ᠬᠤᠶᠠᠷ  ᠢ ᠡᠯᠰᠡᠵᠦ ᠬᠤᠶᠠᠷ  ᠢ ᠲᠠᠲᠠᠵᠤ ᠨᠢᠭᠡ  ᠶᠢ ᠰᠢᠯᠢᠳᠡᠭᠵᠢᠭᠦᠯᠬᠦ ᠳ᠋ᠦᠩ ᠾᠧ ᠲᠣᠭᠤᠷᠢᠭ᠄ ᠴᠢᠳᠠᠪᠤᠷᠢᠲᠠᠨ ᠡᠯᠰᠡᠵᠦ ᠣᠶᠤᠨ  ᠢ ᠲᠠᠲᠠᠬᠤ ︽ᠬᠠᠪᠤᠷ ᠤᠨ ᠠᠶᠠᠰ︾  ᠢ ᠴᠢᠪᠬᠠᠳᠠᠨ᠎ᠠ
ᠨᠡᠶᠢᠲᠡᠯᠡᠭᠰᠡᠨ ᠴᠠᠭ᠄
2023/3/23
      ᠡᠭᠦᠷ ᠢᠶᠠᠨ ᠪᠣᠰᠬᠠᠨ ᠭᠠᠷᠤᠳᠢ ᠶᠢ ᠲᠠᠲᠠᠵᠤ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠡᠵᠡᠮᠰᠢᠪᠡ︔ᠣᠳᠣᠨ ᠮᠡᠴᠢᠳ ᠭᠢᠯᠠᠯᠵᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠬᠥᠭᠵᠢᠭᠡᠨ᠎ᠡ᠃ᠨᠢᠭᠡ ᠬᠤᠭᠤᠴᠠᠭᠠᠨ ᠤ ᠲᠤᠷᠰᠢ᠂ ︽ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ︾ ᠨᠢ ᠳ᠋ᠦᠩ ᠾᠧ ᠲᠣᠭᠤᠷᠢᠭ ᠤᠨ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠬᠦ ᠶᠢᠨ ︽ᠵᠠᠩᠭᠢᠯᠠᠭ᠎ᠠ ᠶᠢᠨ ᠦᠭᠡ︾ ᠪᠣᠯᠤᠭᠰᠠᠨ ᠪᠠᠶᠢᠨ᠎ᠠ᠃      ᠵᠡᠭᠦᠨ ᠭᠤᠣᠯ ᠤᠨ ᠰᠦᠷ ᠵᠢᠪᠬᠤᠭ᠎ᠠ ᠶᠢ ᠳᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠳᠠᠬᠢᠨ ᠢᠯᠡᠷᠡᠭᠦᠯᠵᠦ᠂ ᠬᠤᠳᠠ ᠶᠢᠨ ᠨᠠᠮ ᠤᠨ ᠬᠤᠷᠢᠶ᠎ᠠ ᠠᠴᠠ ᠳ᠋ᠦᠩ ᠡᡁᠸ ᠲᠣᠭᠤᠷᠢᠭ ᠲᠤ ᠳᠤᠷᠠᠳᠤᠭᠰᠠᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩ ᠡᡁᠸ ᠲᠣᠭᠤᠷᠢᠭ ᠤᠨ ᠬᠢᠨ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠪᠠᠷ ︽ᠠᠰᠠᠭᠤᠳᠠᠯ ᠢ ᠰᠢᠢᠳᠪᠦᠷᠢᠯᠡᠬᠦ︾ᠵᠠᠩᠭᠢᠯᠠᠭ᠎ᠠ ᠪᠣᠯᠭᠠᠬᠤ ᠶᠢ ᠪᠠᠷᠢᠮᠲᠠᠯᠠᠵᠤ᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠴᠢᠳᠠᠪᠤᠷᠢᠲᠠᠨ ᠢ ᠡᠯᠰᠡᠵᠦ ᠤᠶᠤᠨ ᠢ ᠲᠠᠲᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠬᠤᠳᠠᠯᠳᠤᠭᠠᠴᠢᠨ ᠢ ᠳᠣᠲᠣᠨᠣᠴᠢᠯᠠᠵᠤ ᠴᠢᠳᠠᠪᠤᠷᠢᠲᠠᠨ ᠢ ᠬᠦᠨᠳᠦᠳᠬᠡᠬᠦ ᠣᠷᠴᠢᠨ ᠲᠣᠭᠤᠷᠢᠨ ᠢ ᠶᠡᠬᠡᠪᠡᠷ ᠪᠤᠢ ᠪᠣᠯᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠳᠤ ᠬᠠᠮᠤᠭ ᠤᠨ ᠰᠢᠯᠢᠳᠡᠭ ᠲᠦᠷᠦ ᠶᠢᠨ ᠪᠣᠳᠣᠯᠭ᠎ᠠ᠂ ᠬᠠᠮᠤᠭ ᠤᠨ ᠰᠠᠶᠢᠨ ᠡᠬᠢ ᠪᠠᠶᠠᠯᠢᠭ᠂ ᠬᠠᠮᠤᠭ ᠤᠨ ᠰᠠᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ︽ᠨᠢᠭᠡ ᠨᠠᠭᠤᠷ ᠬᠠᠪᠤᠷ ᠤᠨ ᠤᠰᠤ︾ ᠶᠢ ᠠᠮᠢᠯᠠᠭᠤᠯᠪᠠ᠃      ︽ᠳ᠋ᠦᠩ ᠾᠧ ᠲᠣᠭᠤᠷᠢᠭ ᠤᠨ ᠬᠡᠷᠡᠭᠵᠢᠭᠦᠯᠵᠦ ᠪᠠᠶᠢᠭ᠎ᠠ ᠭᠤᠣᠯᠳᠠᠯᠭ᠎ᠠ ᠲᠠᠢ ᠠᠵᠤ ᠦᠢᠯᠡᠰ ᠤᠨ ᠳ᠋ᠣᠺᠲ᠋ᠣᠷ ᠮᠠᠰᠲ᠋ᠧᠷ ᠢ ᠣᠷᠣᠭᠤᠯᠤᠨ ᠠᠪᠴᠢᠷᠠᠬᠤ ᠠᠵᠢᠯᠯᠠᠭᠠᠨ ᠤ ᠲᠥᠯᠥᠪᠯᠡᠭᠡ ᠶᠢᠨ ᠠᠴᠢ ᠪᠠᠷ᠂ ᠮᠠᠨ ᠤ ᠺᠣᠮᠫᠠᠨᠢ ᠲᠤᠰᠬᠠᠢ ᠮᠡᠷᠭᠡᠵᠢᠯ ᠤᠨ ᠠᠰᠫᠢᠷᠠᠨᠲ ᠨᠢᠭᠡ ᠣᠷᠣᠭᠤᠯᠤᠨ ᠠᠪᠴᠢᠷᠠᠵᠤ᠂ ᠳᠡᠭᠡᠳᠦ ᠲᠠᠰ ᠤᠨ ᠴᠢᠳᠠᠪᠤᠷᠢᠲᠠᠨ ᠲᠤᠲᠠᠭᠳᠠᠵᠤ ᠪᠠᠶᠢᠭ᠎ᠠ ᠳᠤᠲᠠᠭᠤᠳᠠᠯ ᠢ ᠨᠥᠬᠦᠪᠦᠷᠢᠯᠡᠭᠰᠡᠨ ᠪᠥᠭᠡᠳ ᠬᠤᠲᠠ ᠶᠢᠨ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠠᠴᠠ ᠪᠠᠰᠠ ᠣᠷᠣᠭᠤᠯᠤᠨ ᠠᠪᠴᠢᠷᠠᠬᠤ ᠴᠢᠳᠠᠪᠤᠷᠢᠲᠠᠨ ᠳᠤ ᠵᠣᠬᠢᠬᠤ ᠬᠡᠮᠵᠢᠶᠡᠨ ᠤ ᠪᠡᠯᠡ ᠮᠥᠩᠭᠦ ᠶᠢᠨ ᠨᠥᠬᠦᠪᠦᠷᠢ ᠥᠭᠴᠦ᠂ ᠮᠠᠨ ᠤ ᠠᠵᠤ ᠠᠬᠤᠶᠢᠯᠠᠯ ᠤᠨ ᠴᠢᠳᠠᠪᠤᠷᠢᠲᠠᠨ ᠢ ᠦᠯᠡᠳᠡᠭᠡᠬᠦ ᠳᠤᠨᠢ ᠦᠨᠡᠨ ᠬᠦ ᠬᠠᠪᠰᠤᠷᠴᠠᠢ︾᠃ ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ ᠶᠢᠨ ᠠᠵᠤ ᠠᠬᠤᠶᠢᠯᠠᠯ ᠳᠤ ᠦᠵᠡᠭᠦᠯᠬᠦ ᠰᠠᠶᠢᠨ ᠲᠠᠯ᠎ᠠ ᠶᠢᠨ ᠲᠤᠬᠠᠢ ᠶᠠᠷᠢᠬᠤ ᠳᠤ᠂ ᠪᠧᠢ ᠴᠧᠨ ᠤ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠠᠶᠠᠷᠯᠠᠩᠭᠤᠢ ᠪᠠᠷ ᠡᠷᠡᠬᠡᠢ ᠬᠤᠷᠤᠭᠤ ᠪᠠᠨ ᠭᠤᠵᠣᠶᠢᠯᠭᠠᠪᠠ᠃
     ᠠᠵᠤ ᠠᠬᠤᠶᠢᠯᠠᠯ ᠳᠤ ᠶᠠᠮᠠᠷ ᠴᠢᠳᠠᠪᠤᠷᠢᠲᠠᠨ ᠬᠡᠷᠡᠭ ᠲᠠᠢ ᠪᠤᠢ?ᠶᠠᠭᠠᠬᠢᠪᠠᠯ ᠰᠠᠶ᠋ᠢ ᠴᠢᠳᠠᠪᠤᠷᠢᠲᠠᠨ ᠢ ᠦᠯᠡᠳᠡᠭᠡᠵᠦ ᠴᠢᠳᠠᠬᠤ ᠪᠤᠢ?ᠴᠢᠳᠠᠪᠤᠷᠢᠲᠠᠨ ᠡᠯᠰᠡᠵᠦ ᠤᠶᠤᠨ ᠮᠡᠳᠡᠯᠭᠡ ᠶᠢ ᠣᠷᠣᠭᠤᠯᠬᠤ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩ ᠾᠧ ᠲᠣᠭᠤᠷᠢᠭ ᠤᠨ ᠬᠢᠨ ᠦᠢᠯᠡᠴᠢᠯᠡᠭᠡᠨ ᠤ ᠭᠤᠣᠯᠳᠠᠯᠭ᠎ᠠ ᠲᠠᠢ ᠠᠵᠤ ᠠᠬᠤᠶᠢᠯᠠᠯ᠂ ᠲᠦᠷᠦᠯ ᠵᠦᠢᠯ ᠤᠨ ᠴᠢᠳᠠᠪᠤᠷᠢᠲᠠᠨ ᠤ ᠠᠵᠢᠯ ᠤᠨ ᠲᠤᠰᠬᠠᠢ ᠠᠩᠭᠢ ᠪᠠᠶᠢᠭᠤᠯᠵᠤ᠂ ᠣᠷᠣᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ 13 ᠨᠢᠭᠡᠴᠡ ᠶᠢ ᠦᠢᠯᠡᠴᠢᠯᠡᠭᠡᠨ ᠤ ᠲᠤᠰᠬᠠᠢ ᠠᠩᠭᠢ ᠳᠤ ᠣᠷᠣᠭᠤᠯᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠠᠰᠠᠭᠤᠳᠠᠯ ᠢ ᠤᠷᠢᠳᠴᠢᠯᠠᠨ ᠰᠢᠢᠳᠪᠦᠷᠢᠯᠡᠪᠡ᠃ᠡᠭᠦᠨ ᠤ ᠬᠠᠮᠲᠤ᠂ ︽ᠳ᠋ᠦᠩ ᠾᠧ ᠲᠣᠭᠤᠷᠢᠭ ᠤᠨ ᠦᠢᠯᠡᠴᠢᠯᠡᠭᠡᠨ ᠤ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠢᠨᠵᠧᠨᠧᠷᠢᠩ ᠤᠨ ᠴᠢᠳᠠᠪᠤᠷᠢᠲᠠᠨ ᠤ ᠲᠥᠷᠥᠯ ᠵᠦᠢᠯ ᠢ ᠬᠡᠷᠡᠭᠵᠢᠭᠦᠯᠬᠦ ᠲᠥᠰᠥᠯ︾ ︽ᠳ᠋ᠦᠩ ᠾᠧ ᠲᠣᠭᠤᠷᠢᠭ ᠤᠨ ᠴᠢᠳᠠᠪᠤᠷᠢᠲᠠᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠲᠣᠭᠲᠠᠭᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠪᠠ ᠲᠥᠷᠥᠯ ᠵᠦᠢᠯ ᠳᠤ ᠦᠢᠯᠡᠴᠢᠯᠡᠬᠦ ᠴᠠᠭ ᠤᠨ ᠬᠦᠰᠦᠨᠦᠭᠲᠦ ᠶᠢ ᠲᠣᠭᠲᠠᠭᠠᠨ᠂ ᠵᠠᠮ ᠱᠤᠭᠤᠮ ᠤᠨ ᠵᠢᠷᠤᠭ ᠢ ᠰᠠᠶᠢᠲᠤᠷ ᠵᠢᠷᠤᠵᠤ᠂ ᠪᠥᠬᠦ ᠣᠷᠣᠨ ᠤ ᠴᠢᠳᠠᠪᠤᠷᠢᠲᠠᠨ ᠤ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠥᠷᠨᠢᠬᠦ ᠶᠢ ᠯᠠᠪᠳᠠᠭᠤᠨ ᠢᠶᠠᠷ ᠠᠬᠢᠭᠤᠯᠤᠨ᠎ᠠ᠃      ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠯᠠ ᠪᠠᠶᠢᠬᠤ ᠪᠢᠰᠢ᠂ ᠳ᠋ᠦᠩ ᠾᠧ ᠲᠣᠭᠤᠷᠢᠭ ᠤᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠳᠤ᠂ ᠳᠡᠭᠡᠳᠦ ᠲᠡᠰ ᠤᠨ ᠴᠢᠳᠠᠪᠤᠷᠢᠲᠠᠨ ᠴᠤ ᠴᠢᠬᠤᠯᠠ ᠦᠢᠯᠡᠳᠦᠯ ᠢᠶᠠᠨ ᠪᠠᠳᠠᠷᠠᠭᠤᠯᠵᠤ᠂ ᠪᠠᠶᠢᠭ᠎ᠠ ᠨᠢᠭᠡᠴᠡ ᠶᠢᠨ ᠢᠶᠠᠨ ︽ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ︾︽ᠣᠶᠤᠨᠲᠤ ᠤᠳᠤᠨ︾ᠪᠣᠯᠵᠤ᠂ ᠳ᠋ᠦᠩ ᠾᠧ ᠲᠣᠭᠤᠷᠢᠭ ᠤᠨ ᠡᠯ᠎ᠡ ᠲᠦᠷᠦᠯ ᠤᠨ ᠠᠵᠢᠯ ᠢ ᠥᠷᠨᠢᠭᠦᠯᠬᠦ ᠳᠤ ᠠᠮᠢᠵᠢᠷᠠᠯ ᠤᠨ ᠬᠦᠴᠦᠨ ᠨᠡᠮᠡᠷᠢᠯᠡᠵᠦ ᠪᠠᠶᠢᠨ᠎ᠠ᠃
     ︽ᠪᠦᠬᠦ ᠣᠷᠣᠨ ᠤ ᠬᠥᠭᠵᠢᠯᠲᠡ ᠶᠢᠨ ᠱᠠᠭᠠᠷᠳᠠᠯᠭ᠎ᠠ  ᠪᠠᠷ ᠭᠤᠣᠯᠯᠠᠭᠤᠯᠤᠨ᠂ ᠪᠢᠳᠡ ᠡᠯ᠎ᠡ ᠬᠦᠷᠢᠶᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ  ᠶᠢ ᠦᠷᠭᠦᠯᠵᠢᠯᠡᠨ ᠴᠢᠩᠭᠠᠳᠬᠠᠵᠤ᠂ 2022 ᠣᠨ ᠳᠤ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠭᠴᠢ 12᠂ 14 ᠠᠯᠪᠠᠲᠠᠨ᠂ ᠳᠤᠮᠳᠠᠳᠤ ᠪᠠᠭ᠎ᠠ ᠰᠤᠷᠭᠠᠭᠤᠯᠢ ᠶᠢᠨ 82 ᠪᠠᠭᠰᠢ᠂ 293 ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠢᠯᠡ ᠪᠠᠷ ᠤᠷᠢᠨ ᠬᠡᠷᠡᠭᠯᠡᠵᠦ᠂ 30 ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠱᠠᠭᠠᠷᠳᠠᠭᠳᠠᠵᠤ ᠪᠠᠶᠢᠭ᠎ᠠ ᠪᠠᠴᠢᠮ ᠬᠡᠷᠡᠭᠴᠡᠭᠡᠨ ᠤ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠣᠯᠠᠨ ᠠᠷᠭ᠎ᠠ ᠵᠠᠮ᠂ ᠣᠯᠠᠨ ᠬᠡᠯᠪᠡᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢ ᠯᠠᠪᠳᠠᠭᠤᠨ ᠪᠠᠲᠤᠲᠠᠢ ᠥᠨᠳᠥᠷ ᠪᠦᠲᠦᠮᠵᠢᠲᠡᠶ ᠪᠠᠷ ᠥᠷᠭᠡᠳᠬᠡᠬᠦ ᠶᠢ ᠴᠢᠷᠮᠠᠶᠢᠨ ᠪᠡᠶᠡᠯᠡᠭᠦᠯᠦᠨ᠎ᠡ︾ ᠭᠡᠵᠡᠢ᠃ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠾᠧᠦ ᠰᠢᠶᠦᠶᠢᠩ ᠶᠦᠩ ᠢᠯᠡᠳᠬᠡᠪᠡ᠃      ᠠᠰᠠᠭᠤᠯᠲᠠ ᠶᠢᠨ ᠰᠤᠪᠠᠭ ᠬᠠᠮᠢᠭ᠎ᠠ ᠠᠴᠠ ᠲᠣᠪ ᠲᠣᠳᠣᠷᠬᠠᠢ ᠪᠠᠶᠢᠵᠤ ᠴᠢᠳᠠᠬᠤ ᠪᠤᠢ᠂ ᠡᠬᠢ ᠠᠳᠠᠭ ᠤᠨ ᠤᠰᠤ ᠶᠢ ᠠᠮᠢᠯᠠᠭᠤᠯᠬᠤ ᠶᠢᠨ ᠲᠥᠯᠥᠭᠡ ᠠᠮᠢᠯᠠᠭᠤᠯᠤᠮᠤᠢ᠃ᠭᠠᠳᠠᠨ᠎ᠠ ᠠᠴᠠ ᠢᠷᠡᠭᠰᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠳ᠋ᠦᠩ ᠾᠧ ᠲᠣᠭᠤᠷᠢᠭ ᠤᠨ ᠬᠢᠨ ᠪᠠᠰᠠ ᠲᠤᠰ ᠭᠠᠵᠠᠷ ᠣᠷᠣᠨ ᠤ ᠪᠠᠨ ᠴᠢᠳᠠᠪᠤᠷᠢᠲᠠᠨ ᠢ ᠭᠦᠨᠵᠡᠭᠡᠢ ᠠᠭᠤᠳᠠᠯᠬᠤ ᠶᠢ ᠴᠢᠬᠤᠯᠠᠴᠢᠯᠠᠵᠤ᠂ ᠤᠳᠤ ᠪᠠᠶᠢᠭ᠎ᠠ ᠴᠢᠳᠠᠪᠤᠷᠢᠲᠠᠨ ᠢ ᠦᠯᠡᠳᠡᠭᠡᠵᠡᠢ᠃︽ᠬᠠᠪᠤᠷ ᠤᠨ ᠰᠠᠯᠬᠢᠨ ᠳᠤ ᠦᠨᠡᠨ ᠰᠡᠳᠬᠢᠯᠭᠡ ᠶᠢ ᠬᠦᠷᠭᠡᠵᠦ᠂ ᠬᠥᠮᠥᠰ ᠤᠨ ᠰᠡᠳᠬᠢᠯ ᠢ ᠳᠡᠮᠵᠢᠬᠦ︾ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ᠂ ᠴᠢᠳᠠᠪᠤᠷᠢᠲᠠᠨ ᠤ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠴᠤᠭᠯᠠᠭᠠᠨ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠥᠬᠦ ᠰᠡᠳᠬᠢᠯ ᠢᠶᠠᠷ ᠢᠶᠠᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠨᠠᠷᠢᠨ ᠨᠢᠮᠪᠠᠢ ᠲᠠᠪᠴᠠᠩ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ ᠪᠥᠬᠦ ᠲᠠᠯ᠎ᠠ ᠪᠠᠷ ᠠᠭᠤᠳᠠᠯᠤᠨ᠎ᠠ᠃ᠡᠨᠡ ᠵᠢᠯ ᠠᠴᠠ ᠨᠠᠰᠢ᠂ 22 ᠲᠠᠯᠠᠪᠤᠷ ᠠᠵᠢᠯᠯᠠᠭ᠎ᠠ ᠥᠷᠨᠢᠭᠦᠯᠵᠦ᠂ 759 ᠬᠥᠮᠥᠨ ᠳᠤ ᠠᠵᠢᠯ ᠣᠯᠭᠤᠬᠤ ᠰᠠᠨᠠᠯ ᠲᠠᠢ ᠪᠣᠯᠵᠤ᠂ ᠪᠥᠬᠦ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ ᠳᠤ 450 ᠭᠠᠷᠤᠢ ᠰᠢᠨ᠎ᠡ ᠠᠵᠢᠯᠲᠠᠨ ᠨᠥᠬᠦᠪᠦᠷᠢᠯᠡᠪᠡ᠃      2 ᠰᠠᠷ᠎ᠠ ᠶᠢᠨ 26 ᠤ ᠡᠳᠦᠷ᠂ ᠳ᠋ᠦᠩ ᠾᠧ ᠲᠣᠭᠤᠷᠢᠭ ᠤᠨ ᠮᠣᠯ ᠬᠤᠲᠠ ᠳᠤ ᠡᠷᠭᠢᠯᠡᠭᠰᠡᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠤᠰᠬᠠᠢ ᠠᠵᠢᠯᠲᠠᠨ ᠡᠯᠰᠡᠬᠦ ᠬᠤᠷᠠᠯ ᠳᠡᠭᠡᠷ᠎ᠡ᠂ 68 ᠰᠢᠯᠢᠳᠡᠭ ᠢᠳᠡᠭᠡᠨ ᠤᠮᠳᠠᠭᠠᠨ ᠤ ᠠᠵᠤ ᠠᠬᠤᠶᠢᠯᠠᠯ ᠣᠷᠣᠯᠴᠠᠵᠤ᠂ 336 ᠠᠵᠢᠯ ᠤᠨ ᠪᠠᠶᠢᠷᠢ ᠲᠤᠬᠠᠢ ᠶᠢᠨ ᠲᠠᠯᠠᠪᠤᠷ ᠲᠤ ᠬᠦᠷᠴᠦ᠂ 1000 ᠭᠠᠷᠤᠢ ᠬᠥᠮᠥᠨ ᠠᠵᠢᠯ ᠡᠷᠢᠵᠦ᠂ ᠲᠤᠬᠠᠢ ᠶᠢᠨ ᠲᠠᠯᠠᠪᠤᠷ ᠲᠤ 130 ᠭᠠᠷᠤᠢ ᠬᠥᠮᠥᠨ ᠠᠵᠢᠯ ᠣᠯᠬᠤ ᠰᠠᠨᠠᠭ᠎ᠠ ᠲᠠᠢ ᠪᠣᠯᠪᠠ᠃
