ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠢ ᠵᠣᠬᠢᠶᠠᠨ ᠪᠠᠶᠢᠭᠤᠯᠵᠤ ᠪᠥᠬᠦ ᠬᠤᠲᠠ ᠶᠢᠨ 2022 ᠣᠨ ᠤ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠳ ᠤᠨ ᠵᠣᠬᠢᠴᠠᠬᠤ ᠪᠣᠯᠪᠠᠰᠤᠷᠠᠭᠤᠯᠬᠤ
ᠨᠡᠶᠢᠲᠡᠯᠡᠭᠰᠡᠨ ᠴᠠᠭ᠄
2023/3/8
      ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ  ᠦᠢᠯᠡᠴᠢᠯᠡᠭᠡᠨ ᠤ  ᠪᠠᠲᠤᠯᠠᠭ᠎ᠠ ᠶᠢᠨ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠬᠠᠪᠰᠤᠷᠤᠨ ᠨᠡᠶᠢᠭᠡᠮ  ᠳᠤ ᠵᠣᠬᠢᠴᠠᠬᠤ ᠴᠢᠨᠠᠷ  ᠢ ᠨᠢ ᠨᠡᠮᠡᠭᠳᠡᠭᠦᠯᠦᠨ᠎ᠡ᠃ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠢᠳᠡᠪᠬᠢᠲᠡᠢ ᠴᠤᠤᠷᠢᠶᠠᠲᠤᠨ ᠳᠠᠭᠠᠵᠤ᠂ 2 ᠰᠠᠷ᠎ᠠ ᠶᠢᠨ 18  ᠤ ᠡᠳᠦᠷ ᠠᠴᠠ 21  ᠤ ᠡᠳᠦᠷ ᠪᠣᠯᠲᠠᠯ᠎ᠠ 2022 ᠣᠨ ᠤ ᠴᠡᠷᠢᠭ ᠠᠴᠠ ᠬᠠᠯᠠᠭᠳᠠᠭᠰᠠᠨ 45 ᠪᠠᠶᠢᠯᠳᠤᠭᠴᠢ ᠶᠢ ᠵᠣᠬᠢᠶᠠᠨ ᠪᠠᠶᠢᠭᠤᠯᠵᠤ ᠪᠤᠭᠤᠲᠤ ᠬᠤᠳᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠥᠷᠨᠢᠭᠦᠯᠦᠭᠰᠡᠨ 2022 ᠣᠨ ᠤ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠳ ᠤᠨ ᠵᠣᠬᠢᠴᠠᠬᠤ ᠴᠢᠨᠠᠷᠲᠠᠢ ᠪᠣᠯᠪᠠᠰᠤᠷᠠᠯ ᠤᠨ ᠭᠤᠷᠪᠠᠳᠤᠭᠠᠷ ᠬᠤᠭᠤᠴᠠᠭᠠᠨ ᠤ ᠪᠣᠯᠪᠠᠰᠤᠷᠠᠯ ᠳᠤ ᠣᠷᠣᠯᠴᠠᠭᠤᠯᠵᠠᠢ᠃      ᠲᠣᠰ ᠤᠳᠠᠭᠠᠨ ᠤ ᠪᠣᠯᠪᠠᠰᠤᠷᠠᠯ ᠨᠢ ᠳᠥᠷᠪᠡᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ︽ᠦᠵᠡᠯ ᠰᠠᠨᠠᠭ᠎ᠠ ᠤᠯᠤᠰ ᠲᠥᠷᠥ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠡᠳᠬᠢᠴᠡ ᠶᠢᠨ ᠲᠣᠬᠢᠷᠠᠭᠤᠯᠤᠯᠲᠠ᠂ ᠠᠵᠢᠯ ᠮᠡᠷᠭᠡᠵᠢᠯ ᠤᠨ ᠵᠢᠯᠣᠭᠤᠳᠤᠯᠭ᠎ᠠ︾ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠵᠤ ᠬᠠᠪᠰᠤᠷᠤᠨ ᠵᠢᠯᠣᠭᠤᠳᠤᠨ᠎ᠠ᠃ᠪᠣᠯᠪᠠᠰᠤᠷᠠᠭᠤᠯᠤᠯ ᠤᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠬᠡᠰᠡᠭ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠣᠴᠢᠭᠤᠯᠤᠨ ᠲᠣᠭᠤᠷᠢᠨ ᠦᠵᠡᠭᠦᠯᠵᠦ ᠪᠡᠶᠡᠴᠢᠯᠡᠨ ᠣᠶᠢᠯᠠᠭᠠᠭᠤᠯᠵᠤ᠂ ᠲᠤᠬᠠᠢ ᠶᠢᠨ ᠲᠠᠯᠠᠪᠤᠷ ᠲᠤ ᠤᠷᠢᠨ ᠬᠡᠷᠡᠭᠯᠡᠬᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠠᠨᠢᠯᠴᠠᠭᠤᠯᠬᠤ ᠠᠵᠢᠯᠯᠠᠭ᠎ᠠ ᠶᠢ ᠡᠷᠭᠢᠯᠡᠨ᠎ᠡ ᠃ᠡᠭᠦᠨ ᠤ ᠵᠣᠷᠢᠯᠭ᠎ᠠ ᠨᠢ ᠴᠡᠷᠢᠭ ᠤᠨ ᠠᠯᠪᠠᠨ  ᠠᠴᠠ ᠪᠠᠭᠤᠭᠰᠠᠳ  ᠢ ᠬᠠᠪᠰᠤᠷᠤᠨ ᠳᠦᠷᠢ  ᠶᠢᠨ ᠰᠣᠯᠢᠭᠳᠠᠯ  ᠢ ᠠᠬᠢᠭᠤᠯᠵᠤ᠂ ᠠᠵᠢᠯ ᠣᠯᠭᠤᠯᠲᠠ ᠪᠠ ᠠᠳᠠᠯ ᠦᠢᠯᠡᠰ ᠴᠣᠭᠴᠠᠯᠠᠯᠲᠠ  ᠶᠢᠨ ᠪᠠᠶᠢᠳᠠᠯ  ᠢ ᠵᠠᠳᠠᠯᠵᠤ᠂ ᠵᠦᠢ ᠵᠣᠬᠢᠰᠲᠠᠢ ᠠᠵᠢᠯ ᠣᠯᠭᠤᠯᠲᠠ  ᠶᠢᠨ ᠲᠥᠰᠥᠪᠯᠡᠯ  ᠢ ᠬᠥᠲᠥᠯᠥᠨ ᠵᠢᠯᠤᠭᠤᠳᠴᠤ᠂ ᠲᠤᠬᠠᠶᠢᠯᠠᠭᠰᠠᠨ ᠠᠵᠢᠯ ᠤᠨ ᠲᠥᠯᠦᠪᠵᠢᠭᠦᠯᠭᠡ  ᠶᠢ ᠰᠠᠶᠢᠲᠤᠷ ᠬᠢᠵᠦ᠂ ᠴᠡᠷᠢᠭ ᠠᠩᠭᠢ  ᠶᠢᠨ ᠪᠦᠲᠦᠭᠡᠨ ᠪᠠᠶᠢᠭᠤᠯᠤᠯᠲᠠ  ᠶᠢᠨ ᠭᠤᠣᠯ ᠬᠦᠴᠦᠨ ᠠᠴᠠ ᠣᠷᠣᠨ ᠨᠤᠲᠤᠭ ᠤᠨ ᠰᠢᠨ᠎ᠡ ᠬᠦᠴᠦᠨ  ᠢ ᠬᠥᠭᠵᠢᠭᠦᠯᠬᠦ ᠤᠷᠤᠭᠰᠢᠲᠠᠢ ᠬᠤᠪᠢᠷᠠᠯᠲᠠ  ᠶᠢ ᠪᠡᠶᠡᠯᠡᠭᠦᠯᠬᠦ  ᠶᠢᠨ ᠲᠥᠯᠥᠭᠡ ᠶᠤᠮ᠃      ᠲᠣᠰ ᠤᠳᠠᠭᠠᠨ ᠤ ᠵᠣᠬᠢᠴᠠᠬᠤ ᠴᠢᠨᠠᠷᠲᠠᠢ ᠪᠣᠯᠪᠠᠰᠤᠷᠠᠭᠤᠯᠤᠯ ᠪᠣᠯ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠵᠠᠮ ᠳᠡᠭᠡᠷᠡᠬᠢ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠮᠥᠨ᠃ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠪᠣᠯᠪᠠᠰᠤᠷᠠᠯ ᠢᠶᠠᠷ ᠳᠠᠮᠵᠢᠨ ᠰᠡᠳᠬᠢᠴᠡ ᠪᠠᠨ ᠥᠷᠭᠡᠳᠬᠡᠵᠦ᠂ ᠬᠠᠷᠠᠭ᠎ᠠ ᠪᠠᠨ ᠥᠷᠭᠡᠳᠬᠡᠵᠦ᠂ ᠣᠳᠣᠬᠠᠨ ᠤ ᠠᠵᠢᠯ ᠣᠯᠭᠤᠯᠲᠠ ᠦᠢᠯᠡᠰ ᠪᠣᠰᠬᠠᠬᠤ ᠪᠠᠶᠢᠳᠠᠯ ᠤᠨ ᠲᠤᠬᠠᠢ ᠤᠯᠠᠮ ᠴᠢᠨᠠᠭᠰᠢᠳᠠ ᠲᠠᠨᠢᠯᠲᠠ ᠲᠠᠢ ᠪᠣᠯᠵᠤ᠂ ᠠᠵᠢᠯ ᠣᠯᠭᠤᠯᠲᠠ ᠦᠢᠯᠡᠰ ᠪᠣᠰᠬᠠᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠡᠷᠡᠭᠡᠯᠵᠡᠭᠡ ᠶᠢ ᠰᠢᠢᠳᠪᠦᠷᠢᠯᠡᠵᠡᠢ ᠭᠡᠵᠦ ᠢᠯᠡᠳᠬᠡᠵᠡᠭᠡᠪᠡ᠃ᠬᠤᠶᠢᠰᠢᠳᠠ ᠶᠢᠨ ᠠᠵᠢᠯ ᠣᠯᠭᠤᠯᠲᠠ ᠦᠢᠯᠡᠰ ᠪᠣᠰᠬᠠᠬᠤ ᠶᠠᠪᠤᠴᠠ ᠳᠤ᠂ ᠰᠢᠷᠭᠠᠭᠤ ᠬᠠᠲᠠᠭᠤᠵᠢᠯᠲᠠᠢ ᠪᠣᠳᠠᠲᠠᠢ ᠶᠢ ᠡᠷᠬᠢᠮᠯᠡᠬᠦ᠂ ᠵᠣᠪᠠᠭᠤᠷᠢ ᠵᠦᠳᠡᠭᠦᠷᠢ ᠶᠢ ᠳᠠᠭᠠᠭᠠᠬᠤ᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠪᠣᠰᠬᠠᠬᠤ ᠴᠡᠷᠢᠭ ᠤᠨ ᠬᠥᠮᠥᠨ ᠤ ᠳᠦᠷᠰᠦ ᠪᠠᠶᠢᠳᠠᠯ ᠢ ᠥᠩᠭᠡᠷᠡᠭᠰᠡᠨ ᠲᠠᠢ ᠪᠠᠨ ᠠᠳᠠᠯᠢ ᠪᠠᠷ ᠪᠠᠳᠠᠷᠠᠭᠤᠯᠵᠤ᠂ ᠴᠡᠷᠢᠭ ᠠᠴᠠ ᠬᠠᠯᠠᠭᠳᠠᠬᠤ ᠳᠤ ᠥᠩᠭᠡ ᠤᠨᠠᠬᠤ ᠦᠭᠡᠢ ᠪᠠᠶᠢᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1