ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠴᠠᠭ ᠦᠶ᠎ᠡ ᠶᠢᠨ ᠵᠠᠯᠭᠠᠮᠵᠢᠯᠠᠭᠴᠢ ᠪᠣᠯᠣᠶ᠎ᠠ
ᠨᠡᠶᠢᠲᠡᠯᠡᠭᠰᠡᠨ ᠴᠠᠭ᠄
2023/3/29
      ᠪᠦᠬᠦ ᠤᠯᠤᠰ ᠤᠨ︽ᠬᠤᠶᠠᠷ ᠬᠤᠷᠠᠯ︾ ᠤᠨ ᠵᠣᠷᠢᠭ ᠰᠠᠨᠠᠭ᠎ᠠ ᠣᠨᠴᠠᠭᠠᠶᠢᠯᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠦᠢᠯᠡᠴᠢᠯᠡᠭᠴᠢ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃3 ᠰᠠᠷ᠎ᠠ ᠶᠢᠨ 24 ᠋ ᠤ ᠡᠳᠦᠷ᠂ ᠡᡁᠸ ᠳ᠋ᠦᠩ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠺᠠᠳ᠋ᠷ᠂ ᠤᠯᠠᠨ ᠲᠦᠮᠡᠨ ᠢ ᠵᠣᠬᠢᠶᠠᠨ ᠪᠠᠶᠢᠭᠤᠯᠵᠤ ᠬᠤᠶᠠᠳᠤᠭᠠᠷ ᠳᠠᠪᠬᠤᠷᠯᠢᠭ ᠤᠨ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠭᠡᠷ ᠲᠤ︽ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠴᠠᠭ ᠦᠶ᠎ᠡ ᠶᠢᠨ ᠵᠠᠯᠭᠠᠮᠵᠢᠯᠠᠭᠴᠢ ᠪᠣᠯᠬᠤ︾ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃
     ᠦᠳᠡ ᠶᠢᠨ ᠡᠮᠦᠨᠡᠬᠢ ᠶᠢᠰᠦᠨ ᠴᠠᠭ ᠲᠤ᠂ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠵᠠᠩ ᠮᠢᠨ ᠲᠤᠰ ᠤᠳᠠᠭ᠎ᠠ ᠶᠢᠨ ᠠᠵᠢᠯᠯᠠᠭ᠎ᠠ ᠳᠤ ᠡᠬᠢᠯᠡᠯᠲᠡ ᠶᠢᠨ ᠦᠭᠡ ᠬᠡᠯᠡᠵᠦ᠂ ᠬᠤᠷᠠᠯ ᠳᠡᠭᠡᠷ᠎ᠡ ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ PPT ᠬᠡᠯᠪᠡᠷᠢ ᠪᠠᠷ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠵᠢᠷᠤᠭ ᠪᠢᠴᠢᠭ ᠢ ᠬᠤᠣᠰᠯᠠᠭᠤᠯᠤᠨ ᠪᠦᠬᠦ ᠤᠯᠤᠰ ᠤᠨ︽ᠬᠤᠶᠠᠷ ᠬᠤᠷᠠᠯ︾ ᠤᠨ ᠵᠣᠷᠢᠭ ᠰᠠᠨᠠᠭᠠᠨ ᠤ ᠠᠭᠤᠯᠬᠤᠨ ᠢ ᠤᠯᠠᠮᠵᠢᠯᠠᠵᠤ᠂ ᠬᠥᠮᠥᠰ ᠢ ᠭᠦᠨ ᠰᠡᠳᠬᠢᠭᠦᠯᠵᠦ᠂ ᠬᠥᠮᠥᠰ ᠢ ᠵᠣᠷᠢᠭᠵᠢᠭᠤᠯᠤᠨ᠎ᠠ᠃ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠳᠤ ᠪᠦᠬᠦ ᠺᠠᠳ᠋ᠷ᠂ ᠤᠯᠠᠨ ᠲᠦᠮᠡᠨ ᠢ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠴᠢᠬᠤᠯᠠ ᠠᠭᠤᠯᠭ᠎ᠠ ᠶᠢ ᠦᠨᠡᠨᠬᠦ ᠣᠶᠢᠯᠠᠭᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠥᠪᠡᠷ ᠤᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠤᠷᠢᠶᠠᠯᠠᠪᠠ᠃
     ᠪᠦᠬᠦ ᠤᠯᠤᠰ ᠤᠨ︽ᠬᠤᠶᠠᠷ ᠬᠤᠷᠠᠯ︾ ᠬᠤᠷᠠᠯᠳᠤᠭᠰᠠᠨ ᠠᠴᠠ ᠨᠠᠰᠢ᠂ ᠡᡁᠸ ᠳ᠋ᠦᠩ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠪᠦᠬᠦ ᠤᠯᠤᠰ ᠤᠨ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠨᠠᠶᠢᠳᠠᠪᠤᠷᠢᠵᠢᠭᠤᠯᠬᠤ᠂ ᠰᠠᠶᠢᠲᠤᠷ ᠬᠤᠪᠢᠷᠠᠭᠤᠯᠬᠤ ᠶᠢ ᠣᠳᠣᠬᠠᠨ ᠤ ᠡᠭᠦᠷᠭᠡ ᠪᠣᠯᠭᠠᠨ ᠠᠳᠬᠤᠵᠤ᠂ ︽ᠰᠤᠷᠤᠯᠴᠠᠨ ᠣᠶᠢᠯᠠᠭᠠᠬᠤ᠂ ᠨᠡᠪᠲᠡᠷᠬᠡᠢ ᠣᠶᠢᠯᠠᠭᠠᠬᠤ᠂ ᠪᠣᠳᠠᠲᠠᠶᠢᠵᠢᠭᠤᠯᠬᠤ︾ᠭᠤᠷᠪᠠᠨ ᠲᠠᠯ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠬᠦᠴᠦ ᠲᠠᠯᠪᠢᠵᠤ᠂ ᠪᠦᠬᠦ ᠤᠯᠤᠰ ᠤᠨ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠪᠤᠢ ᠪᠣᠯᠭᠠᠵᠤ᠂ ᠨᠠᠮ ᠤᠨ ᠵᠣᠷᠢᠯᠲᠠ᠂ ᠨᠠᠮ ᠤᠨ ᠳᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠤᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1