ᠴᠠᠩ ᠱᠧᠩ ᠵᠡᠭᠡᠯᠢ ᠶᠢᠨ ᠨᠡᠶᠢᠭᠡᠮ ᠲᠣᠭᠤᠷᠢᠭ ᠲᠤ ᠮᠥᠰᠥ ᠱᠦᠭᠦᠷᠳᠡᠵᠦ ᠴᠠᠰᠤ ᠠᠷᠢᠯᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/6
      2 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠲᠤ 2023 ᠣᠨ ᠤ ᠠᠩᠬᠠᠳᠠᠭᠴᠢ ᠴᠠᠰᠤ ᠣᠷᠣᠵᠤ᠂ ᠵᠠᠮ ᠬᠠᠷᠢᠯᠴᠠᠭ᠎ᠠ᠂ ᠣᠯᠠᠨ ᠲᠦᠮᠡᠨ ᠤ ᠠᠮᠢᠳᠤᠷᠠᠯ᠂ ᠬᠥᠮᠥᠰ ᠤᠨ ᠶᠠᠪᠤᠵᠤ ᠰᠠᠭᠤᠬᠤ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠭᠰᠠᠨ ᠪᠠᠶᠢᠨ᠎ᠠ᠃ᠶᠡᠭᠡ ᠴᠠᠰᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠲᠦᠷᠭᠡᠨ ᠠᠷᠢᠯᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠳᠣᠲᠣᠷᠠᠬᠢ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ  ᠶᠢ ᠪᠠᠲᠤᠯᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠠᠮᠤᠷ ᠲᠦᠪᠰᠢᠨ᠂ 2 ᠰᠠᠷ᠎ᠠ ᠶᠢᠨ 9 ᠤ ᠥᠷᠯᠥᠭᠡ ᠡᠷᠲᠡ᠂ ᠴᠠᠩ ᠱᠧᠩ ᠵᠡᠭᠡᠯᠢ ᠶᠢᠨ ᠨᠡᠶᠢᠭᠡᠮ ᠲᠣᠭᠤᠷᠢᠭ ᠤᠨ ᠪᠦᠬᠦ ᠠᠵᠢᠯᠲᠠᠨ ᠵᠢᠴᠢ ᠬᠠᠷᠢᠶ᠎ᠠ ᠣᠷᠣᠨ ᠤ ᠠᠳᠠᠯ ᠠᠬᠤᠢ ᠶᠢᠨ ᠺᠣᠮᠫᠠᠨᠢ ᠶᠢᠨ 30 ᠠᠵᠢᠯᠲᠠᠨ ᠪᠡᠶ᠎ᠡ ᠮᠡᠬᠦᠰᠳᠡᠵᠦ᠂ ᠬᠠᠷᠢᠶ᠎ᠠ ᠣᠷᠣᠨ ᠤ ᠭᠤᠣᠯ ᠵᠠᠮ ᠵᠡᠷᠭᠡ ᠶᠠᠪᠤᠵᠤ ᠰᠠᠭᠤᠬᠤ ᠬᠡᠮᠵᠢᠶ᠎ᠡ ᠪᠠᠷ ᠶᠡᠭᠡ ᠂ ᠬᠥᠮᠥᠨ ᠠᠮᠠ ᠲᠥᠪᠯᠡᠷᠡᠭᠰᠡᠨ ᠵᠠᠮ ᠢᠶᠠᠷ ᠪᠦᠬᠦ ᠲᠠᠯ᠎ᠠ  ᠪᠠᠷ ᠴᠠᠰᠤ ᠱᠦᠭᠦᠷᠳᠡᠵᠦ᠂ ᠵᠠᠮ ᠤᠨ ᠬᠤᠶᠠᠷ ᠲᠠᠯ᠎ᠠ ᠳᠤ ᠴᠠᠰᠤ ᠶᠢ ᠬᠤᠰᠤᠵᠤ ᠱᠦᠭᠦᠷᠳᠡᠭᠡᠳ᠄ ᠬᠠᠷᠢᠶ᠎ᠠ ᠣᠷᠣᠨ ᠤ ᠭᠤᠣᠯ ᠪᠣᠯᠬᠤ ᠣᠷᠣᠵᠤ ᠭᠠᠷᠬᠤ ᠵᠠᠮ ᠳᠡᠭᠡᠷᠡᠬᠢ ᠬᠤᠷᠠᠭᠰᠠᠨ ᠴᠠᠰᠤ ᠶᠢ ᠪᠦᠬᠦ ᠬᠦᠴᠦᠨ ᠢᠶᠠᠷ ᠢᠶᠠᠨ ᠴᠡᠪᠡᠷᠯᠡᠵᠦ᠂ ᠠᠮᠤᠷ ᠲᠦᠪᠰᠢᠨ ᠤ ᠬᠡᠮ ᠰᠣᠭᠤᠭ ᠢ ᠢᠳᠡᠪᠬᠢᠲᠡᠢ ᠪᠠᠷ ᠠᠷᠢᠯᠭᠠᠵᠤ᠂ ᠬᠡᠳᠦᠨ ᠴᠠᠭ ᠤᠨ ᠰᠢᠷᠭᠠᠭᠤ ᠬᠥᠳᠡᠯᠮᠦᠷᠢ ᠪᠠᠷ ᠳᠡᠮᠵᠢᠨ᠂ ᠴᠠᠰᠤ ᠬᠤᠷᠠᠭᠰᠠᠨ ᠪᠠ ᠮᠥᠰᠥ ᠬᠥᠯᠳᠡᠭᠰᠡᠨ ᠵᠠᠮ ᠤᠨ ᠭᠠᠳᠠᠷᠭᠤ ᠳᠤ ᠠᠭᠠᠵᠢᠮ ᠢᠶᠠᠷ ᠤᠭ ᠳᠦᠷᠰᠦ ᠢᠯᠡᠷᠡᠵᠦ᠂ ᠶᠠᠪᠠᠭᠠᠨ ᠬᠥᠮᠥᠨ ᠪᠠ ᠲᠡᠷᠭᠡ ᠬᠥᠰᠬᠡ ᠶᠢᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠲᠥᠬᠦᠮ ᠦᠵᠡᠭᠦᠯᠪᠡ᠂ ᠵᠠᠮ ᠥᠩᠭᠡᠷᠡᠬᠦ ᠣᠯᠠᠨ ᠲᠦᠮᠡᠨ ᠬᠤᠷᠠᠭᠰᠠᠨ ᠴᠠᠰᠤ ᠶᠢ ᠱᠦᠭᠦᠷᠳᠡᠨ ᠠᠷᠢᠯᠭᠠᠬᠤ ᠠᠵᠢᠯᠲᠠᠳ ᠢ ᠮᠠᠭᠲᠠᠨ ᠰᠠᠶᠢᠰᠢᠶᠠᠵᠤ᠂ ᠵᠠᠷᠢᠮ ᠰᠠᠭᠤᠭᠠᠯᠢ ᠠᠷᠠᠳ᠂ ᠬᠤᠳᠠᠯᠳᠤᠭᠠᠴᠢᠨ ᠨᠠᠩ ᠴᠤ ᠭᠦᠨ ᠨᠥᠯᠥᠭᠡᠯᠡᠭᠳᠡᠵᠦ᠂ ᠲᠣᠰ ᠤᠳᠠᠭᠠᠨ ᠤ ᠱᠦᠭᠦᠷᠳᠡᠨ ᠠᠷᠢᠯᠭᠠᠬᠤ ᠠᠵᠢᠯᠯᠠᠭ᠎ᠠ ᠳᠤ ᠠᠶᠠᠨᠳᠠᠭᠠᠨ ᠣᠷᠣᠯᠴᠠᠭᠰᠠᠨ ᠪᠠᠶᠢᠨ᠎ᠠ᠃
     ᠲᠣᠰ ᠤᠳᠠᠭᠠᠨ ᠤ ᠬᠤᠷᠠᠭᠰᠠᠨ ᠴᠠᠰᠤ ᠶᠢ ᠠᠷᠢᠯᠭᠠᠬᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠴᠠᠰᠤᠲᠤ ᠡᠳᠦᠷ ᠠᠮᠤᠷ ᠲᠦᠪᠰᠢᠨ ᠢᠶᠠᠷ ᠠᠶᠠᠯᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠩᠭᠠᠵᠤ ᠥᠭᠭᠦᠭᠰᠡᠨ ᠢᠶᠠᠷ ᠪᠠᠷᠠᠬᠤ ᠦᠭᠡᠢ᠂ ᠨᠠᠩ ᠴᠤ ᠨᠡᠶᠢᠭᠡᠮ ᠲᠣᠭᠤᠷᠢᠭ ᠤᠨ ᠠᠵᠢᠯᠲᠠᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠬᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠢ ᠮᠡᠳᠡᠷᠡᠭᠦᠯᠵᠦ᠂ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠠᠢ᠃ᠵᠠᠯᠭᠠᠭᠠᠳ ᠴᠠᠩ ᠱᠧᠩ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠢ ᠦᠷᠭᠦᠯᠵᠢᠯᠡᠨ ᠢᠳᠡᠪᠬᠢᠲᠡᠢ ᠠᠩᠬᠠᠷᠴᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠤᠢ ᠪᠣᠯᠭᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠬᠠᠮᠤᠭ ᠤᠨ ᠶᠡᠭᠡ ᠴᠢᠷᠮᠠᠶᠢᠯᠭ᠎ᠠ ᠭᠠᠷᠭᠠᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1