ᠬᠥᠭᠵᠢᠭᠦᠯᠬᠦ ᠪᠣᠯ ᠭᠤᠣᠯ ᠰᠡᠳᠦᠪ ᠲᠣᠭᠲᠠᠭᠤᠨ ᠪᠠᠶᠢᠯᠭᠠᠬᠤ ᠪᠣᠯ ᠤᠷᠢᠲᠠᠯ ᠡᠶ᠎ᠡ ᠵᠣᠬᠢᠴᠠᠯ ᠲᠠᠢ ᠪᠠᠶᠢᠯᠭᠠᠬᠤ ᠪᠣᠯ ᠬᠠᠷᠠᠯᠲᠠ ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2023 ᠣᠨ ᠤ ᠠᠩᠬᠠᠳᠤᠭᠠᠷ ᠤᠳᠠᠭᠠᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠬᠠᠷᠢᠭᠤᠴᠠᠯᠭᠠᠲᠠᠨ ᠤ ᠬᠤᠷᠠᠯ ᠵᠢᠴᠢ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠬᠤᠷᠠᠯ ᠬᠤᠷᠠᠯᠳᠤᠭᠤᠯᠬᠤ ᠶᠢᠨ ᠲᠥᠯᠥᠭᠡ ᠶᠤᠮ
ᠨᠡᠶᠢᠲᠡᠯᠡᠭᠰᠡᠨ ᠴᠠᠭ᠄
2023/3/8
     2023 ᠣᠨ ᠤ 2 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2023 ᠣᠨ ᠤ ᠠᠩᠬᠠᠳᠤᠭᠠᠷ ᠤᠳᠠᠭᠠᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠬᠠᠷᠢᠭᠤᠴᠠᠯᠭᠠᠲᠠᠨ ᠤ ᠬᠤᠷᠠᠯ ᠵᠢᠴᠢ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠬᠤᠷᠠᠯ ᠢ ᠬᠤᠷᠠᠯᠳᠤᠭᠤᠯᠵᠤ᠂ ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠥᠬᠦ ᠬᠥᠮᠥᠰ᠂ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠳᠡᠳ᠋ ᠳᠠᠷᠤᠭ᠎ᠠ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ ᠰᠤᠷᠤᠯᠴᠠᠭᠰᠠᠨ ᠨᠢ ︽ᠪᠤᠭᠤᠲᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠤᠨ ᠵᠢᠱᠢᠶ᠎ᠡ ᠦᠵᠡᠭᠦᠯᠬᠦ ᠴᠢᠭ᠋ ᠢ ᠡᠭᠦᠳᠦᠨ ︽ᠪᠤᠭᠤᠲᠤ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠬᠦ ᠴᠢᠭ᠋ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ︽ᠪᠤᠭᠤᠲᠤ ᠬᠤᠲᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠴᠢᠭ᠋ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ︽ᠪᠤᠭᠤᠲᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠵᠦ ᠦᠨᠡᠯᠡᠬᠦ ᠳᠦᠷᠢᠮ ︵ᠲᠤᠷᠰᠢᠨ ᠬᠡᠷᠡᠭᠵᠢᠭᠦᠯᠬᠦ︶︾ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠰᠠᠶᠢᠲᠤᠷ ᠬᠢᠨ᠎ᠡ᠃      ︽ᠪᠤᠭᠤᠲᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠣᠳᠣᠬᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠦᠢᠯᠡᠴᠢᠯᠡᠭᠡᠨ ᠤ ᠥᠷᠲᠡᠭᠡ ᠶᠢᠨ ᠬᠠᠷᠢᠶᠠᠲᠤ ᠣᠷᠣᠨ ᠤ ᠳᠣᠲᠣᠷᠠᠬᠢ ᠭᠤᠣᠯᠳᠠᠯᠭ᠎ᠠ ᠲᠠᠢ ᠬᠥᠮᠥᠰ ᠤᠨ ᠲᠣᠭᠲᠠᠭᠤᠨ ᠢ ᠡᠵᠡᠮᠳᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠨ᠎ᠠ᠃      ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠣᠳᠣᠬᠠᠨ ᠤ ᠬᠡᠯᠪᠡᠷᠢ ᠶᠢ ᠣᠨᠣᠪᠴᠢᠲᠠᠢ ᠡᠵᠡᠮᠳᠡᠵᠦ᠂ ᠳᠠᠷᠤᠶᠢᠬᠠᠨ ᠪᠣᠳᠠᠲᠤ ᠳᠠᠶᠢᠨ ᠤ ᠪᠠᠶᠢᠳᠠᠯ ᠳᠤ ᠣᠷᠣᠬᠤ ᠶᠢ ᠱᠠᠭᠠᠷᠳᠠᠨ᠎ᠠ᠃ᠬᠤᠶᠠᠷ ᠲᠤ ᠭᠦᠨᠵᠡᠭᠡᠢ ᠵᠢᠭᠰᠠᠭᠠᠨ ᠪᠠᠶᠢᠴᠠᠭᠠᠵᠤ ᠨᠠᠮᠳᠠᠭᠤᠯᠤᠨ ᠰᠢᠢᠳᠪᠦᠷᠢᠯᠡᠵᠦ᠂ ᠮᠡᠳᠡᠭᠡ ᠵᠠᠩᠭᠢ ᠶᠢ ᠴᠤᠭᠯᠠᠭᠤᠯᠵᠤ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ᠭᠤᠷᠪᠠ ᠳᠤ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠲᠣᠭᠲᠠᠭᠤᠨ ᠳᠤ ᠬᠤᠯᠪᠣᠭᠳᠠᠬᠤ ᠠᠶᠤᠯ ᠲᠦᠭᠰᠢᠭᠦᠷᠢ ᠶᠢ ᠴᠡᠭᠴᠡᠯᠡᠨ ᠵᠠᠰᠠᠬᠤ ᠵᠢᠴᠢ ᠭᠤᠣᠯᠳᠠᠯᠭ᠎ᠠ ᠲᠠᠢ ᠬᠥᠮᠥᠰ ᠢ ᠲᠣᠭᠲᠠᠭᠤᠨ ᠢᠶᠠᠷ ᠡᠵᠡᠮᠳᠡᠬᠦ ᠶᠢ ᠴᠢᠩᠭᠠᠳᠬᠠᠨ᠎ᠠ᠃ᠳᠥᠷᠪᠡ ᠳᠤ ᠵᠢᠵᠢᠭᠦᠷᠯᠡᠵᠦ ᠡᠭᠡᠯᠵᠢ ᠳᠠᠭᠠᠭᠤᠯᠬᠤ ᠪᠠ ᠡᠳᠦᠷ ᠤᠨ ᠮᠡᠳᠡᠭᠦᠯᠦᠯᠲᠡ ᠶᠢ ᠥᠴᠥᠬᠡᠨ ᠴᠦ ᠮᠡᠳᠡᠭᠦᠯᠬᠦ ᠦᠭᠡᠢ ᠪᠠᠶᠢᠬᠤ ᠳᠦᠷᠢᠮ ᠢ ᠪᠠᠶᠢᠭᠤᠯᠤᠨ᠎ᠠ᠃ᠲᠠᠪᠤ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠪᠠᠶᠢᠭᠤᠯᠤᠨ᠎ᠠ᠃      ᠬᠠᠮᠤᠭ ᠤᠨ ᠰᠡᠭᠦᠯ ᠳᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠱᠣᠣ ᠯᠦᠩ ᠳ᠋ᠦᠩᠨᠡᠵᠦ ᠴᠢᠬᠤᠯᠠᠴᠢᠯᠠᠭᠰᠠᠨ ᠨᠢ᠄ ᠣᠳᠣᠬᠠᠨ ᠤ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠲᠡᠶᠢᠮᠦ ᠰᠠᠶᠢᠨ ᠪᠢᠰᠢ ᠪᠠᠶᠢᠬᠤ ᠶᠢ ᠰᠡᠷᠭᠡᠭ ᠢᠶᠠᠷ ᠲᠠᠨᠢᠵᠤ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠭᠦᠨᠵᠡᠭᠡᠢ ᠵᠠᠳᠠᠯᠵᠤ᠂ ᠢᠯᠠᠩᠭᠤᠶ᠎ᠠ ᠦᠵᠡᠯ ᠰᠠᠨᠠᠭ᠎ᠠ ᠲᠠᠨᠢᠯᠲᠠ ᠬᠦᠷᠦᠯᠴᠡᠬᠦ ᠦᠭᠡᠢ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠢᠲᠡᠭᠡᠮᠵᠢ ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠦᠭᠡᠢ᠂ ᠵᠢᠷᠤᠮᠵᠢᠭᠤᠯᠬᠤ ᠤᠬᠠᠮᠰᠠᠷ ᠴᠢᠩᠭ᠎ᠠ ᠪᠢᠰᠢ ᠵᠡᠷᠭᠡ ᠠᠰᠠᠭᠤᠳᠠᠯ ᠢ ᠭᠦᠨᠵᠡᠭᠡᠢ ᠵᠠᠳᠠᠯᠵᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠬᠦ ᠶᠠᠪᠤᠳᠠᠯ ᠢ ᠴᠢᠩᠭᠠᠳᠬᠠᠨ᠂ ᠴᠡᠷᠢᠭ ᠠᠴᠠ ᠬᠠᠯᠠᠭᠳᠠᠭᠰᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠦᠨᠡᠨ ᠬᠦ ᠴᠢᠩᠭ᠎ᠠ ᠠᠳᠬᠤᠵᠤ᠂ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ᠂ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1