ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠡᠷᠢᠭ ᠤᠨ | ᠠᠯᠪᠠᠨ ᠠᠴᠠ ᠪᠠᠭᠤᠭᠰᠠᠳ᠂ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠬᠦᠷᠲᠡᠮᠵᠢ ᠶᠢᠨ ᠲᠥᠷᠥᠭᠳᠡᠯ ᠢ | ᠨᠡᠮᠡᠭᠳᠡᠭᠦᠯᠬᠦ ᠶᠢᠨ ᠲᠥᠯᠥᠭᠡ᠂ 2022 ᠣᠨ ᠤ 5 ᠰᠠᠷ᠎ᠠ ᠶᠢᠨ 11 ᠤ ᠡᠳᠦᠷ ᠴᠡᠷᠢᠭ ᠤᠨ ᠠᠯᠪᠠᠨ ᠠᠴᠠ | ᠪᠠᠭᠤᠭᠰᠠᠳ ᠪᠠ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠳᠡᠩᠰᠡᠯᠡᠨ ᠺᠠᠷᠲᠯᠠᠬᠤ ᠪᠠ ᠬᠠᠷᠠᠭᠠᠯᠵᠠᠯ ᠤᠨ | ᠦᠨᠡᠮᠯᠡᠯ ᠣᠯᠭᠤᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠰᠢ᠂ ᠲᠤᠰᠬᠠᠢ ᠠᠩᠭᠢ ᠪᠠᠷ ᠲᠦᠯᠬᠢᠨ | ᠠᠬᠢᠭᠤᠯᠬᠤ᠂ ᠬᠡᠰᠡᠭ ᠬᠤᠪᠢᠶᠠᠨ ᠳᠠᠭᠠᠭᠠᠴᠢᠯᠠᠭᠤᠯᠬᠤ᠂ ᠨᠡᠷᠡᠨ ᠳᠤ ᠡᠭᠡᠭᠡᠵᠦ ᠠᠳᠠᠯᠢᠳᠬᠠᠨ ᠰᠢᠯᠭᠠᠷᠠᠭᠤᠯᠬᠤ᠂ | ᠲᠤᠬᠠᠢ ᠶᠢᠨ ᠭᠠᠵᠠᠷ ᠲᠤᠨᠢ ᠰᠢᠪᠠᠳᠠᠨ ᠪᠠᠶᠢᠴᠠᠭᠠᠬᠤ ᠪᠠᠷ ᠳᠡᠮᠵᠢᠨ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ | ᠣᠯᠣᠭᠰᠠᠨ ᠪᠠᠶᠢᠨ᠎ᠠ᠃ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ | ᠵᠢᠴᠢ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ | ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠴᠡᠷᠢᠭ ᠠᠴᠠ ᠬᠠᠯᠠᠭᠳᠠᠭᠰᠠᠳ ᠢ ᠳᠤᠲᠠᠭᠤ ᠭᠦᠶᠦᠯᠭᠡᠬᠦ︾ ᠶᠢ | ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠡᠷᠢᠭ ᠠᠴᠠ ᠬᠠᠯᠠᠭᠳᠠᠭᠰᠠᠳ ᠤᠨ | ᠬᠠᠷᠠᠭᠠᠯᠵᠠᠯ ᠤᠨ ᠦᠨᠡᠮᠯᠡᠯ ᠣᠯᠭᠤᠬᠤ ᠠᠵᠢᠯ ᠢ ᠲᠦᠯᠬᠢᠨ ᠠᠬᠢᠭᠤᠯᠪᠠ᠃ | ᠲᠤᠰᠬᠠᠢ ᠠᠩᠭᠢ ᠶᠢ ᠲᠦᠯᠬᠢᠨ ᠠᠬᠢᠭᠤᠯᠵᠤ + ᠬᠦᠴᠦᠨ ᠢ ᠡᠮᠬᠢᠯᠡᠨ ᠨᠡᠶᠢᠯᠡᠭᠦᠯᠦᠨ᠎ᠡ᠃ᠡᠯ᠎ᠡ ᠪᠠᠯᠭᠠᠰᠤ ︵ | ᠵᠡᠭᠡᠯᠢ ᠭᠤᠳᠤᠮᠵᠢ︶ ᠨᠤᠭᠤᠳ ᠦᠳᠲᠡᠷ ᠲᠦᠷᠭᠡᠨ ᠬᠥᠳᠡᠯᠦᠯᠴᠡᠵᠦ᠂ ᠴᠠᠭ ᠢ ᠲᠣᠩᠭᠤᠷᠠᠭᠤᠯᠤᠨ ᠵᠢᠭᠰᠠᠭᠠᠵᠤ᠂ | ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠠᠯᠭᠠᠰᠤ ︵ᠵᠡᠭᠡᠯᠢ ᠭᠤᠳᠤᠮᠵᠢ︶ | ᠪᠠᠷ ᠨᠢᠭᠡᠴᠢ ᠪᠣᠯᠭᠠᠨ᠂ ᠲᠣᠰᠬᠤᠨ ︵ᠨᠡᠶᠢᠭᠡᠮ ᠲᠣᠭᠤᠷᠢᠭ︶ ᠢᠶᠠᠷ ᠭᠤᠣᠯᠳᠠᠯᠭ᠎ᠠ ᠪᠣᠯᠭᠠᠨ᠂ ᠦᠢᠯᠡᠴᠢᠯᠡᠭᠡᠨ ᠤ | ᠥᠷᠲᠡᠭᠡ ᠪᠠᠷ ᠬᠤᠯᠪᠣᠭᠠᠰᠤ ᠪᠣᠯᠭᠠᠭᠰᠠᠨ ᠠᠵᠢᠯ ᠤᠨ ᠰᠢᠰᠲ᠋ᠧᠮᠵᠢ ᠶᠢᠨ ᠥᠨᠳᠥᠷ ᠦᠷ᠎ᠡ ᠪᠦᠲᠦᠮᠵᠢ ᠲᠠᠢ | ᠠᠵᠢᠯᠯᠠᠭᠠᠨ ᠢ ᠪᠡᠶᠡᠯᠡᠭᠦᠯᠬᠦ ᠬᠡᠷᠡᠭᠲᠡᠢ᠃2022 ᠣᠨ ᠤ 12 ᠰᠠᠷ᠎ᠠ ᠶᠢᠨ 9 ᠋ ᠤ ᠡᠳᠦᠷ᠂ ᠪᠦᠬᠦ ᠣᠷᠣᠨ ᠤ | ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠬᠤ ᠶᠢᠨ ᠬᠠᠮᠲᠤ ᠨᠡᠶᠢᠭᠡᠮ ᠤᠨ ᠬᠦᠴᠦᠨ ᠢ ᠢᠳᠡᠪᠬᠢᠲᠡᠢ ᠪᠠᠷ | ᠣᠷᠣᠭᠤᠯᠤᠨ ᠠᠪᠴᠢᠷᠠᠵᠤ᠂ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠰᠢᠤᠳᠠᠨ ᠤ | ᠬᠠᠳᠠᠭᠠᠯᠠᠮᠵᠢ ᠶᠢᠨ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠢᠯᠲᠠᠨ ᠢ ᠤᠷᠳᠤ | ᠬᠤᠭᠤᠴᠠᠭ᠎ᠠ ᠪᠠᠷ ᠲᠣᠮᠢᠯᠠᠨ ᠰᠠᠭᠤᠯᠭᠠᠬᠤ ᠶᠢ ᠵᠣᠬᠢᠴᠠᠭᠤᠯᠵᠤ᠂ ᠪᠠᠯᠭᠠᠰᠤ︵ᠵᠡᠭᠡᠯᠢ ᠭᠤᠳᠤᠮᠵᠢ︶ ᠶᠢᠨ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠶᠢᠨ ᠠᠵᠢᠯ ᠤᠨ ᠬᠦᠴᠦᠨ ᠢ ᠪᠦᠲᠦᠮᠵᠢᠲᠡᠢ ᠲᠡᠭᠦᠯᠳᠡᠷᠵᠢᠭᠦᠯᠪᠡ᠃ | ᠣᠯᠠᠨ ᠬᠡᠮᠵᠢᠯᠲᠦ ᠤᠬᠠᠭᠤᠯᠭ᠎ᠠ + ᠲᠤᠬᠠᠢ ᠶᠢᠨ ᠲᠠᠯᠠᠪᠤᠷ ᠤᠨ ᠲᠠᠶᠢᠯᠤᠮᠵᠢ᠃ᠸᠢᠴᠠᠲ ᠤᠨ ᠨᠡᠶᠢᠲᠡ ᠶᠢᠨ | ᠳ᠋ᠤᠭᠠᠷ ᠲᠤ ᠲᠦᠰᠢᠭᠯᠡᠨ᠂ ︽ᠴᠡᠷᠢᠭ ᠤᠨ ᠰᠡᠳᠬᠢᠯ ᠥᠨᠢᠳᠡ ᠣᠷᠣᠰᠢᠬᠤ︾ ᠪᠤᠯᠤᠩ ᠳᠤ ᠲᠠᠩᠰᠠ ᠡᠪᠬᠡᠮᠡᠯ | ᠪᠠᠶᠢᠭᠤᠯᠤᠨ ᠺᠠᠷᠲᠯᠠᠨ ᠳᠠᠩᠰᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠬᠦᠷᠭᠡᠨ᠎ᠡ᠃ | ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ᠪᠠ ᠪᠠᠯᠭᠠᠰᠤ ︵ᠵᠡᠭᠡᠯᠢ | ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡᠨ ᠤ ᠥᠷᠲᠡᠭᠡ ᠶᠢᠨ ᠦᠢᠯᠡᠴᠢᠯᠡᠭᠡᠨ ᠤ ᠴᠣᠩᠬᠤᠨ ᠳᠤ᠂ ᠠᠵᠢᠯᠲᠠᠳ ᠲᠤᠬᠠᠢ ᠶᠢᠨ ᠲᠠᠯᠠᠪᠤᠷ ᠲᠤ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠵᠤ᠂ ᠲᠠᠩᠰᠠ ᠡᠪᠬᠡᠮᠡᠯ ᠪᠠᠶᠢᠭᠤᠯᠤᠨ | ᠺᠠᠷᠲᠯᠠᠨ ᠳᠠᠩᠰᠠᠯᠠᠬᠤ ᠪᠠ ᠬᠠᠷᠠᠭᠠᠯᠵᠠᠯ ᠤᠨ ᠦᠨᠡᠮᠯᠡᠯ ᠤᠨ ᠤᠬᠠᠭᠤᠯᠭ᠎ᠠ ᠶᠢᠨ ᠳᠡᠪᠲᠡᠷ ᠢ ᠲᠠᠷᠬᠠᠭᠠᠨ᠎ᠠ᠃ | ᠲᠥᠪᠯᠡᠷᠡᠭᠦᠯᠦᠨ ᠪᠣᠯᠪᠠᠰᠤᠷᠠᠭᠤᠯᠬᠤ + ᠮᠠᠳᠠᠭ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ | ︽ᠳᠠᠭᠠᠭᠤᠯᠤᠨ ᠭᠠᠷᠬᠤ᠂ ᠵᠠᠯᠠᠵᠤ ᠠᠪᠴᠢᠷᠠᠬᠤ᠂ ᠳᠣᠷᠣᠭᠰᠢ ᠶᠠᠪᠤᠬᠤ︾ ᠬᠡᠯᠪᠡᠷᠢ ᠪᠠᠷ ᠳᠠᠮᠵᠢᠭᠤᠯᠤᠨ᠂ ᠤᠷᠢᠳ | ᠬᠤᠵᠢᠳ 14 ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠥᠷᠲᠡᠭᠡ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠳᠤ ᠪᠣᠯᠪᠠᠰᠤᠷᠠᠭᠤᠯᠤᠯ ᠬᠢᠪᠡ᠃ᠡᠭᠦᠨ ᠤ | ᠬᠠᠮᠲᠤ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠬᠥᠮᠥᠨ ᠲᠣᠭᠲᠠᠭᠠᠵᠤ | ᠠᠵᠢᠯ ᠤᠨ ᠪᠠᠶᠢᠷᠢ ᠲᠣᠭᠲᠠᠭᠠᠨ ᠲᠤᠬᠠᠶᠢᠯᠠᠭᠰᠠᠨ ᠠᠵᠢᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠠᠵᠢᠯ ᠢ | ᠬᠠᠷᠢᠭᠤᠴᠠᠭᠤᠯᠵᠤ᠂ ᠬᠠᠮᠤᠭ ᠤᠨ ᠲᠦᠷᠦᠭᠦᠨ ᠳᠤ ᠮᠠᠳᠠᠭ ᠲᠠᠢ ᠵᠦᠢᠯ ᠢ ᠲᠠᠶᠢᠯᠪᠤᠷᠢᠯᠠᠵᠤ ᠥᠭᠬᠦ᠃ | ᠵᠢᠷᠤᠭ ᠡᠯᠭᠦᠵᠦ ᠪᠠᠶᠢᠯᠳᠤᠭᠠᠨ ᠬᠢᠬᠦ ᠳᠤ + ᠴᠢᠩᠭ᠎ᠠ ᠬᠢᠨᠠᠨ ᠵᠢᠯᠣᠭᠤᠳᠤᠨ᠎ᠠ᠃ᠲᠤᠬᠠᠶᠢᠯᠠᠭᠰᠠᠨ ᠠᠵᠢᠯ ᠤᠨ | ᠰᠦᠷᠦᠭᠵᠢᠯ ᠢ ᠪᠠᠶᠢᠭᠤᠯᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠤᠨ ᠲᠣᠭᠲᠠᠴᠠ ᠶᠢ ᠡᠳᠦᠷ | ᠪᠦᠷᠢ ᠨᠢᠭᠡ ᠤᠳᠠᠭ᠎ᠠ ᠨᠡᠪᠲᠡᠷᠡᠭᠦᠯᠬᠦ ᠶᠢ ᠪᠠᠷᠢᠮᠲᠠᠯᠠᠵᠤ᠂ ᠠᠵᠢᠯ ᠤᠨ ᠠᠬᠢᠴᠠ ᠶᠢᠨ ᠬᠦᠰᠦᠨᠦᠭᠲᠦ ᠪᠠ | ᠠᠰᠠᠭᠤᠳᠠᠯ ᠤᠨ ᠨᠠᠷᠢᠨ ᠬᠠᠭᠤᠳᠠᠰᠤ ᠶᠢ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ᠡᠯ᠎ᠡ ᠪᠠᠯᠭᠠᠰᠤ ︵ | ᠵᠡᠭᠡᠯᠢ ᠭᠤᠳᠤᠮᠵᠢ︶ ᠶᠢᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠪᠠ ᠬᠠᠷᠠᠭᠠᠯᠵᠠᠯ ᠤᠨ ᠦᠨᠡᠮᠯᠡᠯ | ᠭᠤᠶᠤᠴᠢᠯᠠᠨ ᠠᠪᠬᠤ ᠠᠵᠢᠯ ᠢ ᠴᠠᠭ ᠲᠤᠬᠠᠢ ᠳᠤᠨᠢ ᠬᠢᠨᠠᠨ ᠵᠢᠯᠣᠭᠤᠳᠤᠨ᠎ᠠ᠃ᠵᠥᠪᠳᠡᠯᠴᠡᠨ ᠰᠤᠳᠤᠯᠤᠨ | ᠮᠠᠭᠠᠳᠯᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠰᠠᠭᠤᠳᠠᠯ ᠢ ︽ᠨᠢᠭᠡ ᠨᠢᠭᠡ︾ ᠪᠠᠷ ᠵᠥᠪᠳᠡᠯᠴᠡᠨ᠎ᠡ᠃ | ᠳ᠋ᠦᠩ ᠾᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠪᠠᠶᠠᠷ | ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠠᠮᠠᠷᠠᠯᠲᠠ ᠶᠢᠨ ᠴᠠᠭ ᠢᠶᠠᠨ ᠬᠠᠶᠠᠵᠤ᠂ ᠲᠥᠪᠯᠡᠷᠡᠭᠦᠯᠦᠨ ᠭᠦᠢᠴᠡᠳᠬᠡᠬᠦ᠂ | ᠪᠤᠷᠤᠭᠤ ᠴᠠᠭ ᠲᠤ ᠭᠦᠢᠴᠡᠳᠬᠡᠬᠦ᠂ ᠭᠡᠷ ᠲᠤᠨᠢ ᠬᠦᠷᠴᠦ ᠭᠦᠢᠴᠡᠳᠬᠡᠬᠦ ᠵᠡᠷᠭᠡ ᠰᠡᠳᠬᠢᠯ ᠢ ᠳᠤᠯᠠᠭᠠᠴᠠᠭᠤᠯᠬᠤ ᠠᠷᠭ᠎ᠠ | ᠬᠡᠮᠵᠢᠶ᠎ᠡ ᠠᠪᠴᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠢ ᠭᠦᠢᠴᠡᠳᠬᠡᠬᠦ ᠠᠵᠢᠯ ᠢ | ᠲᠦᠷᠭᠡᠨ ᠠᠬᠢᠭᠤᠯᠪᠠ᠃ᠰᠦᠯᠵᠢᠶᠡᠨ ᠤ ᠠᠵᠢᠯᠲᠠᠨ ᠴᠡᠷᠢᠭ ᠤᠨ ᠠᠯᠪᠠᠨ ᠠᠴᠠ ᠪᠠᠭᠤᠭᠰᠠᠳ᠂ ᠪᠤᠰᠤᠳ ᠠᠰᠠᠷᠠᠨ | ᠬᠠᠷᠠᠭᠠᠯᠵᠠᠬᠤ ᠡᠲᠡᠭᠡᠳ ᠲᠠᠢ ︽ᠨᠢᠭᠡ ᠳᠤ ᠨᠢᠭᠡ︾ ᠶᠢᠨ ᠬᠠᠷᠢᠯᠴᠠᠭ᠎ᠠ ᠪᠠᠶᠢᠭᠤᠯᠵᠤ᠂ ᠨᠠᠰᠤ ᠠᠬᠠᠰᠢᠷᠠᠵᠤ ᠪᠡᠶ᠎ᠡ | ᠮᠠᠭᠤᠳᠠᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠦᠢᠯᠡᠴᠢᠯᠡᠬᠦ ᠡᠲᠡᠭᠡᠳ ᠲᠤ ᠴᠢᠭᠯᠡᠭᠦᠯᠦᠨ᠂ ᠭᠡᠷ ᠲᠤᠨᠢ | ᠬᠦᠷᠴᠦ ︽ᠨᠢᠭᠡ ᠥᠷᠲᠡᠭᠡᠨ ᠤ ᠮᠠᠶ᠋ᠢᠭ︾ ᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ᠬᠡᠰᠡᠭ ᠪᠠᠯᠭᠠᠰᠤ ︵ | ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡᠨ ᠤ ᠥᠷᠲᠡᠭᠡ ᠦᠢᠯᠡᠴᠢᠯᠡᠭᠡᠨ ᠤ ᠶᠡᠭᠡ ᠲᠢᠩᠬᠢᠮ ᠳᠤ ᠲᠤᠬᠠᠢ ᠶᠢᠨ ᠲᠠᠯᠠᠪᠤᠷ ᠤᠨ ᠭᠥᠯᠢᠶᠡᠨ ᠠᠪᠬᠤ | ᠲᠣᠭᠤᠷᠢᠭ ᠭᠠᠷᠭᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠳᠤᠨᠢ | ᠬᠠᠮᠵᠢᠨ᠂ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠪᠠ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ | ᠠᠵᠢᠯ ᠢ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ ᠦᠨᠡᠨ ᠰᠡᠳᠬᠢᠯ ᠠᠴᠠ ᠪᠠᠨ ᠰᠡᠳᠬᠢᠯᠭᠡ ᠲᠠᠢ ᠪᠠᠷ ᠬᠦᠴᠦᠯᠡᠨ | ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ᠃ | ᠳ᠋ᠦᠩ ᠾᠧ ᠲᠣᠭᠤᠷᠢᠭ ᠤᠨ ᠬᠢᠨ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ ᠲᠠᠢ ᠪᠠᠷ | ᠨᠥᠬᠦᠴᠡᠯ ᠳᠤ ᠨᠡᠶᠢᠴᠡᠬᠦ ᠡᠲᠡᠭᠡᠳ ᠨᠢᠭᠡᠪᠦᠷᠢ ᠳᠤ ᠴᠠᠭ ᠲᠤᠬᠠᠢ ᠳᠤᠨᠢ ᠬᠠᠷᠠᠭᠠᠯᠵᠠᠯ ᠬᠦᠷᠲᠡᠭᠡᠬᠦ ᠪᠠᠷ ᠭᠤᠶᠤᠴᠢᠯᠠᠪᠠ᠃ | 2022 ᠣᠨ ᠤ 12 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠮᠠᠨ ᠤ ᠣᠷᠣᠨ ᠤ ᠳᠡᠩᠰᠡᠯᠡᠨ ᠺᠠᠷᠲᠯᠠᠭᠰᠠᠨ | ᠨᠣᠷᠮ᠎ᠠ 100% ᠳᠤ ᠬᠦᠷᠴᠦ᠂ 9363 ᠬᠠᠷᠠᠭᠠᠯᠵᠠᠯ ᠤᠨ ᠦᠨᠡᠮᠯᠡᠯ ᠢ ᠭᠦᠢᠴᠡᠳᠬᠡᠵᠦ᠂ 93% ᠳᠤ ᠬᠦᠷᠴᠡᠢ᠃ | ᠣᠲᠣ ᠪᠣᠯᠲᠠᠯ᠎ᠠ᠂ ᠬᠠᠷᠠᠭᠠᠯᠵᠠᠯ ᠤᠨ ᠦᠨᠡᠮᠯᠡᠯ ᠢ ᠨᠢᠭᠡᠨᠲᠡ ᠪᠠᠯᠭᠠᠰᠤ ︵ᠵᠡᠭᠡᠯᠢ ᠭᠤᠳᠤᠮᠵᠢ︶ ᠶᠢᠨ ᠦᠢᠯᠡᠴᠢᠯᠡᠭᠡᠨ ᠤ | ᠥᠷᠲᠡᠭᠡ ᠳᠤ 7571 ᠬᠤᠪᠢ ᠲᠠᠷᠬᠠᠭᠠᠵᠤ᠂ ᠺᠠᠷᠲ ᠦᠢᠯᠡᠳᠴᠦ ᠰᠢᠤᠳᠠᠨ ᠢᠶᠠᠷ ᠢᠯᠡᠭᠡᠬᠦ ᠶᠠᠪᠤᠴᠠ ᠳᠤ 641 | ᠬᠤᠪᠢ ᠲᠠᠷᠬᠠᠭᠠᠵᠤ᠂ ᠣᠳᠣᠬᠠᠨ ᠳᠤ ᠬᠠᠷᠠᠭᠠᠯᠵᠠᠯ ᠤᠨ ᠦᠨᠡᠮᠯᠡᠯ ᠣᠯᠭᠤᠬᠤ ᠠᠵᠢᠯ ᠶᠠᠭ ᠡᠮᠬᠢ ᠴᠡᠭᠴᠡ ᠲᠠᠢ | ᠶᠠᠪᠤᠭᠳᠠᠵᠤ ᠪᠠᠶᠢᠨ᠎ᠠ᠃ | | | |