ᠳ᠋ᠦᠩ ᠾᠧ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ
ᠨᠡᠶᠢᠲᠡᠯᠡᠭᠰᠡᠨ ᠴᠠᠭ᠄
2023/3/29
      ᠦᠨᠳᠦᠰᠦᠲᠡᠨ ᠤ ᠪᠦᠯᠬᠦᠮᠳᠡᠯ ᠤᠨ ᠲᠤᠭ ᠢ ᠢᠮᠠᠭᠲᠠ ᠥᠨᠳᠥᠷ ᠮᠠᠨᠳᠤᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠰᠢᠷᠢᠰ ᠣᠬᠤᠷ ᠹᠢᠯᠢᠮ ᠤᠨ ᠨᠢᠭᠡᠳᠦᠭᠡᠷ ᠪᠦᠯᠦᠭ︽ᠭᠡᠷᠡᠯ ᠰᠠᠴᠤᠷᠠᠩᠭᠤᠢ ᠲᠡᠦᠬᠡᠨ ᠶᠠᠪᠤᠴᠠ︾ ᠶᠢ ᠬᠠᠮᠲᠤᠪᠠᠷ ᠰᠣᠨᠢᠷᠬᠠᠪᠠ᠃      ᠺᠢᠨᠣ᠋ ᠪᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢ ᠡᠯ᠎ᠡ ᠦᠨᠳᠦᠰᠦᠲᠡᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠵᠦ᠂ ᠨᠢᠭᠡᠳᠬᠡᠬᠦ ᠶᠢ ᠣᠶᠢᠯᠠᠭᠠᠪᠠ᠃︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠰᠡᠳᠬᠢᠯ ᠢᠶᠠᠨ ᠨᠢᠭᠡᠳᠬᠡᠵᠦ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ᠪᠣᠯ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠠᠮᠢᠳᠤᠯᠢᠭ ᠵᠢᠷᠤᠭᠯᠠᠯ ᠪᠣᠯᠣᠨ᠎ᠠ᠂ ᠮᠥᠨᠴᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠢᠯᠡ ᠲᠣᠳᠣ ᠣᠨᠴᠠᠯᠢᠭ ᠪᠣᠯᠣᠨ᠎ᠠ᠃ᠵᠠᠭᠤᠨ ᠵᠢᠯ ᠤᠨ ᠲᠠᠩᠭᠢᠰ ᠳᠠᠯᠠᠢ ᠲᠠᠷᠢᠶ᠎ᠠ ᠪᠣᠯᠵᠤ᠂ ᠵᠠᠭᠤᠨ ᠵᠢᠯ ᠤᠨ ᠰᠦᠷ ᠳᠠᠯᠠᠶᠢᠴᠠ ᠲᠠᠢ᠂ ᠴᠥᠭᠡᠨ ᠲᠣᠭᠠᠲᠤ ᠦᠨᠳᠦᠰᠦᠲᠡᠨ ᠤ ᠳᠦᠷᠰᠦ ᠪᠠᠶᠢᠳᠠᠯ᠂ ᠦᠨᠳᠦᠰᠦᠲᠡᠨ ᠤ ᠭᠠᠵᠠᠷ ᠣᠷᠣᠨ ᠤ ᠳᠦᠷᠰᠦ ᠪᠠᠶᠢᠳᠠᠯ᠂ ᠦᠨᠳᠦᠰᠦᠲᠡᠨ ᠤ ᠬᠠᠷᠢᠴᠠᠭᠠᠨ ᠤ ᠳᠦᠷᠰᠦ ᠪᠠᠶᠢᠳᠠᠯ᠂ ᠳᠤᠮᠳᠠᠳᠤ ᠶᠢᠨ ᠦᠨᠳᠦᠰᠦᠲᠡᠨ ᠤ ᠳᠦᠷᠰᠦ ᠪᠠᠶᠢᠳᠠᠯ ᠳᠤ ᠴᠥᠮ ᠲᠡᠭᠷᠢ ᠭᠠᠵᠠᠷ ᠢ ᠳᠣᠩᠰᠣᠯᠭᠠᠮ᠎ᠠ ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ ᠭᠠᠷᠴᠠᠢ᠃      ᠺᠢᠨᠣ᠋ ᠶᠢ ᠦᠵᠡᠭᠰᠡᠨ ᠤ ᠲᠠᠷᠠᠭ᠎ᠠ᠂ ᠮᠠᠨ ᠤ ᠨᠠᠮ ᠤᠨ ᠬᠤᠷᠢᠶᠠᠨ ᠤ ᠪᠦᠬᠦ ᠺᠠᠳ᠋ᠷ ᠠᠵᠢᠯᠲᠠᠨ ᠠᠵᠢᠯᠴᠢᠨ ᠬᠠᠷᠢᠯᠴᠠᠨ ᠣᠶᠢᠯᠠᠭᠠᠯᠴᠠᠵᠤ ᠲᠥᠷᠥᠭᠳᠡᠯ ᠢᠶᠠᠨ ᠰᠣᠯᠢᠯᠴᠠᠬᠤ ᠶᠢᠨ ᠬᠠᠮᠲᠤ ᠨᠠᠮ ᠤᠨ ᠲᠥᠪ ᠬᠤᠷᠢᠶᠠᠨ ᠠᠴᠠ ᠦᠨᠳᠦᠰᠦᠲᠡᠨ ᠤ ᠭᠠᠵᠠᠷ ᠣᠷᠣᠨ ᠢ ᠶᠡᠬᠡᠪᠡᠷ ᠳᠡᠮᠵᠢᠭᠰᠡᠨ ᠵᠢᠴᠢ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠣᠲᠣᠨᠣ ᠪᠠᠷ ᠬᠠᠯᠠᠮᠵᠢᠯᠠᠭᠰᠠᠨ ᠢ ᠭᠦᠨᠵᠡᠭᠡᠢ ᠣᠶᠢᠯᠠᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠥᠮᠥᠰ ᠤᠨ ᠰᠡᠳᠬᠢᠯ ᠬᠤᠷᠠᠨ ᠴᠤᠭᠯᠠᠷᠠᠵᠤ᠂ ᠤᠶᠤᠨ ᠰᠠᠨᠠᠭ᠎ᠠ ᠬᠠᠷᠢᠯᠴᠠᠨ ᠲᠦᠰᠢᠭᠯᠡᠯᠴᠡᠵᠦ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠶᠢ ᠨᠢᠭᠲᠠᠷᠠᠭᠤᠯᠵᠠᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1