠣᠭᠴᠠᠯᠠᠬᠤ ᠪᠠᠷ ᠬᠠᠷᠠᠯᠲᠠ ᠪᠣᠯᠭᠠᠵᠤ᠂ ᠬᠥᠩᠭᠡᠨ ᠴᠠᠭᠠᠨ ᠤ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ︽ᠠᠵᠢᠯ︾ ᠋ ᠢ ᠭᠦᠢᠴᠡᠳ | ᠰᠠᠶᠢᠲᠤᠷ ᠬᠢᠵᠦ᠂ ᠬᠥᠩᠭᠡᠨ ᠴᠠᠭᠠᠨ ᠤ ᠠᠵᠤ ᠦᠢᠯᠡᠰ ᠢ ᠳᠡᠭᠡᠳᠦ ᠲᠡᠰ ᠤᠨ᠂ ᠣᠶᠤᠨᠴᠢᠯᠠᠬᠤ᠂ ᠪᠣᠬᠢᠷᠳᠤᠯ ᠦᠭᠡᠢ | ᠪᠣᠯᠭᠠᠨ ᠬᠥᠭᠵᠢᠭᠦᠯᠬᠦ ᠶᠢ ᠠᠬᠢᠭᠤᠯᠵᠤ᠂ ᠬᠥᠩᠭᠡᠨ ᠴᠠᠭᠠᠨ ᠤ ᠠᠵᠤ ᠦᠢᠯᠡᠰ ᠢ ᠺᠣᠳ᠋ ᠲᠠᠶᠢᠯᠬᠤ ᠭᠠᠵᠠᠷ ᠣᠷᠣᠨ ᠤ | ᠭᠤᠣᠯᠯᠠᠭᠴᠢ ᠥᠷᠢᠰᠦᠯᠳᠦᠬᠦ ᠬᠦᠴᠦᠨ᠂ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠳᠡᠭᠡᠭᠰᠢᠯᠡᠭᠦᠯᠬᠦ︽ᠠᠯᠳᠠᠨ ᠲᠦᠯᠬᠢᠭᠦᠷ︾ ᠪᠣᠯᠭᠠᠬᠤ ᠬᠡᠷᠡᠭᠲᠡᠢ᠃ | ᠢᠷᠡᠭᠡᠳᠦᠢ ᠪᠠᠨ ᠪᠠᠷᠠᠯᠠᠬᠤᠶ᠎ᠠ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠳ᠋ᠦᠩ | ᠾᠧ ᠲᠣᠭᠤᠷᠢᠭ ᠤᠨ ᠬᠢᠨ ᠡᠷᠬᠡᠪᠰᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠶᠢ ᠬᠥᠩᠭᠡᠨ ᠴᠠᠭᠠᠨ ᠤ | ᠨᠠᠷᠢᠯᠢᠭ ᠭᠦᠨ ᠡᠳ᠋ᠰᠢᠭᠦᠯᠦᠯᠲᠡ ᠶᠢᠨ ᠲᠤᠭ ᠳᠠᠯᠪᠠᠭ᠎ᠠ ᠬᠡᠯᠪᠡᠷᠢ ᠶᠢᠨ ᠠᠵᠤ ᠦᠢᠯᠡᠰ ᠤᠨ ᠪᠦᠯᠦᠭᠵᠢᠯ ᠢ | ᠴᠣᠭᠴᠠᠯᠠᠬᠤ ᠶᠢᠨ ᠭᠤᠣᠯᠯᠠᠭᠴᠢ ᠬᠥᠳᠡᠯᠭᠡᠭᠦ ᠬᠦᠴᠦᠨ ᠪᠣᠯᠭᠠᠵᠤ᠂ ᠬᠥᠩᠭᠡᠨ ᠴᠠᠭᠠᠨ ᠤ ᠠᠵᠤ ᠦᠢᠯᠡᠰ ᠤᠨ | ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠰᠤᠳᠤᠯᠤᠨ ᠨᠡᠭᠡᠭᠡᠬᠦ ᠶᠢ | ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠦᠷᠭᠡᠨ ᠬᠤᠪᠢᠷᠠᠭᠤᠯᠬᠤ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠲᠦᠷᠭᠡᠨ ᠠᠬᠢᠭᠤᠯᠪᠠᠯ ᠰᠠᠢᠢ | ᠭᠠᠵᠠᠷ ᠣᠷᠣᠨ ᠤ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠤᠢ ᠪᠣᠯᠭᠠᠵᠤ | ᠴᠢᠳᠠᠨ᠎ᠠ᠃ | | | |