ᠳ᠋ᠦᠩ ᠾᠧ ᠶᠢᠨ ᠳᠣᠲᠣᠭᠠᠳᠤ ᠶᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/31
      2023 ᠣᠨ ᠤ 3 ᠰᠠᠷ᠎ᠠ ᠶᠢᠨ 22 ᠤᠨ ᠦᠳᠡ ᠶᠢᠨ ᠬᠤᠶᠢᠨᠠᠬᠢ 14 ᠴᠠᠭ 30 ᠮᠢᠨᠦ᠋ᠲ ᠲᠤ᠂ ᠪᠤᠭᠤᠲᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠲᠣᠭᠤᠷᠢᠨ ᠴᠠᠭᠳᠠᠬᠤ ᠴᠠᠭᠳᠠᠭ᠎ᠠ ᠶᠢᠨ ᠶᠡᠭᠡ ᠠᠩᠭᠢ ᠶᠢᠨ ᠨᠠᠮ ᠤᠨ ᠡᠭᠦᠷ︽ᠥᠴᠥᠭᠡᠳᠦᠷ ᠤᠨ ᠭᠠᠰᠠᠯᠠᠩ ᠵᠣᠪᠠᠯᠠᠩ ᠭᠡᠷᠡᠯ ᠰᠠᠴᠤᠷᠠᠩᠭᠤᠢ ᠠᠮᠵᠢᠯᠲᠠ ᠶᠢ ᠦᠯᠦ ᠮᠠᠷᠲᠠᠬᠤ᠂ ᠥᠨᠥᠳᠥᠷ ᠤᠨ ᠡᠭᠦᠷᠭᠡ ᠬᠠᠷᠢᠭᠤᠴᠠᠯᠭ᠎ᠠ ᠪᠠᠨ ᠦᠯᠦ ᠬᠥᠰᠡᠷᠳᠡᠭᠦᠯᠬᠦ᠂ ᠮᠠᠷᠭᠠᠰᠢ ᠶᠢᠨ ᠠᠭᠤᠤ ᠶᠡᠭᠡ ᠰᠡᠷᠭᠦᠨ ᠮᠠᠨᠳᠤᠯᠲᠠ ᠶᠢ ᠦᠯᠦ ᠬᠥᠰᠡᠷᠳᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃︽ᠥᠴᠥᠭᠡᠳᠦᠷ ᠢᠶᠠᠨ ᠡᠷᠭᠢᠴᠡᠭᠦᠯᠵᠦ᠂ ᠥᠨᠥᠳᠥᠷ ᠢᠶᠠᠨ ᠰᠠᠶᠢᠲᠤᠷ ᠠᠵᠢᠯᠯᠠᠵᠤ᠂ ᠮᠠᠷᠭᠠᠰᠢ ᠪᠠᠨ ᠪᠠᠷᠠᠯᠠᠬᠤ︾ ᠪᠠᠷ ᠳᠠᠮᠵᠢᠭᠤᠯᠵᠤ᠂ ᠰᠤᠷᠭᠠᠨ ᠬᠥᠮᠦᠵᠢᠯ ᠤᠨ ᠡᠩᠨᠡᠭᠡ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ᠨᠠᠮ ᠤᠨ ᠡᠭᠦᠷ ᠴᠢᠬᠤᠯᠠᠴᠢᠯᠠᠨ ᠦᠵᠡᠵᠦ᠂ ᠱᠦᠵᠢ ᠭᠤᠣᠯᠯᠠᠨ ᠠᠳᠬᠤᠵᠤ᠂ ᠣᠯᠠᠨ ᠲᠠᠯ᠎ᠠ ᠪᠠᠷ ᠵᠣᠬᠢᠴᠠᠭᠤᠯᠵᠤ᠂ ᠪᠡᠯᠡᠳᠬᠡᠯ ᠭᠦᠢᠴᠡᠳ      ᠠᠵᠢᠯᠯᠠᠭ᠎ᠠ ᠶᠢᠨ ᠡᠬᠢᠨ ᠤ ᠬᠤᠭᠤᠴᠠᠭᠠᠨ ᠳᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠᠭᠠᠢ ᠲᠣᠭᠤᠷᠢᠨ ᠴᠠᠭᠳᠠᠬᠤ ᠴᠠᠭᠳᠠᠭ᠎ᠠ ᠶᠢᠨ ᠶᠡᠭᠡ ᠠᠩᠭᠢ ᠶᠢᠨ ᠨᠠᠮ ᠤᠨ ᠡᠭᠦᠷ ᠨᠠᠷᠢᠨ ᠨᠢᠮᠪᠠᠢ ᠲᠥᠯᠥᠪᠵᠢᠭᠦᠯᠵᠦ᠂ ᠨᠠᠮ ᠤᠨ ᠡᠭᠦᠷ ᠤᠨ ᠱᠦᠵᠢ ᠵᠠᠩ ᠸᠧᠢ︽ᠪᠤᠭᠤᠲᠤ ᠬᠤᠳᠠ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ︾᠂︽ᠪᠤᠭᠤᠲᠤ ᠬᠤᠳᠠ ᠶᠢᠨ ᠬᠤᠳᠠ ᠶᠢᠨ ᠲᠥᠯᠦᠪᠵᠢᠭᠦᠯᠭᠡ ᠶᠢᠨ ᠦᠵᠡᠰᠬᠦᠯᠡᠩ ᠤᠨ ᠣᠷᠳᠣᠨ︾ ᠲᠠᠢ ᠤᠯᠠᠨ ᠤᠳᠠᠭ᠎ᠠ ᠵᠣᠯᠭᠠᠭᠤᠯᠤᠨ ᠲᠣᠭᠤᠷᠢᠨ ᠦᠵᠡᠵᠦ᠂ ᠨᠠᠮ ᠤᠨ ᠡᠭᠦᠷ ᠤᠨ ᠭᠡᠰᠢᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠥᠯᠥᠪᠯᠡᠭᠡ ᠲᠣᠭᠲᠠᠭᠠᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠠᠢ᠃ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠲᠣᠭᠤᠷᠢᠨ ᠦᠵᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠬᠦᠯᠢᠶᠠᠨ ᠠᠪᠬᠤ      ᠬᠤᠳᠠ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠶᠡᠭᠡ ᠠᠩᠭᠢ ᠶᠢᠨ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠨᠠᠮ ᠤᠨ ᠲᠡᠦᠬᠡ ᠶᠢᠨ ᠦᠵᠡᠭᠦᠯᠦᠯᠭᠡ ᠶᠢᠨ ᠲᠢᠩᠬᠢᠮ ᠪᠣᠯᠣᠨ ᠲᠤᠯᠭᠤᠷ ᠪᠢᠴᠢᠭ ᠤᠨ ᠲᠢᠩᠬᠢᠮ ᠢ ᠲᠣᠭᠤᠷᠢᠨ ᠦᠵᠡᠪᠡ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ︽ᠤᠯᠠᠭᠠᠨ ᠣᠩᠭᠤᠴᠠᠨ ᠤ ᠵᠣᠷᠢᠭ ᠰᠠᠨᠠᠭ᠎ᠠ︾ ᠶᠢ ᠪᠠᠳᠠᠷᠠᠭᠤᠯᠤᠭᠰᠠᠨ ᠲᠡᠮᠡᠴᠡᠯ ᠤᠨ ᠲᠡᠦᠬᠡ ᠳᠤ᠂ ᠵᠠᠭᠤᠨ ᠵᠢᠯ ᠤᠨ ᠡᠮᠦᠨᠡᠬᠢ ᠳᠤᠮᠳᠠᠳᠤ ᠤᠯᠤᠰ ᠤᠨ ᠡᠪ ᠬᠠᠮᠲᠤ ᠨᠠᠮ ᠬᠡᠳᠦᠨ ᠠᠷᠪᠠᠭ᠋ᠠᠨ ᠬᠥᠮᠥᠨ ᠲᠠᠢ ᠪᠠᠶᠢᠭᠰᠠᠨ ᠠᠴᠠ ᠪᠠᠨ ᠤᠳᠤ ᠨᠢᠭᠡᠨᠲᠡ 9600 ᠭᠠᠷᠤᠢ ᠲᠦᠮᠡᠨ ᠨᠠᠮ ᠤᠨ ᠭᠡᠰᠢᠭᠦᠨ ᠲᠠᠢ ᠪᠣᠯᠵᠠᠢ᠃ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ᠂ ᠨᠡᠶᠢᠭᠡᠮ ᠵᠢᠷᠤᠮ ᠤᠨ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ᠂ ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠪᠤᠭᠤᠲᠤ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠪᠢᠰᠬᠠᠯ᠂ ᠥᠭᠡᠷᠡᠴᠢᠯᠡᠯᠲᠡ ᠨᠡᠭᠡᠭᠡᠯᠲᠡ ᠶᠢᠨ ᠭᠡᠷᠡᠯ ᠰᠠᠴᠤᠷᠠᠩᠭᠤᠢ ᠥᠩᠭᠡᠷᠡᠯᠲᠡ ᠶᠢ ᠡᠷᠭᠢᠴᠡᠭᠦᠯᠪᠡ᠂ ᠡᠨᠡᠬᠦ ᠬᠤᠭᠤᠴᠠᠭᠠᠨ ᠳᠤ᠂ ᠪᠦᠬᠦ ᠠᠷᠠᠳ ᠤᠨ ᠲᠤᠰᠠᠯᠠᠬᠤ ᠴᠠᠭᠳᠠᠭ᠎ᠠ ᠨᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠴᠠᠭ ᠦᠶ᠎ᠡ ᠳᠤ ᠬᠡᠪᠯᠡᠭᠰᠡᠨ 300 ᠭᠠᠷᠤᠢ ᠬᠤᠪᠣᠷ ᠨᠠᠨᠳᠢᠨ ᠨᠣᠮ ᠪᠢᠴᠢᠭ᠂ ᠡᠳ᠋ ᠪᠣᠳᠠᠰ ᠢ ᠪᠠᠷᠠᠳᠠᠪᠠ᠃ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠨ᠎ᠠ      ᠠᠵᠢᠯᠯᠠᠭ᠎ᠠ ᠶᠢᠨ ᠳᠤᠮᠳᠠ᠂ ᠰᠦᠷᠳᠡᠭᠦᠯᠦᠯ ᠢ ᠡᠰᠡᠷᠭᠦᠴᠡᠬᠦ ᠪᠠ ᠣᠨᠴᠠᠭᠠᠢ ᠲᠣᠭᠤᠷᠢᠨ ᠴᠠᠭᠳᠠᠬᠤ ᠴᠠᠭᠳᠠᠭ᠎ᠠ ᠶᠢᠨ ᠶᠡᠭᠡ ᠠᠩᠭᠢ ᠶᠢᠨ ᠨᠠᠮ ᠤᠨ ᠡᠭᠦᠷ ᠤᠨ ᠱᠦᠵᠢ ᠵᠠᠩ ᠸᠧᠢ ᠪᠦᠬᠦ ᠨᠠᠮ ᠤᠨ ᠭᠡᠰᠢᠭᠦᠨ ᠢ ᠳᠠᠭᠠᠭᠤᠯᠤᠨ᠂ ᠨᠠᠮ ᠤᠨ ᠲᠤᠭ ᠲᠤ ᠬᠠᠨᠳᠤᠵᠤ᠂ ᠪᠠᠷᠠᠭᠤᠨ ᠤ ᠨᠢᠳᠤᠷᠭ᠎ᠠ ᠪᠠᠨ ᠥᠨᠳᠥᠷ ᠡᠷᠭᠦᠵᠦ᠂ ᠲᠥᠪ ᠴᠢᠩᠭ᠎ᠠ ᠪᠠᠷ ᠲᠠᠩᠭᠠᠷᠢᠭᠯᠠᠵᠤ᠂ ᠴᠢᠩᠭ᠎ᠠ ᠬᠦᠴᠦᠲᠡᠢ ᠲᠠᠭᠤᠨ ᠢᠶᠠᠷ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠲᠠᠬᠢᠨ ᠡᠷᠭᠢᠴᠡᠭᠦᠯᠵᠦ᠂︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠵᠦ᠂ ᠨᠠᠮ ᠤᠨ ᠳᠦᠷᠢᠮ ᠢ ᠵᠢᠷᠤᠮᠯᠠᠵᠤ᠂ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠬᠡᠨ᠎ᠡ ᠁︾᠃ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠪᠠ ᠡᠪ ᠬᠠᠮᠲᠤ ᠶᠣᠰᠣᠨ ᠤ ᠲᠥᠯᠥᠭᠡ ᠨᠠᠰᠤ ᠪᠠᠷ ᠢᠶᠠᠨ ᠲᠡᠮᠡᠴᠡᠬᠦ ᠡᠷᠡᠰ ᠪᠠᠲᠤ ᠵᠣᠷᠢᠭ ᠢᠶᠠᠨ ᠢᠯᠡᠳᠬᠡᠵᠡᠢ᠃ᠨᠠᠮ ᠤᠨ ᠳᠦᠷᠢᠮ ᠤᠨ ᠰᠤᠷᠭᠠᠭᠤᠯᠢ ᠳᠤ ᠣᠷᠣᠵᠤ᠂ ᠲᠤᠯᠭᠤᠷ ᠵᠣᠷᠢᠯᠲᠠ ᠶᠢᠨ ᠠᠶᠠᠯᠠᠯ ᠢᠶᠠᠨ ᠡᠬᠢᠯᠡᠭᠦᠯᠦᠶ᠎ᠡ      ᠠᠷᠠᠳ ᠤᠨ ᠲᠤᠰᠠᠯᠠᠬᠤ ᠴᠠᠭᠳᠠᠭ᠎ᠠ ᠶᠢᠨ ᠪᠦᠬᠦ ᠴᠠᠭᠳᠠᠭ᠎ᠠ ᠨᠠᠮ ᠤᠨ ᠳᠦᠷᠢᠮ ᠤᠨ ᠰᠤᠷᠭᠠᠭᠤᠯᠢ ᠳᠤ ᠬᠦᠷᠴᠦ᠂ ᠨᠠᠮ ᠤᠨ ᠲᠡᠦᠬᠡ ᠶᠢᠨ ᠮᠡᠳᠡᠯᠭᠡ ᠶᠢ ᠬᠠᠷᠢᠯᠴᠠᠨ ᠦᠢᠯᠡᠳᠦᠯᠴᠡᠵᠦ ᠰᠡᠳᠦᠪ ᠬᠠᠷᠢᠭᠤᠯᠬᠤ ᠶᠢ ᠥᠷᠨᠢᠭᠦᠯᠪᠡ᠃ᠦᠢᠯᠡᠳᠦᠯᠴᠡᠨ ᠬᠠᠷᠢᠭᠤᠯᠬᠤ ᠰᠡᠳᠦᠪ ᠤᠨ ᠠᠭᠤᠯᠭ᠎ᠠ ᠡᠯᠪᠡᠭ ᠪᠠᠶᠠᠯᠢᠭ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠶᠡᠭᠡ ᠲᠡᠦᠬᠡ᠂ ᠴᠢᠭᠯᠡᠯᠲᠡ ᠲᠦᠷᠦ ᠶᠢᠨ ᠪᠣᠳᠣᠯᠭ᠎ᠠ ᠵᠢᠴᠢ ᠠᠯᠢ ᠤᠯᠠᠨ ᠤᠨᠤᠯ ᠢ ᠬᠠᠮᠤᠷᠴᠤ᠂ ᠨᠠᠮ ᠤᠨ ᠴᠥᠬᠦᠷᠡᠰᠢ ᠦᠭᠡᠢ ᠲᠡᠮᠡᠴᠡᠯ ᠤᠨ ᠲᠡᠦᠬᠡ᠂ ᠤᠨᠤᠯ ᠤᠨ ᠰᠢᠨ᠎ᠡ ᠡᠭᠦᠳᠦᠯᠲᠡ ᠶᠢᠨ ᠲᠡᠦᠬᠡ᠂ ᠲᠤᠰ ᠪᠡᠶ᠎ᠡ ᠶᠢᠨ ᠪᠠᠶᠢᠭᠤᠯᠤᠯᠲᠠ ᠶᠢᠨ ᠲᠡᠦᠬᠡ ᠵᠡᠷᠭᠡ ᠠᠭᠤᠯᠭ᠎ᠠ ᠶᠢ ᠲᠤᠪᠤᠶᠢᠯᠭᠠᠪᠠ᠃ᠦᠢᠯᠡᠳᠦᠯᠴᠡᠨ ᠰᠡᠳᠦᠪ ᠬᠠᠷᠢᠭᠤᠯᠬᠤ ᠶᠠᠪᠤᠴᠠ ᠳᠤ᠂ ᠠᠷᠠᠳ ᠠᠴᠠ ᠲᠤᠰᠠᠯᠠᠬᠤ ᠴᠠᠭᠳᠠᠭ᠎ᠠ ᠨᠢᠭᠡᠪᠦᠷᠢ ᠴᠥᠮ ᠢᠳᠡᠪᠬᠢᠲᠡᠢ ᠰᠡᠳᠬᠢᠵᠦ᠂ ᠪᠦᠬᠦ ᠠᠷᠠᠳ ᠠᠴᠠ ᠲᠤᠰᠠᠯᠠᠬᠤ ᠴᠠᠭᠳᠠᠭ᠎ᠠ ᠶᠢᠨ ᠨᠠᠮ ᠤᠨ ᠲᠡᠦᠬᠡ ᠶᠢ ᠰᠤᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠵᠦ᠂ ᠤᠨᠤᠯ ᠰᠤᠷᠤᠯᠴᠠᠬᠤ᠂ ᠤᠨᠤᠯ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠮᠴᠢ ᠴᠢᠨᠠᠷ ᠤᠨ ᠪᠣᠯᠪᠠᠰᠤᠷᠠᠯ ᠵᠢᠴᠢ ᠰᠢᠨ᠎ᠡ ᠴᠠᠭ ᠦᠶ᠎ᠡ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠵᠠᠢ᠃ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠣᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠪᠠ      ᠨᠠᠮ ᠤᠨ ᠡᠭᠦᠷ ᠤᠨ ᠱᠦᠵᠢ ᠵᠠᠩ ᠸᠧᠢ ᠤᠯᠠᠭᠠᠨ ᠣᠩᠭᠤᠴᠠᠨ ᠤ ᠵᠣᠷᠢᠭ ᠰᠠᠨᠠᠭ᠎ᠠ ᠠᠴᠠ ᠡᠬᠢᠯᠡᠵᠦ ᠶᠠᠷᠢᠬᠤ ᠳᠠᠭᠠᠨ᠂ ᠽᠦᠨᠶ᠋ᠢ ᠶᠢᠨ ᠬᠤᠷᠠᠯᠳᠤᠭᠠᠨ ᠤ ᠵᠣᠷᠢᠭ ᠰᠠᠨᠠᠭ᠎ᠠ᠂ ᠶᠠᠨ ᠠᠨ ᠤ ᠵᠣᠷᠢᠭ ᠰᠠᠨᠠᠭ᠎ᠠ ᠵᠡᠷᠭᠡ ᠠᠭᠤᠤ ᠶᠡᠭᠡ ᠵᠣᠷᠢᠭ ᠰᠠᠨᠠᠭ᠎ᠠ᠂ ᠠᠷᠠᠳ ᠤᠨ ᠲᠤᠰᠠᠯᠠᠬᠤ ᠴᠠᠭᠳᠠᠭ᠎ᠠ ᠨᠠᠷ ᠲᠤ ᠳᠡᠭᠡᠷᠡᠬᠢ ᠵᠣᠷᠢᠭ ᠰᠠᠨᠠᠭ᠎ᠠ ᠨᠢ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠢ ᠪᠤᠶ ᠪᠣᠯᠭᠠᠭᠰᠠᠨ ᠭᠡᠳᠡᠭ ᠢ ᠭᠦᠨᠵᠡᠭᠡᠢ ᠣᠶᠢᠯᠠᠭᠠᠭᠤᠯᠵᠤ᠂ ᠡᠳᠡᠭᠡᠷ ᠠᠯᠢ ᠣᠯᠠᠨ ᠠᠭᠤᠤ ᠶᠡᠭᠡ ᠵᠣᠷᠢᠭ ᠰᠠᠨᠠᠭ᠎ᠠ ᠨᠢ ᠨᠠᠮ ᠠᠴᠠ ᠠᠷᠠᠳ ᠣᠯᠠᠨ ᠢ ᠤᠳᠤᠷᠢᠳᠤᠨ ᠬᠤᠪᠢᠰᠬᠠᠯ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠢᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠳᠤ ᠲᠤᠤᠱᠯᠠᠭᠳᠠᠵᠤ᠂ ᠣᠨᠴᠠᠭᠠᠶ ᠲᠡᠦᠬᠡᠨ ᠴᠠᠭ ᠦᠶ᠎ᠡ᠂ ᠣᠨᠴᠠᠭᠠᠶ ᠲᠡᠦᠬᠡᠨ ᠣᠷᠴᠢᠨ ᠲᠣᠭᠤᠷᠢᠨ ᠳᠤ ᠪᠦᠷᠢᠯᠳᠦᠭᠰᠡᠨ ᠠᠯᠢ ᠣᠯᠠᠨ ᠰᠢᠯᠢᠳᠡᠭ ᠤᠯᠠᠮᠵᠢᠯᠠᠯ ᠪᠠ ᠬᠤᠪᠢᠰᠬᠠᠯ ᠤᠨ ᠬᠡᠪ ᠨᠠᠮᠪᠠ ᠪᠣᠯᠣᠨ᠎ᠠ᠂ ᠲᠡᠳᠡᠭᠡᠷ ᠲᠤ ᠥᠪᠡᠷ ᠥᠪᠡᠷ ᠤᠨ ᠤᠳᠬ᠎ᠠ ᠠᠭᠤᠯᠭ᠎ᠠ ᠲᠠᠢ᠂ ᠣᠨᠴᠠ ᠴᠢᠨᠠᠷ ᠢᠶᠠᠷ ᠢᠯᠡ ᠲᠣᠳᠣ ᠥᠪᠡᠷᠮᠢᠴᠡ ᠣᠨᠴᠠᠯᠢᠭ ᠲᠠᠢ ᠪᠥᠭᠡᠳ ᠬᠠᠷᠢᠯᠴᠠᠨ ᠠᠭᠤᠰᠤᠯᠴᠠᠨ ᠨᠡᠪᠲᠡᠷᠡᠯᠴᠡᠬᠦ᠂ ᠤᠳᠤᠮ ᠤᠯᠠᠮᠵᠢᠯᠠᠯ ᠨᠢᠭᠡᠲᠡᠢ ᠬᠤᠪᠢᠰᠬᠠᠯᠲᠤ ᠭᠦ᠋ᠨ ᠲᠠᠢ ᠪᠠᠶᠢᠵᠤ᠂ ᠳᠤᠮᠳᠠᠳᠤ ᠤᠯᠤᠰ ᠤᠨ ᠡᠪ ᠬᠠᠮᠲᠤᠴᠤᠳ ᠤᠨ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠪᠠᠲᠤ ᠴᠢᠩᠭ᠎ᠠ ᠤᠯᠤᠰ ᠢᠶᠠᠨ ᠬᠠᠶᠢᠷᠠᠯᠠᠬᠤ ᠰᠡᠳᠬᠢᠯᠭᠡ᠂ ᠭᠤᠶᠠᠴᠢ ᠦᠭᠡᠢ ᠭᠤᠶᠠᠴᠢ ᠦᠭᠡᠢ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ᠂ ᠡᠷᠡᠰ ᠬᠠᠲᠠᠭᠤ ᠵᠣᠷᠢᠭ ᠰᠠᠨᠠᠭ᠎ᠠ ᠵᠠᠩ ᠴᠢᠨᠠᠷ ᠢ ᠲᠥᠪᠯᠡᠷᠡᠩᠭᠦᠢ ᠪᠠᠷ ᠢᠯᠡᠷᠡᠭᠦᠯᠦᠭᠰᠡᠨ ᠪᠠᠶᠢᠨ᠎ᠠ᠃ ᠡᠨᠡ ᠨᠢ ᠳᠤᠮᠳᠠᠳᠤ ᠤᠯᠤᠰ ᠤᠨ ᠡᠪ ᠬᠠᠮᠲᠤᠴᠤᠳ ᠤᠨ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠪᠠᠲᠤ ᠴᠢᠩᠭ᠎ᠠ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ᠂ ᠭᠤᠶᠠᠴᠢ ᠦᠭᠡᠢ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ᠂ ᠡᠷᠡᠰ ᠬᠠᠲᠠᠭᠤ ᠵᠣᠷᠢᠭ ᠰᠠᠨᠠᠭ᠎ᠠ ᠵᠠᠩ ᠴᠢᠨᠠᠷ ᠢ ᠲᠥᠪᠯᠡᠷᠡᠩᠭᠦᠢ ᠬᠠᠷᠠᠭᠤᠯᠵᠤ ᠪᠠᠶᠢᠭ᠎ᠠ ᠶᠤᠮ᠃ᠵᠠᠩ ᠸᠧᠢ ᠱᠦᠵᠢ ᠶᠢᠨ ᠤᠭ ᠵᠣᠬᠢᠶᠠᠯ ᠳᠤ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠬᠥᠰᠢᠶᠡᠨ ᠤ ᠪᠢᠴᠢᠭᠡᠰᠦ ᠶᠢ ᠲᠣᠳᠣᠷᠬᠠᠶᠢᠯᠠᠨ ᠥᠭᠦᠯᠡᠵᠦ᠂ ᠤᠯᠠᠨ ᠢᠶᠠᠷ ᠢᠶᠠᠨ ᠥᠴᠥᠭᠡᠳᠦᠷ ᠤᠨ ᠭᠠᠰᠠᠯᠠᠩ ᠵᠣᠪᠠᠯᠠᠩ ᠭᠡᠷᠡᠯ ᠰᠠᠴᠤᠷᠠᠩᠭᠤᠢ ᠠᠮᠵᠢᠯᠲᠠ ᠶᠢ ᠮᠠᠷᠲᠠᠵᠤ ᠪᠣᠯᠬᠤ ᠦᠭᠡᠢ᠂ ᠥᠨᠥᠳᠥᠷ ᠤᠨ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠵᠡᠭᠦᠳᠦ ᠳᠡᠭᠡᠨ ᠣᠰᠣᠯᠳᠠᠬᠤ ᠦᠭᠡᠢ ᠪᠠᠶᠢᠬᠤ ᠶᠢ ᠬᠥᠲᠥᠯᠥᠨ ᠵᠢᠯᠣᠭᠤᠳᠪᠠ᠃ᠲᠥᠯᠦᠪᠵᠢᠭᠦᠯᠭᠡ ᠶᠢᠨ ᠦᠵᠡᠰᠬᠦᠯᠡᠩ ᠤᠨ ᠣᠷᠳᠣᠨ ᠳᠤ ᠣᠷᠣᠵᠤ᠂ ᠬᠤᠲᠠ ᠶᠢᠨ ᠬᠥᠭᠵᠢᠯᠲᠡ ᠶᠢᠨ ᠢᠷᠡᠭᠡᠳᠦᠢ ᠶᠢ ᠪᠠᠷᠠᠯᠠᠶ᠎ᠠ      ᠪᠤᠭᠤᠲᠤ ᠬᠤᠲᠠ ᠶᠢᠨ ᠬᠤᠲᠠ ᠶᠢᠨ ᠲᠥᠯᠦᠪᠵᠢᠭᠦᠯᠭᠡ ᠶᠢᠨ ᠦᠵᠡᠰᠬᠦᠯᠡᠩ ᠤᠨ ᠣᠷᠳᠣᠨ ᠳᠤ᠂ ᠲᠣᠭᠠᠴᠢᠯᠠᠭᠰᠠᠨ ᠡᠯᠡᠰᠦᠨ ᠴᠠᠷ᠎ᠠ᠂ 3D ᠺᠢᠨᠣ᠋ ᠶᠢᠨ ᠣᠷᠳᠣᠨ᠂ ᠺᠠᠷᠲ᠋ᠣᠨ ᠵᠢᠷᠤᠭ ᠤᠨ ᠮᠡᠷᠭᠡᠵᠢᠯ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ ᠪᠠᠷ ᠪᠤᠭᠤᠲᠤ ᠶᠢᠨ ᠰᠢᠨ᠎ᠡ ᠴᠢᠯᠠᠭᠤᠨ ᠵᠡᠪᠰᠡᠭ ᠤᠨ ᠦᠶ᠎ᠡ ᠠᠴᠠ ᠴᠢᠯᠦᠭᠡᠯᠡᠭᠳᠡᠬᠦ ᠠᠴᠠ ᠡᠮᠦᠨᠡᠬᠢ ᠠᠤᠭ᠎ᠠ ᠰᠦᠷᠯᠢᠭ ᠵᠢᠷᠤᠭ ᠢ ᠠᠮᠢᠳᠤᠯᠢᠭ ᠢᠶᠠᠷ ᠢᠯᠡᠷᠡᠭᠦᠯᠪᠡ᠃ ᠪᠤᠭᠤᠲᠤ ᠶᠢᠨ ᠬᠥᠮᠥᠨ ᠨᠡᠶᠢᠭᠡᠮ ᠤᠨ ᠭᠠᠵᠠᠷ ᠵᠦᠢ᠂ ᠠᠵᠤ ᠠᠬᠤᠢ ᠶᠢᠨ ᠬᠥᠭᠵᠢᠯᠲᠡ ᠶᠢᠨ ᠲᠣᠶᠢᠮᠣ ᠪᠠᠶᠢᠳᠠᠯ ᠢ ᠭᠦᠢᠴᠡᠳ ᠢᠯᠡᠷᠡᠭᠦᠯᠵᠦ᠂ ᠪᠤᠭᠤᠲᠤ ᠶᠢᠨ ᠡᠯ᠎ᠡ ᠲᠦᠷᠦᠯ ᠤᠨ ᠲᠤᠰᠬᠠᠢ ᠲᠦᠷᠦᠯ ᠤᠨ ᠲᠥᠯᠦᠪᠵᠢᠭᠦᠯᠭᠡ ᠵᠢᠴᠢ ᠭᠤᠣᠯᠳᠠᠯᠭ᠎ᠠ ᠲᠠᠢ ᠣᠷᠣᠨ ᠪᠦᠰᠡ ᠶᠢᠨ ᠬᠤᠳᠠ ᠶᠢᠨ ᠵᠢᠷᠤᠭ ᠲᠥᠯᠥᠪᠯᠡᠭᠡ ᠶᠢ ᠳᠡᠯᠭᠡᠨ ᠦᠵᠡᠭᠦᠯᠵᠦ᠂ ᠪᠤᠭᠤᠲᠤ ᠬᠤᠳᠠ ᠶᠢᠨ ᠴᠠᠭ ᠦᠶ᠎ᠡ ᠶᠢᠨ ᠬᠥᠭᠵᠢᠯᠲᠡ ᠶᠢᠨ ᠬᠤᠪᠢᠷᠠᠯᠲᠠ ᠶᠢᠨ ᠲᠡᠦᠬᠡ ᠶᠢ ᠪᠦᠬᠦ ᠲᠠᠯ᠎ᠠ ᠪᠠᠷ ᠣᠶᠢᠯᠠᠭᠠᠵᠤ᠂ ᠲᠠᠯ᠎ᠠ ᠨᠤᠲᠤᠭ ᠤᠨ ᠪᠣᠯᠣᠳ ᠬᠤᠳᠠ ᠶᠢᠨ ᠡᠷᠡᠯᠬᠡᠭᠯᠡᠨ ᠤᠷᠤᠭᠰᠢᠯᠠᠬᠤ ᠪᠠ ᠭᠡᠷᠡᠯ ᠰᠠᠴᠤᠷᠠᠩᠭᠤᠢ ᠠᠮᠵᠢᠯᠲᠠ ᠶᠢ ᠭᠡᠷᠡᠴᠢᠯᠡᠵᠦ᠂ ᠪᠤᠭᠤᠲᠤ ᠬᠤᠳᠠ ᠶᠢᠨ ᠢᠷᠡᠭᠡᠳᠦᠢ ᠶᠢᠨ ᠬᠥᠭᠵᠢᠯᠲᠡ ᠶᠢᠨ ᠠᠤᠭ᠎ᠠ ᠲᠥᠰᠥᠪ ᠢ ᠵᠢᠷᠤᠭᠯᠠᠵᠠᠢ᠃      ᠲᠤᠰ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠪᠦᠬᠦ ᠠᠷᠠᠳ ᠠᠴᠠ ᠲᠤᠰᠠᠯᠠᠬᠤ ᠴᠠᠭᠳᠠᠭ᠎ᠠ ᠶᠢᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠬᠤᠶᠢᠰᠢᠳᠠ ᠶᠢᠨ ᠠᠵᠢᠯ ᠤᠨ ᠳᠤᠮᠳᠠ᠂ ᠪᠦᠬᠦ ᠠᠷᠠᠳ ᠠᠴᠠ ᠲᠤᠰᠠᠯᠠᠬᠤ ᠴᠠᠭᠳᠠᠭ᠎ᠠ ᠶᠢᠨ ᠬᠢᠨ ᠢᠷᠠᠭᠤ ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠬᠦᠴᠦᠨ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ ᠣᠷᠤᠯᠴᠠᠬᠤ ᠪᠣᠯᠣᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1