ᠳ᠋ᠦᠩ ᠾᠧ ᠲᠣᠭᠤᠷᠢᠭ᠄ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠬᠤ ᠳᠤ ᠲᠠᠷᠢᠶᠠᠨ ᠴᠠᠭ ᠢ ᠰᠠᠭᠠᠲᠠᠭᠠᠬᠤ ᠦᠭᠡᠢ
ᠨᠡᠶᠢᠲᠡᠯᠡᠭᠰᠡᠨ ᠴᠠᠭ᠄
2023/4/12
     ᠬᠠᠪᠤᠷ ᠤᠨ ᠳᠤᠮᠳᠠ ᠰᠠᠷ᠎ᠠ ᠳᠤ᠂ ᠲᠠᠷᠢᠶᠠᠯᠠᠩ ᠤᠨ ᠠᠵᠢᠯ ᠤᠯᠠᠮ ᠢᠶᠠᠷ ᠶᠠᠭᠠᠷᠠᠤ ᠪᠣᠯᠪᠠ᠃ᠰᠢᠷᠴᠢᠨ ᠪᠠᠯᠭᠠᠰᠤ ᠶᠢᠨ ᠱᠢ ᠳ᠋ᠡ ᠭᠦ᠋ ᠲᠣᠰᠬᠤᠨ ᠤ ᠲᠠᠷᠢᠶᠠᠨ ᠵᠠᠬ᠎ᠠ ᠳᠤ᠂ ᠲᠠᠷᠢᠮᠠᠯ ᠤᠨ ᠡᠷᠦᠬᠡ ᠨᠦᠭᠦᠳ ᠰᠢᠷᠣᠢ ᠤᠷᠪᠠᠭᠤᠯᠬᠤ ᠪᠠ ᠪᠣᠷᠳᠣᠭᠤᠷ ᠣᠷᠣᠭᠤᠯᠬᠤ ᠪᠠᠷ ᠶᠠᠭᠠᠷᠠᠯᠳᠤᠵᠤ᠂ ᠶᠠᠭᠠᠷᠠᠯᠲᠠᠢ ᠪᠠᠶᠢᠳᠠᠯ ᠲᠠᠢ ᠪᠠᠶᠢᠯ᠎ᠠ᠃ᠵᠠᠩ ᠬᠧ ᠸᠧᠢ ᠶᠢᠨ ᠬᠥᠳᠡᠭᠡ ᠠᠵᠤ ᠠᠬᠤᠢ ᠶᠢᠨ ᠬᠦᠯᠡᠮᠵᠢ ᠳᠤ᠂ ᠠᠩᠬᠠᠨ ᠤ ᠪᠦᠯᠦᠭ ᠤᠨ ᠲᠤᠷᠰᠢᠯᠲᠠ ᠶᠢᠨ ᠴᠢᠭ᠋ ᠤᠨ ᠮᠤᠨᠲ᠋ᠥᠯᠥᠶᠠᠯ ᠤᠨ ᠠᠮᠲᠠᠲᠤ ᠬᠡᠮᠬᠡ ᠶᠢᠨ ᠢᠵᠢ ᠬᠤᠭᠤᠯᠠᠨ ᠤ ᠪᠣᠷᠳᠣᠭᠤᠷ ᠣᠷᠣᠭᠤᠯᠬᠤ ᠲᠥᠰᠥᠯ ᠤᠨ ᠲᠤᠷᠰᠢᠯᠲᠠ ᠶᠢᠨ ᠲᠠᠷᠢᠶᠠᠨ ᠭᠠᠵᠠᠷ ᠪᠣᠯᠤᠭᠰᠠᠨ ᠤ ᠬᠤᠪᠢ ᠳᠤ᠂ ᠠᠳᠡᠬᠢ ᠠᠷᠪᠠᠨ ᠮᠦ ᠲᠠᠷᠢᠶᠠᠨ ᠭᠠᠵᠠᠷ ᠨᠢ ᠲᠣᠰᠬᠤᠨ ᠤ ᠬᠥᠮᠥᠰ ᠤᠨ ᠠᠩᠬᠠᠷᠤᠯ ᠢ ᠲᠠᠲᠠᠬᠤ︽ᠤᠳᠤ︾ᠪᠣᠯᠵᠠᠢ᠃      ᠱᠢ ᠳ᠋ᠡ ᠬᠥ᠋ ᠲᠣᠰᠬᠤᠨ ᠤ ᠱᠦᠵᠢ ᠮᠢᠶᠣᠣ ᠰᠢᠨ ᠴᠢ ᠡᠨᠡ ᠵᠢᠯ ᠤᠨ ᠰᠢᠨ᠎ᠡ ᠪᠠᠷ ᠣᠷᠣᠭᠤᠯᠤᠭᠰᠠᠨ ᠮᠣᠨᠲᠷᠧᠶᠠᠯ ᠤᠨ ᠪᠣᠷᠳᠣᠭᠤᠷ ᠲᠤ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ᠂ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠥᠩᠭᠡᠷᠡᠭᠰᠡᠨ ᠵᠢᠯ ᠤᠳ ᠲᠤ ᠮᠠᠨ ᠤ ᠭᠤᠸᠠ 7 ᠰᠠᠷ᠎ᠠ ᠳᠤ ᠵᠠᠬ᠎ᠠ ᠳᠡᠯᠭᠡᠭᠦᠷ ᠲᠤ ᠭᠠᠷᠤᠨ᠎ᠠ᠂ ᠡᠨᠡ ᠵᠢᠯ ᠪᠢᠳᠡ ᠠᠷᠪᠠᠨ ᠮᠦ ᠭᠠᠵᠠᠷ  ᠢ ᠲᠤᠷᠰᠢᠯᠲᠠ  ᠶᠢᠨ ᠲᠠᠷᠢᠶᠠᠨ ᠤ ᠬᠤᠪᠢ ᠪᠠᠷ ᠦᠨ᠎ᠡ ᠲᠥᠯᠥᠪᠦᠷᠢ ᠦᠭᠡᠢ ᠪᠠᠷ ᠮᠣᠨᠲᠷᠧᠶᠠᠯ ᠤᠨ ᠪᠣᠷᠳᠣᠭᠤᠷ  ᠢ ᠲᠤᠷᠰᠢᠨ ᠬᠡᠷᠡᠭᠯᠡᠵᠦ᠂ ᠬᠤᠶᠠᠷ ᠡᠳᠦᠷ ᠤᠨ ᠳᠠᠷᠠᠭ᠎ᠠ ᠭᠠᠵᠠᠷ ᠤᠨ ᠳᠤᠯᠠᠭᠠᠨ ᠳᠡᠭᠡᠭᠰᠢᠯᠡᠭᠰᠡᠨ ᠤ ᠳᠠᠷᠠᠭ᠎ᠠ ᠡᠬᠢᠯᠡᠵᠦ ᠳᠠᠷᠢᠨ᠎ᠠ᠂ ᠦᠷ᠎ᠡ ᠪᠦᠲᠦᠮᠵᠢ ᠰᠠᠶᠢᠨ ᠪᠣᠯ ᠲᠠᠷᠪᠤᠰ ᠤᠨ ᠪᠣᠯᠪᠠᠰᠤᠷᠠᠬᠤ ᠴᠠᠭ ᠨᠢ ᠥᠩᠭᠡᠷᠡᠭᠰᠡᠨ ᠵᠢᠯ ᠤᠨ ᠬᠢ ᠠᠴᠠ ᠨᠢᠭᠡ ᠰᠠᠷ᠎ᠠ ᠤᠷᠢᠳᠴᠢᠯᠠᠵᠤ ᠪᠣᠯᠣᠨ᠎ᠠ︾ ᠭᠡᠵᠡᠢ᠃
     ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠣᠯ ᠠᠮᠤ ᠪᠤᠳᠠᠭᠠᠨ ᠤ ︽ᠠᠮᠤ ᠪᠤᠳᠠᠭ᠎ᠠ︾ ᠮᠥᠨ᠂ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠤᠷᠢᠳᠠᠪᠠᠷ ᠬᠡᠷᠡᠭᠯᠡᠨ᠎ᠡ᠃ᠣᠶᠢᠷ᠎ᠠ ᠶᠢᠨ ᠡᠳᠦᠷ ᠤᠳ ᠲᠤ᠂ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯᠣᠨ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠤᠰᠬᠠᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠮᠠᠨ ᠤ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠭᠦᠨᠵᠡᠭᠡᠶᠢᠷᠡᠨ᠂ ᠬᠢᠮᠢ ᠶᠢᠨ ᠪᠣᠷᠳᠣᠭᠤᠷ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ᠂ ᠲᠠᠷᠢᠶᠠᠯᠠᠩ ᠳᠤ ᠬᠡᠷᠡᠭᠯᠡᠬᠦ ᠮᠠᠰᠢᠨ ᠪᠠᠭᠠᠵᠢ ᠬᠡᠷᠡᠭᠰᠡᠯ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠴᠢᠩᠭ᠎ᠠ ᠠᠩᠬᠠᠷᠴᠤ᠂ ᠦᠢᠯᠡᠳᠪᠦᠷᠢᠯᠡᠯ᠂ ᠭᠦᠢᠯᠭᠡᠭᠡᠨ ᠤ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠷᠣᠯᠠᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠷᠢᠶᠠᠴᠢᠳ ᠤᠨ ᠰᠠᠨᠠᠭ᠎ᠠ ᠠᠮᠤᠷ ᠳᠠᠷᠢᠬᠤ᠂ ᠰᠠᠨᠠᠭ᠎ᠠ ᠠᠮᠤᠷ ᠡᠮ᠂ ᠰᠠᠨᠠᠭ᠎ᠠ ᠠᠮᠤᠷ ᠪᠣᠷᠳᠣᠭᠤᠷ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃      ︽ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠦᠶ᠎ᠡ ᠪᠠᠶᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠠ ᠪᠣᠷᠣᠯᠠᠭᠤᠯᠬᠤ ᠬᠥᠭᠵᠢᠶᠡᠨᠲᠡᠢ ᠴᠠᠭ ᠦᠶ᠎ᠡ ᠳᠤ ᠣᠷᠣᠵᠠᠢ᠃ ᠲᠤᠰ ᠤᠳᠠᠭ᠎ᠠ ᠨᠡᠶᠢᠲᠡ 20 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠂ 5 ᠰᠦᠯᠢᠶᠥᠦ ᠪᠦᠷᠬᠦᠪᠴᠢ ᠪᠣᠷᠣᠯᠠᠭᠤᠯᠬᠤ ᠳᠡᠯᠭᠡᠭᠦᠷ᠂ 1 ᠬᠢᠮᠢ ᠶᠢᠨ ᠪᠣᠷᠳᠣᠭᠤᠷ ᠦᠢᠯᠡᠳᠪᠦᠷᠢᠯᠡᠬᠦ ᠠᠵᠤ ᠠᠬᠤᠶᠢᠯᠠᠯ ᠢ ᠪᠠᠶᠢᠴᠠᠭᠠᠵᠤ᠂ ᠥᠷᠭᠡᠨ ᠤᠯᠠᠨ ᠲᠠᠷᠢᠶᠠᠴᠢᠳ ᠤᠨ ᠰᠠᠨᠠᠭ᠎ᠠ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠤᠭᠡ ᠶᠢᠨ ᠪᠡᠶᠡᠴᠢ ᠴᠣᠭᠴᠠ ᠶᠢᠨ ᠬᠢᠷᠢ ᠬᠡᠮ ᠨᠢ ᠬᠠᠤᠯᠢ ᠶᠣᠰᠣᠨ ᠤ ᠪᠥᠭᠡᠳ ᠬᠦᠴᠦᠨ ᠲᠠᠢ ᠪᠠᠶᠢᠬᠤ ᠡᠰᠡᠬᠦ᠂ ᠣᠷᠣᠭᠤᠯᠵᠤ ᠪᠣᠷᠣᠯᠠᠭᠤᠯᠬᠤ ᠪᠠᠷᠠᠭᠠᠨ ᠤ ᠡᠬᠡ ᠲᠠᠩᠰᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠭᠰᠡᠨ ᠡᠰᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠪᠠᠷᠠᠭ᠎ᠠ ᠣᠷᠣᠭᠤᠯᠬᠤ ᠠᠷᠭ᠎ᠠ ᠵᠠᠮ ᠨᠢ ᠵᠢᠩᠬᠢᠨᠢ ᠪᠠᠶᠢᠬᠤ ᠡᠰᠡᠬᠦ᠂ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠪᠠ ᠪᠣᠭᠤᠳᠠᠯ ᠤᠨ ᠲᠣᠳᠣᠷᠬᠠᠶᠢᠯᠠᠯᠲᠠ ᠨᠢ ᠵᠢᠷᠤᠮᠵᠢᠭᠤᠨ ᠪᠥᠭᠡᠳ ᠦᠨᠡᠨ ᠪᠣᠳᠠᠲᠠᠢ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠪᠠᠶᠢᠴᠠᠭᠠᠨ ᠰᠢᠯᠭᠠᠨ᠎ᠠ︾ ᠭᠡᠵᠦ ᠵᠢᠭᠠᠵᠤ ᠭᠠᠷᠭᠠᠪᠠ᠃ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠤᠨ ᠠᠵᠢᠯᠲᠠᠨ ᠶᠠᠩ ᠺᠠᠢ ᠪᠥᠸᠧ ᠰᠤᠷᠪᠤᠯᠵᠢᠯᠠᠭᠴᠢ ᠳᠤ ᠲᠣᠰ ᠤᠳᠠᠭᠠᠨ ᠤ ᠲᠤᠰᠬᠠᠢ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃      ᠬᠠᠪᠤᠷ ᠤᠨ ᠤᠯᠠᠷᠢᠯ ᠳᠤ ᠨᠢᠭᠡ ᠮᠥᠬᠦᠯᠢᠭ ᠨᠠᠷᠢᠮᠤ ᠲᠠᠷᠢᠵᠦ᠂ ᠨᠠᠮᠤᠷ ᠤᠨ ᠬᠤᠷᠢᠶᠠᠯᠲᠠ ᠳᠤ ᠲᠦᠮᠡᠨ ᠮᠥᠬᠦᠯᠢᠭ ᠠᠮᠤ ᠬᠤᠷᠢᠶᠠᠳᠠᠭ᠃ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠲᠠᠷᠢᠶᠠᠯᠠᠩ ᠤᠨ ᠡᠯᠪᠡᠭ ᠬᠤᠷᠢᠶᠠᠯᠲᠠ ᠳᠤ ᠬᠤᠯᠪᠣᠭᠳᠠᠬᠤ ᠡᠬᠢᠯᠡᠯᠲᠡ ᠶᠢᠨ ᠳᠠᠶᠢᠯᠠᠯᠳᠤᠭᠠᠨ ᠪᠣᠯᠣᠨ᠎ᠠ᠂ ᠳ᠋ᠦᠩ ᠾᠧ ᠲᠣᠭᠤᠷᠢᠭ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠲᠠᠷᠢᠶᠠᠯᠠᠩ ᠤᠨ ᠳᠠᠭᠠᠳᠬᠠᠯ ᠤᠨ ᠪᠠᠲᠤᠯᠠᠪᠤᠷᠢ ᠶᠢᠨ ᠲᠣᠣᠷ ᠢ ᠨᠢᠭᠲᠠ ᠰᠦᠯᠵᠢᠵᠦ᠂ ᠲᠠᠷᠢᠶᠠᠯᠠᠩ ᠤᠨ ᠬᠤᠷᠰᠢᠶ᠎ᠠ ᠪᠣᠯᠣᠨ ᠠᠮᠤ ᠪᠤᠳᠠᠭ᠎ᠠ ᠲᠠᠷᠢᠬᠤ ᠲᠣᠮᠣ ᠡᠷᠦᠬᠡ ᠶᠢᠨ ᠰᠡᠳᠬᠢᠯ ᠢ ᠲᠠᠶᠢᠪᠤᠰᠢᠷᠠᠭᠤᠯᠪᠠ᠃ᠡᠭᠦᠨ ᠤ ᠬᠠᠮᠲᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠮᠠᠰᠢᠨᠴᠢᠯᠠᠯᠲᠠ ᠶᠢ ᠶᠡᠬᠡᠪᠡᠷ ᠠᠬᠢᠭᠤᠯᠵᠤ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠲᠠᠷᠢᠶ᠎ᠠ ᠲᠠᠷᠢᠬᠤ᠂ ᠬᠢᠯᠪᠠᠷᠬᠠᠨ ᠢᠶᠠᠷ ᠲᠠᠷᠢᠶ᠎ᠠ ᠲᠠᠷᠢᠬᠤ ᠶᠢ ᠪᠡᠶᠡᠯᠡᠭᠦᠯᠵᠦ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠢ ᠨᠡᠩ ᠰᠢᠯᠢᠳᠡᠭ ᠨᠡᠩ ᠪᠣᠬᠢᠷᠳᠤᠯ ᠦᠭᠡᠢ ᠪᠣᠯᠭᠠᠨ᠎ᠠ᠃
     ᠣᠯᠠᠨ ᠵᠢᠯ ᠤᠨ ᠲᠤᠷᠰᠢ᠂ ᠲᠠᠷᠢᠶᠠᠨ ᠭᠠᠵᠠᠷ ᠲᠠᠬᠢ ᠰᠦᠯᠢᠶᠥᠦ ᠪᠦᠷᠬᠦᠪᠴᠢ ᠶᠢᠨ ᠦᠯᠡᠳᠡᠭᠳᠡᠯ ᠪᠣᠳᠠᠰ ᠨᠢ ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠡᠪᠳᠡᠵᠦ᠂ ᠲᠠᠷᠢᠮᠠᠯ ᠤᠨ ᠤᠨᠠᠯᠲᠠ ᠶᠢ ᠨᠥᠯᠥᠭᠡᠯᠡᠬᠦ ᠴᠢᠬᠤᠯᠠ ᠡᠯᠧᠮᠧᠨ᠋ᠲ ᠤᠨ ᠨᠢᠭᠡ ᠪᠣᠯᠵᠠᠢ᠃ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ  ᠪᠠᠷ ᠰᠠᠶᠢᠲᠤᠷ ᠬᠢᠬᠦ ᠶᠢᠨ ᠲᠥᠯᠥᠭᠡ᠂ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠬᠠᠮᠠᠭᠠᠯᠠᠨ ᠰᠠᠶᠢᠵᠢᠷᠠᠭᠤᠯᠵᠤ᠂ ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠨ ᠰᠢᠷᠴᠢᠨ ᠪᠠᠯᠭᠠᠰᠤ᠂ ᠡᡁᠸ ᠳ᠋ᠦᠩ ᠪᠠᠯᠭᠠᠰᠤ ᠶᠢᠨ ᠡᠯ᠎ᠡ ᠲᠣᠰᠬᠤᠨ ᠳᠤ ᠭᠦᠨᠵᠡᠭᠡᠶᠢᠷᠡᠨ ᠤᠯᠤᠰ ᠤᠨ ᠰᠢᠨ᠎ᠡ ᠪᠠᠷᠢᠮᠵᠢᠶᠠᠲᠤ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠤᠬᠠᠭᠤᠯᠵᠤ᠂ ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠰᠦᠯᠢᠶᠥᠦ ᠪᠦᠷᠬᠦᠪᠴᠢ ᠶᠢ ᠬᠡᠷᠡᠭᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠦᠨ᠎ᠡ᠃
