ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠡᠷᠬᠡ ᠠᠰᠢᠭ ᠤᠨ ᠪᠠᠲᠤᠯᠠᠭ᠎ᠠ ᠶᠢ ᠦᠨᠡᠨᠬᠦ ᠪᠡᠶᠡᠯᠡᠭᠦᠯᠬᠦ
ᠨᠡᠶᠢᠲᠡᠯᠡᠭᠰᠡᠨ ᠴᠠᠭ᠄
2023/3/8
     ︽ᠪᠤᠭᠤᠲᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠵᠦ ᠦᠨᠡᠯᠡᠬᠦ ᠳᠦᠷᠢᠮ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠰᠢᠮᠳᠠᠭᠤᠯᠤᠨ ᠭᠦᠢᠴᠡᠳᠬᠡᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠡᠷᠢᠭᠦᠨ ᠤ ᠦᠢᠯᠡᠴᠢᠯᠡᠭᠡᠨ ᠤ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢ ᠠᠬᠢᠭᠤᠯᠬᠤ ᠶᠢᠨ ᠲᠤᠰᠠᠳᠠ᠂ ᠪᠤᠭᠤᠲᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠨᠢ 2 ᠳ᠋ᠤᠭᠠᠷ ᠰᠠᠷ᠎ᠠ ᠶᠢᠨ 22 ᠤᠨ ᠡᠳᠦᠷ ᠮᠠᠨ ᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠵᠢᠯᠣᠭᠤᠳᠤᠨ᠎ᠠ᠃      ᠰᠢᠪᠠᠳᠠᠨ ᠪᠠᠶᠢᠴᠠᠭᠠᠬᠤ ᠶᠠᠪᠤᠴᠠ ᠳᠤ ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠵᠢᠴᠢ 14 ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ ᠪᠠᠶᠢᠴᠠᠭᠠᠵᠤ᠂ ᠡᠯ᠎ᠡ ᠵᠦᠢᠯ ᠤᠨ ᠶᠡᠷᠦᠩᠬᠡᠶᠢᠯᠡᠭᠰᠡᠨ ᠠᠵᠢᠯ ᠪᠠ ᠪᠣᠳᠠᠲᠠᠢ ᠠᠵᠢᠯᠯᠠᠭᠠᠨ ᠤ ᠪᠠᠶᠢᠳᠠᠯ ᠳᠤ ᠵᠤᠷᠪᠤᠰ ᠳᠠᠷᠠᠭᠠᠯᠠᠨ ᠪᠠᠶᠢᠴᠠᠭᠠᠯᠲᠠ ᠬᠢᠭᠰᠡᠨ ᠪᠥᠭᠡᠳ ᠬᠦᠴᠢᠷᠳᠡᠯ ᠢ ᠬᠠᠪᠰᠤᠷᠤᠨ ᠲᠡᠳᠬᠦᠬᠦ ᠠᠵᠢᠯ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠳᠤ ᠤᠯᠠᠮ ᠨᠢᠭᠡ ᠠᠯᠬᠤᠮ ᠤᠨ ᠱᠠᠭᠠᠷᠳᠠᠯᠭ᠎ᠠ ᠭᠠᠷᠭᠠᠭᠰᠠᠨ ᠪᠠᠶᠢᠨ᠎ᠠ᠃ᠳᠠᠷᠠᠭ᠎ᠠ ᠠᠯᠬᠤᠮ ᠳᠤ᠂ ᠬᠤᠲᠠ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠬᠢᠨ ︽ᠰᠢᠮᠳᠠᠭᠤᠯᠤᠨ ᠰᠢᠢᠳᠪᠦᠷᠢᠯᠡᠭᠦᠯᠬᠦ ᠨᠠᠷᠢᠨ ᠳᠦᠷᠢᠮ︾ ᠶᠣᠰᠣᠭᠠᠷ᠂ ᠬᠠᠷᠢᠶ᠎ᠠ ᠣᠷᠣᠨ ᠤ ᠪᠠᠨ ᠲᠣᠰᠬᠤᠨ ︵ᠨᠡᠶᠢᠭᠡᠮ ᠲᠣᠭᠤᠷᠢᠭ︶ ᠤ ᠱᠠᠲᠤᠨ ᠤ ᠦᠢᠯᠡᠴᠢᠯᠡᠭᠡᠨ ᠤ ᠥᠷᠲᠡᠭᠡ ᠶᠢᠨ ᠮᠠᠲ᠋ᠧᠷᠢᠶᠠᠯ ᠳᠤ ᠥᠪᠡᠷ ᠤᠨ ᠪᠠᠶᠢᠴᠠᠭᠠᠯᠲᠠ ᠬᠢᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠠᠩ ᠪᠦᠷᠢᠨ ᠲᠡᠭᠦᠯᠳᠡᠷ ᠪᠣᠯᠭᠠᠵᠤ᠂ ᠴᠡᠷᠢᠭ ᠠᠴᠠ ᠬᠠᠯᠠᠭᠳᠠᠭᠰᠠᠳ ᠤᠨ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠳᠤ ᠨᠠᠩ ᠰᠠᠶᠢᠲᠤᠷ ᠦᠢᠯᠡᠴᠢᠯᠡᠬᠦ ᠶᠢᠨ ᠲᠤᠰᠠᠳᠠ᠂ ᠨᠠᠮ ᠤᠨ ᠪᠠᠶᠢᠭᠤᠯᠤᠯᠲᠠ ᠶᠢᠨ ᠠᠵᠢᠯ ᠲᠠᠢ ᠦᠨᠡᠨᠬᠦ ᠨᠢᠭᠲᠠ ᠤᠶᠠᠯᠳᠤᠭᠤᠯᠵᠤ᠂ ᠴᠡᠷᠢᠭ ᠤᠨ ᠣᠨᠴᠠᠯᠢᠭ ᠢ ᠢᠯᠡᠷᠡᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠲᠤᠰ ᠤᠳᠠᠭᠠᠨ ᠤ ᠰᠢᠪᠠᠳᠠᠨ ᠪᠠᠶᠢᠴᠠᠭᠠᠯᠲᠠ ᠳᠤ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠬᠦ ᠬᠡᠯᠪᠡᠷᠢ ᠪᠠᠷ᠂ ᠵᠥᠭᠡᠯᠡᠨ ᠲᠤᠨᠤᠭ᠂ ᠬᠠᠲᠠᠭᠤ ᠲᠤᠨᠤᠭ ᠤᠨ ᠪᠠᠶᠢᠳᠠᠯ ᠢ ᠣᠶᠢᠯᠠᠭᠠᠬᠤ ᠪᠠ ᠱᠠᠯᠠᠪᠳᠠᠭᠤᠯᠤᠨ ᠪᠠᠶᠢᠴᠠᠭᠠᠵᠤ᠂ ᠵᠥᠭᠡᠯᠡᠨ ᠲᠤᠨᠤᠭ ᠤᠨ ᠮᠠᠲᠧᠷᠢᠶᠠᠯ ᠢ ᠴᠢᠨᠠᠭᠰᠢᠳᠠ ᠲᠡᠭᠦᠯᠳᠡᠷᠵᠢᠭᠦᠯᠬᠦ ᠶᠢᠨ ᠬᠠᠮᠲᠤ ᠤᠯᠤᠰ ᠲᠦᠷᠦ ᠰᠣᠶᠣᠯ ᠤᠨ ᠲᠠᠯᠠᠪᠤᠷ ᠤᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠥᠮ ᠤᠨ ᠪᠠᠶᠢᠭᠤᠯᠤᠯᠲᠠ ᠶᠢᠨ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠬᠠᠷᠭᠤᠭᠤᠯᠵᠤ ᠬᠦᠰᠦᠨᠦᠭᠲᠦ ᠶᠢ ᠬᠠᠷᠭᠤᠭᠤᠯᠵᠤ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠬᠦ ᠬᠡᠷᠡᠭᠲᠡᠢ︔ᠮᠠᠨ ᠤ ᠲᠣᠪᠴᠢᠶ᠎ᠠ ᠶᠢᠨ ᠦᠢᠯᠡᠴᠢᠯᠡᠭᠡᠨ ᠤ ᠲᠥᠪ ᠰᠢᠪᠠᠳᠠᠨ ᠰᠢᠢᠳᠪᠦᠷᠢᠯᠡᠬᠦ ᠪᠠ ᠪᠠᠶᠢᠴᠠᠭᠠᠬᠤ ᠳᠦᠷᠢᠮ ᠤᠨ ᠶᠣᠰᠣᠭᠠᠷ᠂ ᠡᠯ᠎ᠡ ᠲᠥᠷᠥᠯ ᠤᠨ ᠮᠠᠲ᠋ᠧᠷᠢᠶᠠᠯ ᠢ ᠲᠡᠭᠦᠯᠳᠡᠷᠵᠢᠭᠦᠯᠵᠦ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠨᠠᠶᠢᠳᠠᠪᠤᠷᠢᠵᠢᠭᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1