     ︽ᠮᠠᠨ ᠤ ᠬᠡᠷᠡᠭᠰᠡᠬᠦ ᠳᠡᠭᠡᠳᠦ ᠳᠡᠰ ᠤᠨ ᠲᠣᠭᠤᠭᠠᠴᠢ  ᠶᠢ  ᠤᠳᠠᠯ᠎ᠠ  ᠡᠯᠰᠡᠭᠰᠡᠨ ᠦᠭᠡᠢ  ᠂ ᠠᠳᠡ ᠨᠥᠬᠦᠴᠡᠯ ᠳᠤ ᠨᠡᠶᠢᠴᠡᠭᠰᠡᠨ ᠲᠠᠪᠤ ᠵᠢᠷᠭᠤᠭᠠᠨ ᠬᠥᠮᠥᠨ ᠪᠠᠶᠢᠵᠤ᠂ ᠮᠠᠨ ᠤ ᠴᠢᠳᠠᠪᠤᠷᠢᠲᠠᠨ ᠲᠤᠲᠠᠭᠳᠠᠵᠤ ᠪᠠᠶᠢᠭ᠎ᠠ ᠪᠠᠴᠢᠮ ᠪᠠᠶᠢᠳᠠᠯ  ᠢ ᠰᠢᠭᠤᠳ ᠰᠢᠢᠳᠪᠦᠷᠢᠯᠡᠨ᠎ᠡ ᠭᠡᠵᠦ ᠰᠠᠨᠠᠭᠠᠨ ᠳᠤ ᠣᠷᠣᠭᠰᠠᠨ ᠦᠭᠡᠢ︾᠃ ᠲᠤᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ  ᠶᠢᠨ ᠣᠯᠣᠯᠲᠠ  ᠶᠢ ᠠᠰᠠᠭᠤᠭᠰᠠᠨ ᠳᠤ ᠰᠢ ᠬᠤ ᠪᠠᠭᠤᠳᠠᠯ ᠤᠨ ᠠᠵᠢᠯᠲᠠᠨ ᠤ ᠶᠠᠪᠤᠳᠠᠯ ᠤᠨ ᠬᠠᠷᠢᠭᠤᠴᠠᠯᠭᠠᠲᠠᠨ ᠪᠠᠶᠠᠷᠲᠠᠢ ᠪᠠᠷ ᠬᠡᠯᠡᠪᠡ᠃
     ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠳᠤ ︽ᠭᠠᠵᠠᠷ ᠪᠣᠯᠭᠠᠨ ᠳᠤ︾᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠳᠤ ᠴᠦ ᠬᠤᠴᠣᠷᠬᠤ ᠳᠤᠷ᠎ᠠ ᠦᠭᠡᠢ ᠪᠠᠶᠢᠨ᠎ᠠ᠃ᠠᠵᠤ ᠠᠬᠤᠶᠢᠯᠠᠯ ᠪᠠ ᠴᠢᠳᠠᠪᠤᠷᠢᠲᠠᠨ ᠳᠤ ᠬᠠᠮᠤᠭ ᠤᠨ ᠶᠡᠭᠡ ᠲᠥᠬᠦᠮ ᠦᠵᠡᠭᠦᠯᠬᠦ ᠶᠢᠨ ᠲᠥᠯᠥᠭᠡ᠂ ᠳ᠋ᠦᠩ ᠾᠧ ᠲᠣᠭᠤᠷᠢᠭ ᠲᠤ ︽ᠡᠭᠦᠯᠡᠨ ᠪᠣᠳᠣᠯᠲᠠ ᠶᠢᠨ ᠠᠵᠢᠯᠲᠠᠨ ᠡᠯᠰᠡᠬᠦ ᠲᠤᠰᠬᠠᠢ ᠣᠷᠣᠨ︾ ᠭᠠᠷᠭᠠᠵᠤ᠂ 70 ᠰᠢᠬᠠᠮ ᠬᠦᠷᠢᠶᠡᠯᠡᠯ ᠲᠠᠢ ᠠᠵᠢᠯ ᠲᠥᠷᠥᠯ ᠤᠨ ᠠᠵᠤ ᠠᠬᠤᠶᠢᠯᠠᠯ ᠢ ᠰᠢᠯᠢᠨ ᠰᠣᠩᠭᠤᠵᠤ᠂ 336 ᠠᠵᠢᠯᠲᠠᠨ ᠡᠯᠰᠡᠬᠦ ᠠᠵᠢᠯ ᠤᠨ ᠪᠠᠶᠢᠷᠢ ᠬᠠᠩᠭᠠᠵᠤ᠂ ᠠᠷᠠᠯᠵᠢᠶ᠎ᠠ ᠬᠤᠳᠠᠯᠳᠤᠭᠠᠨ ᠤ ᠵᠢᠵᠢᠭᠯᠡᠨ ᠬᠤᠳᠠᠯᠳᠤᠬᠤ᠂ ᠵᠣᠴᠢᠳ ᠤᠨ ᠪᠠᠭᠤᠳᠠᠯ ᠢᠳᠡᠭᠡᠨ ᠤᠮᠳᠠᠭᠠᠨ᠂ ᠰᠤᠷᠭᠠᠨ ᠬᠥᠮᠦᠵᠢᠯ ᠪᠣᠯᠪᠠᠰᠤᠷᠠᠭᠤᠯᠤᠯ ᠵᠡᠷᠭᠡ ᠣᠯᠠᠨ ᠠᠵᠢᠯ ᠲᠥᠷᠥᠯ ᠳᠤ ᠬᠤᠯᠪᠣᠭᠳᠠᠨ᠂ ᠣᠯᠠᠨ ᠶᠠᠩᠵᠤ ᠶᠢᠨ ᠴᠢᠳᠠᠪᠤᠷᠢᠲᠠᠨ ᠤ ᠬᠡᠷᠡᠭᠴᠡᠭᠡ ᠶᠢ ᠭᠦᠢᠴᠡᠳ ᠬᠠᠩᠭᠠᠵᠤ ᠪᠠᠶᠢᠨ᠎ᠠ᠃      ᠡᠭᠦᠨ ᠠᠴᠠ ᠭᠠᠳᠠᠨ᠎ᠠ᠂ ᠳ᠋ᠦᠩ ᠾᠧ ᠲᠣᠭᠤᠷᠢᠭ ᠤᠨ ᠬᠢᠨ ᠪᠠᠰᠠ ᠠᠵᠢᠯ ᠣᠯᠵᠤ ᠦᠢᠯᠡᠰ ᠴᠣᠭᠴᠠᠯᠠᠬᠤ ᠠᠵᠢᠯ ᠤᠨ ᠬᠤᠯᠪᠣᠭ᠎ᠠ ᠳᠤ ᠲᠦᠰᠢᠭᠯᠡᠨ᠂ ᠠᠵᠢᠯ ᠡᠷᠢᠭᠰᠡᠳ ᠲᠤ ᠠᠵᠢᠯ ᠣᠯᠵᠤ ᠦᠢᠯᠡᠰ ᠴᠣᠭᠴᠠᠯᠠᠬᠤ ᠶᠢᠨ ᠵᠢᠯᠣᠭᠤᠳᠤᠯᠭ᠎ᠠ᠂ ᠡᠵᠡᠩᠨᠡᠯᠲᠡ ᠶᠢᠨ ᠦᠨᠡᠮᠯᠡᠯ ᠤᠨ ᠳᠠᠩᠰᠠᠯᠠᠯᠲᠠ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ᠂ ᠬᠥᠳᠡᠯᠮᠦᠷᠢ ᠶᠢᠨ ᠬᠠᠷᠢᠴᠠᠭ᠎ᠠ᠂ ᠭᠠᠶᠢᠯᠢ ᠲᠠᠲᠠᠪᠤᠷᠢ ᠲᠤᠰᠢᠶᠠᠬᠤ ᠵᠡᠷᠭᠡ ᠠᠵᠢᠯ ᠣᠯᠵᠤ ᠦᠢᠯᠡᠰ ᠴᠣᠭᠴᠠᠯᠠᠬᠤ ᠪᠥᠬᠦ ᠬᠡᠯᠬᠢᠶ᠎ᠡ ᠮᠠᠶ᠋ᠢᠭ ᠤᠨ ᠯᠠᠪᠯᠠᠯᠲᠠ ᠶᠢᠨ ᠦᠢᠯᠡᠴᠢᠯᠡᠭᠡ ᠬᠠᠩᠭᠠᠵᠤ᠂ ︽ᠰᠡᠳᠬᠢᠯ ᠬᠠᠨᠤᠮᠵᠢᠲᠠᠶ ᠪᠠᠶᠢᠬᠤ ᠶᠢ ᠴᠢᠨᠢ ᠳᠠᠭᠠᠭᠠᠨ᠎ᠠ︾ ︽ᠰᠠᠨᠠᠭ᠎ᠠ ᠠᠮᠤᠷ ᠪᠠᠶᠢᠬᠤ ᠶᠢ ᠴᠢᠨᠢ ᠳᠠᠭᠠᠭᠠᠨ᠎ᠠ︾᠂ ︽ᠰᠠᠨᠠᠭ᠎ᠠ ᠠᠮᠤᠷ ᠪᠠᠶᠢᠬᠤ ᠶᠢ ᠴᠢᠨᠢ ᠳᠠᠭᠠᠭᠠᠨ᠎ᠠ︾ ᠭᠡᠬᠦ ᠬᠠᠯᠠᠭᠤᠨ ᠰᠡᠳᠬᠢᠯᠭᠡ ᠪᠠᠷ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠠᠰᠢᠭᠯᠠᠨ᠂ ᠠᠵᠤ ᠠᠬᠤᠶᠢᠯᠠᠯ ᠪᠠ ᠴᠢᠳᠠᠪᠤᠷᠢᠲᠠᠨ ᠤ ︽ᠵᠠᠭᠤᠴᠢ︾ ᠪᠣᠯᠤᠭᠰᠠᠨ ᠪᠠᠶᠢᠨ᠎ᠠ᠃
     ᠴᠢᠳᠠᠪᠤᠷᠢᠲᠠᠨ ᠢ ᠡᠯᠰᠡᠵᠦ ᠤᠶᠤᠨ ᠤᠬᠠᠭᠠᠨ ᠢ ᠣᠷᠣᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠳᠤ᠂︽ᠡᠯᠰᠡᠵᠦ ᠠᠪᠴᠢᠷᠠᠬᠤ︾ ᠪᠠᠷ ᠪᠠᠷᠠᠬᠤ ᠦᠭᠡᠢ ᠪᠠᠰᠠ︽ᠰᠠᠶᠢᠲᠤᠷ ᠦᠢᠯᠡᠴᠢᠯᠡᠬᠦ︾ᠬᠡᠷᠡᠭᠲᠡᠢ᠃ᠳ᠋ᠦᠩ ᠾᠧ ᠲᠣᠭᠤᠷᠢᠭ ᠤᠨ ᠬᠢᠨ ᠠᠵᠤ ᠠᠬᠤᠶᠢᠯᠠᠯ ᠳᠤ ᠬᠤᠯᠪᠣᠭᠳᠠᠬᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ 60 ᠭᠠᠷᠤᠢ ᠺᠠᠳ᠋ᠷ ᠢ ᠰᠣᠩᠭᠤᠨ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠲᠤᠰᠢᠶᠠᠯᠲᠠᠨ︾ᠪᠣᠯᠭᠠᠵᠤ᠂ ᠪᠠᠯᠭᠠᠰᠤ᠂ ᠵᠡᠭᠡᠯᠢ ᠪᠠᠷ ᠨᠢᠭᠡᠴᠢ ᠪᠣᠯᠭᠠᠵᠤ᠂ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠲᠣᠣᠷᠵᠢᠯ ᠤᠨ ᠵᠢᠷᠤᠭ ᠢ ᠨᠠᠷᠢᠨ ᠨᠢᠮᠪᠠᠢ ᠵᠢᠷᠤᠵᠤ᠂ ᠲᠣᠣᠷᠵᠢᠯ ᠢᠶᠠᠷ ᠠᠵᠢᠯᠴᠢᠨ ᠬᠡᠷᠡᠭᠯᠡᠬᠦ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠳᠤ ᠠᠵᠢᠯ ᠣᠯᠵᠤ ᠦᠢᠯᠡᠰ ᠪᠣᠰᠬᠠᠬᠤ᠂ ᠠᠵᠢᠯ ᠤᠨ ᠪᠠᠶᠢᠷᠢ ᠲᠠᠨᠢᠯᠴᠠᠭᠤᠯᠬᠤ ᠵᠡᠷᠭᠡ ᠬᠠᠮᠢᠶ᠎ᠠ ᠪᠦᠬᠦᠢ ᠦᠢᠯᠡᠴᠢᠯᠡᠭᠡ ᠶᠢ ᠬᠠᠩᠭᠠᠪᠠ᠃ᠣᠳᠣᠬᠠᠨ ᠳᠤ᠂ ᠨᠢᠭᠡᠨᠲᠡ ︽1+14N︾ ᠰᠦᠯᠵᠢᠶᠡᠨ ᠤ ᠪᠦᠯᠦᠭᠯᠡᠯ ᠢ ᠬᠤᠪᠢᠶᠠᠷᠢᠯᠠᠵᠤ᠂ 100 ᠭᠠᠷᠤᠢ ᠠᠵᠤ ᠠᠬᠤᠶᠢᠯᠠᠯ ᠢ ᠬᠠᠮᠤᠷᠪᠠ᠃      ︽ᠪᠢᠳᠡ ᠪᠠᠰᠠ ᠣᠯᠠᠨ ᠨᠡᠶᠢᠲᠡ ᠶᠢᠨ ᠠᠵᠢᠯ ᠣᠯᠭᠤᠯᠲᠠ ᠶᠢᠨ ︿ᠭᠤᠷᠪᠠᠨ ᠳᠡᠰ ᠤᠨ ᠲᠠᠪᠴᠠᠩ﹀ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠪᠦᠯᠦᠭᠯᠡᠯ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠳᠡᠭᠡᠳᠦ ᠰᠤᠷᠭᠠᠭᠤᠯᠢ ᠲᠡᠭᠦᠰᠦᠭᠰᠡᠳ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠠᠮᠢᠳᠤᠯᠢᠭ ᠢᠶᠠᠷ ᠠᠵᠢᠯ ᠣᠯᠣᠭᠰᠠᠳ ᠵᠡᠷᠭᠡ ᠬᠠᠮᠲᠤᠯᠢᠭ ᠤᠨ ᠦᠨᠳᠦᠰᠦᠨ ᠪᠠᠶᠢᠳᠠᠯ ᠢ ᠬᠥᠳᠡᠯᠦᠩᠭᠦᠢ ᠪᠠᠷ ᠡᠵᠡᠮᠰᠢᠵᠦ᠂ ᠦᠨᠡᠨ ᠪᠣᠳᠠᠲᠠᠢ ᠠᠵᠢᠯ ᠡᠷᠢᠬᠦ ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ ᠶᠢᠨ ᠬᠠᠮᠲᠤ ᠴᠢᠳᠠᠪᠤᠷᠢᠲᠠᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠪᠦᠷᠢᠳᠬᠡᠯ ᠤᠨ ᠬᠥᠮᠥᠷᠭᠡ ᠪᠠᠶᠢᠭᠤᠯᠵᠤ᠂ ᠴᠢᠳᠠᠪᠤᠷᠢᠲᠠᠨ ᠤ ︿ᠬᠥᠲᠥᠯᠥᠨ ᠠᠪᠴᠢᠷᠠᠬᠤ᠂ ᠬᠥᠮᠥᠵᠢᠭᠦᠯᠬᠦ᠂ ᠬᠡᠷᠡᠭᠯᠡᠬᠦ᠂ ᠬᠠᠮᠢᠶᠠᠷᠬᠤ᠂ ᠦᠢᠯᠡᠴᠢᠯᠡᠬᠦ﹀ ᠪᠥᠬᠦ ᠬᠡᠯᠬᠢᠶ᠎ᠡ ᠶᠢᠨ ᠠᠵᠢᠯ ᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ︾ ᠭᠡᠵᠡᠢ᠃ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠲᠢᠶᠠᠨ ᠮᠢᠨ ᠲᠠᠨᠢᠯᠴᠠᠭᠤᠯᠪᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1