     ︽ᠥᠩᠭᠡᠷᠡᠭᠰᠡᠨ ᠳᠤ ᠵᠢᠯ ᠪᠦᠷᠢ  ᠶᠢᠨ ᠬᠠᠪᠤᠷ ᠡᠪᠦᠯ ᠤᠨ ᠬᠤᠶᠠᠷ ᠤᠯᠠᠷᠢᠯ ᠳᠤ᠂ ᠬᠤᠯᠠ  ᠠᠴᠠ ᠬᠠᠷᠠᠬᠤ ᠳᠤ ᠭᠠᠵᠠᠷ ᠪᠣᠯᠭᠠᠨ ᠳᠤ ︿ᠴᠠᠭᠠᠨ ᠴᠡᠴᠡᠭ﹀ ᠤᠨ ᠦᠵᠡᠭᠳᠡᠯ ᠬᠠᠷᠠᠭᠳᠠᠨ᠎ᠠ᠂ ᠤᠳᠠᠭᠠᠨ ᠵᠢᠯ ᠤᠨ ᠲᠤᠷᠰᠢ ᠬᠤᠷᠠᠮᠳᠤᠵᠤ ᠢᠷᠡᠭᠰᠡᠨ ᠦᠯᠡᠳᠡᠭᠳᠡᠯ ᠪᠦᠷᠬᠦᠪᠴᠢ ᠳᠡᠩᠳᠡᠭᠦᠦ ᠠᠷᠪᠢᠨ ᠪᠣᠯᠵᠤ᠂ ᠦᠷ᠎ᠡ ᠳᠠᠷᠢᠵᠤ᠂ ᠦᠨᠳᠦᠰᠦ ᠬᠠᠳᠬᠤᠵᠤ ᠴᠢᠳᠠᠬᠤ ᠦᠭᠡᠢ ᠪᠣᠯᠵᠤ᠂ ᠴᠢᠬᠢᠯᠡᠬᠦ ᠨᠣᠷᠮ᠎ᠠ  ᠶᠢ ᠬᠦᠨᠳᠦ ᠨᠣᠴᠢᠲᠠᠢ ᠨᠥᠯᠥᠭᠡᠯᠡᠳᠡᠭ︾ ᠭᠡᠵᠡᠢ᠃  ︽ᠥᠩᠭᠡᠷᠡᠭᠰᠡᠨ ᠳᠤ ᠵᠢᠯ ᠪᠦᠷᠢ  ᠶᠢᠨ ᠬᠠᠪᠤᠷ ᠡᠪᠦᠯ ᠤᠨ ᠤᠯᠠᠷᠢᠯ ᠳᠤ᠂ ᠭᠠᠵᠠᠷ ᠪᠣᠯᠭᠠᠨ ᠳᠤ ᠭᠠᠵᠠᠷ ᠪᠣᠯᠭᠠᠨ ᠳᠤ ᠨᠢᠭᠡ ᠬᠡᠰᠡᠭ ︿ᠴᠠᠭᠠᠨ ᠴᠡᠴᠡᠭ﹀ ᠤᠨ ᠦᠵᠡᠭᠳᠡᠯ ᠭᠠᠵᠠᠷ ᠪᠣᠯᠭᠠᠨ ᠳᠤ ᠬᠠᠷᠠᠭᠳᠠᠨ᠎ᠠ᠂ ᠡᠶᠢᠮᠦ ᠠᠴᠠ ᠴᠢᠬᠢ ᠰᠠᠭᠤᠯᠭᠠᠬᠤ ᠨᠣᠷᠮ᠎ᠠ  ᠶᠢ ᠬᠦᠨᠳᠦ ᠨᠣᠴᠢᠲᠠᠢ ᠨᠥᠯᠥᠭᠡᠯᠡᠳᠡᠭ᠃ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠣᠰ ᠤᠳᠠᠭᠠᠨ ᠤ ᠰᠦᠯᠢᠶᠥᠦ ᠪᠦᠷᠬᠦᠪᠴᠢ ᠶᠢᠨ ᠤᠬᠠᠭᠤᠯᠭ᠎ᠠ ᠶᠢ ᠬᠠᠷᠢᠭᠤᠴᠠᠵᠤ ᠪᠠᠶᠢᠭ᠎ᠠ ᠠᠵᠢᠯᠲᠠᠨ ᠪᠢᠶᠠᠨ ᠱᠤᠸᠠᠢ ᠮᠢᠩ ᠠᠷᠭ᠎ᠠ ᠪᠤᠰᠤ ᠢᠯᠡᠷᠬᠡᠶᠢᠯᠡᠬᠦ ᠳᠡᠭᠡᠨ᠂ ︽ᠬᠠᠭᠤᠴᠢᠨ ᠮᠠᠶ᠋ᠢᠭ ᠤᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠥᠪᠡᠷ ᠤᠨ ᠥᠷᠲᠡᠭ ᠨᠢ ᠥᠨᠳᠥᠷ ᠪᠠᠶᠢᠬᠤ ᠪᠠᠷ ᠪᠠᠷᠠᠬᠤ ᠦᠭᠡᠢ᠂ ᠬᠤᠷᠢᠶᠠᠨ ᠠᠪᠤᠭᠠᠳ ᠠᠮᠵᠢᠯᠲᠠ ᠣᠯᠣᠭᠰᠠᠨ ᠨᠣᠷᠮ᠎ᠠ ᠨᠢ ᠴᠦ ᠮᠠᠰᠢ ᠳᠣᠣᠷ᠎ᠠ ᠪᠠᠶᠢᠵᠤ᠂ ᠦᠯᠡᠳᠡᠭᠰᠡᠨ ᠰᠦᠯᠢᠶᠥᠦ ᠪᠦᠷᠬᠦᠪᠴᠢ  ᠨᠢ ᠴᠥᠮ ᠬᠥᠷᠥᠰᠥ ᠰᠢᠷᠣᠢ ᠶᠢᠨ ᠳᠠᠪᠬᠤᠷᠭ᠎ᠠ ᠶᠢᠨ ᠳᠣᠣᠷ᠎ᠠ ᠨᠢᠭᠤᠭᠳᠠᠵᠤ ᠪᠠᠶᠢᠭ᠎ᠠ ᠴᠡᠪᠡᠷᠯᠡᠬᠦ ᠳᠤ ᠲᠤᠶᠢᠯ ᠤᠨ ᠬᠦᠴᠢᠷᠲᠡᠢ ︿ᠪᠤᠷᠤᠩᠬᠤᠢ﹀ ᠪᠠᠶᠢᠵᠤ᠂ ᠬᠥᠮᠥᠰ ᠤᠨ ᠲᠣᠯᠣᠭᠠᠢ ᠶᠢ ᠡᠪᠡᠳᠬᠡᠨ᠎ᠡ᠃ ᠮᠠᠨ ᠤ ᠤᠳᠤ ᠶᠢᠨ ᠳᠡᠯᠭᠡᠷᠡᠭᠦᠯᠵᠦ ᠪᠠᠶᠢᠭ᠎ᠠ ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠪᠴᠢ ᠶᠢ ᠤᠤᠯ ᠤᠨ ᠬᠡᠷᠡᠭᠯᠡᠵᠦ ᠪᠠᠶᠢᠭᠰᠠᠨ ᠠᠴᠠ ᠨᠡᠩ ᠠᠮᠠᠷᠬᠠᠨ ᠬᠤᠷᠢᠶᠠᠨ ᠠᠪᠴᠤ᠂ ᠬᠥᠷᠥᠰᠥ ᠰᠢᠷᠣᠢ ᠳᠤ ᠦᠵᠡᠭᠦᠯᠬᠦ ᠨᠥᠯᠥᠭᠡ ᠨᠢ ᠴᠦ ᠨᠡᠩ ᠪᠠᠭ᠎ᠠ ᠪᠠᠶᠢᠳᠠᠭ᠃︾      ᠵᠢᠯ ᠤᠨ ᠠᠵᠢᠯ ᠬᠠᠪᠤᠷ ᠲᠠᠭᠠᠨ ᠪᠠᠶᠢᠳᠠᠭ ᠪᠣᠯᠬᠤᠷ ᠬᠠᠪᠤᠷ ᠤᠨ ᠠᠵᠢᠯ ᠢ ᠨᠢᠭᠡ ᠡᠳᠦᠷ ᠴᠦ ᠬᠤᠶᠢᠰᠢᠯᠠᠭᠤᠯᠵᠤ ᠪᠣᠯᠬᠤ ᠦᠭᠡᠢ᠃ᠳ᠋ᠦᠩ ᠾᠧ ᠲᠣᠭᠤᠷᠢᠭ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠠᠶᠢᠵᠠᠮ ᠢ ᠴᠢᠩᠭ᠎ᠠ ᠠᠳᠬᠤᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠬᠥᠳᠡᠭᠡ ᠠᠵᠤ ᠠᠬᠤᠢ ᠶᠢᠨ ᠡᠯᠪᠡᠭ ᠬᠤᠷᠢᠶᠠᠯᠲᠠ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠢ ᠠᠳᠬᠤᠵᠤ᠂ ᠪᠠᠶᠢᠩᠭᠤ ᠠᠳᠬᠤᠵᠤ᠂ ᠭᠦᠨᠵᠡᠭᠡᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠶᠠᠪᠤᠬᠤ ᠲᠤᠳᠤᠮ ᠥᠷᠭᠡᠨ ᠳᠠᠷᠳᠠᠩ ᠪᠣᠯᠭᠠᠨ᠎ᠠ᠃      
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1