ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ ︱ ᠼᠠᠢ ᠱᠥ᠋ᠨ ᠮᠢᠶᠣᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ︽ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠬᠥᠭᠵᠢᠯᠲᠡ ᠶᠢ ᠡᠷᠢᠯᠬᠢᠯᠡᠬᠦ︾ᠴᠠᠭᠠᠨ ᠰᠠᠷ᠎ᠠ ᠶᠢᠨ ᠵᠠᠰᠠᠭ ᠠᠵᠤ ᠠᠬᠤᠶᠢᠯᠠᠯ ᠪᠠᠩᠬᠢ ᠶᠢᠨ ᠶᠠᠷᠢᠯᠴᠠᠬᠤ ᠬᠤᠷᠠᠯ ᠲᠡᠭᠦᠰ ᠠᠮᠵᠢᠯᠲᠠ ᠲᠠᠢ ᠶᠠᠪᠤᠭᠳᠠᠵᠠᠢ
ᠨᠡᠶᠢᠲᠡᠯᠡᠭᠰᠡᠨ ᠴᠠᠭ᠄
2023/3/6
    ᠨᠢᠭᠡ ᠰᠥᠨᠢ ᠲᠤᠷᠤᠨ᠎ᠠ ᠶᠢᠨ ᠰᠠᠯᠬᠢ ᠰᠠᠯᠬᠢᠯᠠᠵᠤ᠂ ᠲᠦᠮᠡᠨ ᠠᠭᠤᠯᠠ ᠤᠷᠢᠬᠠᠨ ᠬᠠᠪᠤᠷ ᠤᠨ ᠥᠩᠭᠡ ᠪᠠᠷ ᠪᠤᠴᠠᠵᠤ ᠢᠷᠡᠪᠡ᠃ᠴᠠᠭᠠᠨ ᠰᠠᠷ᠎ᠠ ᠶᠢᠨ ᠡᠬᠢᠨ ᠳᠤ ︵ᠴᠠᠭᠠᠨ ᠰᠠᠷ᠎ᠠ ᠶᠢᠨ ᠠᠷᠪᠠᠨ ᠵᠢᠷᠭᠤᠭᠠᠨ ᠤ ᠡᠳᠦᠷ︶ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠰᠠᠶᠢᠨ ᠠᠷᠭ᠎ᠠ ᠭᠠᠷᠭᠠᠵᠤ᠂ ᠬᠥᠭᠵᠢᠭᠦᠯᠬᠦ ᠪᠠᠷ ᠴᠢᠷᠮᠠᠶᠢᠬᠤ︾ ᠴᠠᠭᠠᠨ ᠰᠠᠷ᠎ᠠ ᠶᠢᠨ ᠵᠠᠰᠠᠭ ᠠᠵᠤ ᠠᠬᠤᠶᠢᠯᠠᠯ ᠪᠠᠩᠬᠢ ᠶᠢᠨ ᠶᠠᠷᠢᠯᠴᠠᠬᠤ ᠬᠤᠷᠠᠯ ᠬᠢᠵᠦ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠠᠵᠤ ᠠᠬᠤᠶᠢᠯᠠᠯᠲᠠᠨ ᠬᠤᠷᠠᠯ ᠳᠤ ᠣᠷᠣᠯᠴᠠᠵᠠᠢ᠃ᠬᠤᠷᠠᠯ ᠢ ᠼᠠᠢ ᠱᠥ᠋ᠨ ᠮᠢᠶᠣᠣ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠵᠡᠭᠡᠯᠢ ᠭᠤᠳᠤᠮᠵᠢ ᠶᠢᠨ ᠡᠷᠬᠢᠯᠡᠭᠴᠢ ᠹᠦ᠋ ᠿᠢ ᠬᠧ ᠡᠷᠬᠢᠯᠡᠪᠡ᠃
     ᠹᠦ᠋ ᠡᠷᠬᠢᠯᠡᠭᠴᠢ ᠼᠠᠢ ᠱᠧᠨ ᠮᠢᠶᠣᠣ ᠵᠡᠭᠡᠯᠢ ᠭᠤᠳᠤᠮᠵᠢ ᠶᠢᠨ 2023 ᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠲᠣᠭᠲᠠᠭᠠᠭᠰᠠᠨ 12 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠬᠤᠷᠠᠯ ᠳᠤ ᠣᠷᠣᠯᠴᠠᠭᠰᠠᠳ ᠲᠤ ᠲᠠᠨᠢᠯᠴᠠᠭᠤᠯᠤᠭᠰᠠᠨ ᠪᠥᠭᠡᠳ ᠬᠤᠷᠠᠯ ᠳᠤ ᠣᠷᠣᠯᠴᠠᠭᠰᠠᠨ ᠲᠥᠯᠥᠭᠡᠯᠡᠭᠴᠢ᠂ ᠭᠡᠰᠢᠭᠦᠨ᠂ ᠠᠵᠤ ᠠᠬᠤᠶᠢᠯᠠᠯᠲᠠᠨ ᠢ ᠤᠷᠢᠵᠤ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠭᠤᠯᠵᠤ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠣᠷᠣᠨ ᠪᠦᠰᠡ ᠶᠢᠨ ᠬᠥᠭᠵᠢᠯᠲᠡ ᠳᠤ ᠡᠷᠬᠢᠮ ᠨᠠᠨᠳᠢᠨ ᠰᠠᠨᠠᠭᠤᠯᠭ᠎ᠠ ᠪᠠ ᠰᠠᠨᠠᠯ ᠳᠤᠷᠠᠳᠤᠭᠤᠯᠵᠤ᠂ ᠲᠡᠳᠡᠨ ᠤ ᠠᠵᠤ ᠠᠬᠤᠶᠢᠯᠠᠯ᠂ ᠬᠤᠳᠠᠯᠳᠤᠭᠠᠴᠢᠨ ᠬᠠᠷᠢᠶᠠᠲᠤ ᠣᠷᠣᠨ ᠳᠤ ᠢᠷᠡᠵᠦ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠢᠯᠡᠭᠦᠬᠡᠨ ᠲᠠᠨᠢᠯᠴᠠᠭᠤᠯᠬᠤ ᠶᠢ ᠬᠦᠰᠡᠪᠡ᠃      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ᠂ ᠭᠡᠰᠢᠭᠦᠳ᠂ ᠠᠵᠤ ᠠᠬᠤᠶᠢᠯᠠᠯᠲᠠᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠥᠭᠪᠡ᠃ᠵᠢᠱᠢᠶᠡᠯᠡᠪᠡᠯ ᠬᠠᠷᠢᠶ᠎ᠠ ᠣᠷᠣᠨ ᠤ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠢᠦ ᠴᠢᠦᠢ ᠬᠤᠸᠠ ᠵᠡᠭᠡᠯᠢ᠂ ᠯᠢᠦᠢ ᠽᠤ ᠮᠢᠶᠣᠣ᠂ᠴᠢᠶᠣᠤ ᠵᠢᠶᠠ ᠶᠢᠨ ᠵᠡᠭᠡᠯᠢ᠂ ᠹᠦ᠋ ᠰᠢᠶᠠᠩ ᠵᠡᠭᠡᠯᠢ ᠶᠢᠨ ᠰᠣᠶᠣᠯ ᠤᠨ ᠪᠠᠷᠢᠭᠠᠳᠠ ᠶᠢᠨ ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠵᠤ᠂ ᠵᠢᠭᠤᠯᠴᠢᠯᠠᠯ ᠤᠨ ᠵᠢᠭᠠᠯᠲᠠ ᠶᠢᠨ ᠫᠠᠶᠢᠰᠠ ᠲᠠᠭᠠᠷᠠᠭᠤᠯᠵᠤ᠂ ᠦᠵᠡᠮᠵᠢ ᠶᠢᠨ ᠭᠠᠵᠠᠷ ᠤᠨ ᠺᠠᠷᠲ ᠴᠤᠭᠯᠠᠭᠤᠯᠬᠤ ᠪᠠᠭᠠᠵᠢ ᠪᠠ ᠰᠦᠯᠵᠢᠶᠡᠨ ᠤ ᠺᠠᠷᠲ ᠴᠣᠬᠢᠬᠤ ᠭᠠᠵᠠᠷ ᠢ ᠵᠢᠷᠤᠭᠯᠠᠨ ᠲᠥᠯᠥᠪᠯᠡᠵᠦ᠂ ᠳ᠋ᠦᠩ ᠾᠧ ᠶᠢᠨ ᠠᠮᠲᠠᠲᠤ ᠢᠳᠡᠭᠡᠨ ᠤ ᠵᠡᠭᠡᠯᠢ ᠲᠣᠭᠤᠷᠢᠭ ᠢ ᠲᠥᠯᠥᠪᠵᠢᠭᠦᠯᠵᠦ᠂ ᠰᠦᠮ᠎ᠡ ᠶᠢᠨ ᠴᠤᠭᠯᠠᠭᠠᠨ ᠡᠷᠭᠢᠯᠡᠨ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠣᠨᠴᠠᠯᠢᠭᠲᠤ ᠰᠣᠶᠣᠯ ᠤᠨ ᠥᠯᠢᠭᠡᠷ ᠢ ᠭᠦᠨ ᠠᠭᠤᠳᠠᠯᠵᠤ᠂ ᠰᠣᠶᠣᠯ ᠤᠨ ᠠᠵᠤ ᠦᠢᠯᠡᠰ ᠢ ᠪᠠᠶᠠᠯᠢᠭᠵᠢᠭᠤᠯᠤᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠬᠠᠭᠤᠯᠬᠤ ᠡᠷᠴᠢᠮ ᠢ ᠴᠢᠩᠭᠠᠷᠠᠭᠤᠯᠤᠨ᠂ ᠰᠠᠭᠤᠷᠢ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠳᠡᠭᠡᠷᠡᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠵᠣᠴᠢᠨ ᠬᠤᠳᠠᠯᠳᠤᠭᠠᠴᠢᠨ ᠤ ᠵᠢᠭᠤᠯᠴᠢᠯᠠᠯ ᠤᠨ ᠪᠡᠯᠡ ᠣᠷᠣᠭᠤᠯᠤᠯᠲᠠ ᠶᠢ ᠲᠠᠲᠠᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1