ᠳ᠋ᠦᠩ ᠾᠧ ᠲᠣᠭᠤᠷᠢᠭ᠄ ᠰᠣᠶᠣᠯ ᠵᠤᠭᠠᠴᠠᠯ ᠢ ᠠᠭᠤᠰᠤᠯᠴᠠᠭᠤᠯᠤᠨ ᠵᠡᠭᠡᠯᠢ ᠲᠣᠭᠤᠷᠢᠭ ᠤᠨ ᠰᠣᠶᠣᠯ ᠤᠨ ᠣᠨᠴᠠᠯᠢᠭᠲᠤ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠦᠨ᠎ᠡ
ᠨᠡᠶᠢᠲᠡᠯᠡᠭᠰᠡᠨ ᠴᠠᠭ᠄
2023/4/20
      ᠰᠣᠶᠣᠯ ᠤᠨ ᠣᠨᠴᠠᠯᠢᠭᠲᠤ ᠵᠡᠭᠡᠯᠢ ᠲᠣᠭᠤᠷᠢᠭ ᠪᠣᠯ ᠬᠤᠳᠠ ᠶᠢᠨ ᠬᠥᠭᠵᠢᠶᠡᠨ ᠨᠠᠷᠭᠢᠶᠠᠨ ᠲᠠᠢ ᠴᠣᠩᠬᠤ ᠪᠣᠯᠬᠤ ᠪᠥᠭᠡᠳ ᠨᠡᠩ ᠴᠤ ᠬᠤᠳᠠ ᠶᠢᠨ ᠪᠣᠯᠪᠠᠰᠤᠨ ᠤ ᠨᠡᠷ᠎ᠡ ᠶᠢᠨ ᠬᠠᠭᠤᠳᠠᠰᠤ ᠪᠣᠯᠣᠨ᠎ᠠ᠃ᠰᠣᠶᠣᠯ ᠬᠤᠳᠠᠯᠳᠤᠭ᠎ᠠ ᠵᠢᠭᠤᠯᠴᠢᠯᠠᠯ ᠤᠨ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠴᠢᠨᠠᠷ ᠳᠡᠰ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠥᠨᠢ ᠶᠢᠨ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠵᠦ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠤᠨ᠂ ᠣᠯᠠᠨ ᠲᠦᠮᠡᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠣᠶᠣᠯ ᠤᠨ ᠣᠨᠴᠠᠯᠢᠭᠲᠤ ᠵᠡᠭᠡᠯᠢ ᠲᠣᠭᠤᠷᠢᠭ ᠢ ᠪᠦᠲᠦᠭᠡᠨ ᠪᠠᠶᠢᠭᠤᠯᠤᠨ᠎ᠠ᠃
     ᠴᠢᠶᠣᠤ ᠵᠢᠶᠠ ᠶᠢᠨ ᠵᠡᠭᠡᠯᠢ ᠪᠣᠯ ᠮᠢᠩ ᠤᠯᠤᠰ ᠴᠢᠩ ᠤᠯᠤᠰ ᠤᠨ ᠡᠷᠲᠡᠨ ᠤ ᠬᠢ ᠶᠢ ᠳᠠᠭᠤᠷᠢᠶᠠᠭᠰᠠᠨ ᠪᠠᠷᠢᠯᠭ᠎ᠠ ᠶᠢᠨ ᠪᠦᠯᠦᠭᠯᠡᠯ ᠢᠶᠠᠷ ᠬᠠᠭᠤᠴᠢᠨ ᠪᠤᠭᠤᠲᠤ ᠶᠢᠨ ᠬᠤᠳᠠᠯᠳᠤᠭ᠎ᠠ ᠬᠥᠭᠵᠢᠶᠡᠨᠲᠡᠢ ᠪᠠᠶᠢᠬᠤ ᠶᠢ ᠲᠥᠪᠯᠡᠷᠡᠩᠭᠦᠢ ᠲᠤᠰᠬᠠᠵᠤ᠂ ᠴᠢᠶᠣᠤ ᠵᠢᠶᠠ ᠪᠠᠷ ᠲᠥᠯᠥᠭᠡᠯᠡᠭᠦᠯᠦᠭᠰᠡᠨ ᠱᠠᠨ ᠰᠢ ᠶᠢᠨ ᠬᠤᠳᠠᠯᠳᠤᠭᠠᠴᠢᠨ ᠤ ᠭᠡᠷᠡᠯ ᠰᠠᠴᠤᠷᠠᠩᠭᠤᠢ᠂︽ᠪᠠᠷᠠᠭᠤᠨ ᠭᠠᠷᠠᠮ ᠢᠶᠠᠷ ᠠᠶᠠᠯᠠᠬᠤ︾ᠰᠣᠶᠣᠯ ᠢ ᠲᠠᠬᠢᠨ ᠢᠯᠡᠷᠡᠭᠦᠯᠬᠦ ᠶᠢᠨ ᠲᠥᠯᠥᠭᠡ ᠪᠠᠶᠢᠭᠤᠯᠤᠭᠰᠠᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠪᠣᠯᠣᠨ᠎ᠠ᠃ᠨᠢᠳᠤᠨᠤᠨ᠂ ᠳ᠋ᠦᠩ ᠾᠧ ᠲᠣᠭᠤᠷᠢᠭ ᠤᠨ ᠬᠢᠨ ᠡᠨᠡ ᠬᠦ ᠵᠡᠭᠡᠯᠢ ᠶᠢ ᠪᠦᠬᠦᠯᠢ ᠴᠣᠭᠴᠠ ᠪᠠᠷ ᠨᠢ ᠳᠡᠰ ᠳᠡᠪᠰᠢᠭᠦᠯᠦᠨ ᠥᠭᠡᠷᠡᠴᠢᠯᠡᠵᠦ᠂ ᠤᠯᠠᠨ ᠶᠠᠩᠵᠤ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠬᠤᠳᠠ ᠪᠣᠯᠣᠨ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠤᠨ ᠪᠤᠰᠤ ᠰᠣᠶᠣᠯ ᠤᠨ ᠥᠪ ᠪᠠ ᠬᠤᠪᠢᠰᠬᠠᠯ ᠤᠨ ᠰᠣᠶᠣᠯ ᠢ ᠲᠤᠪᠤᠶᠢᠯᠭᠠᠵᠦ᠂ ᠤᠯᠠᠮᠵᠢᠯᠠᠯᠲᠤ ᠰᠣᠶᠣᠯ ᠤᠨ ᠡᠯᠧᠮᠧᠨ᠋ᠲ ᠢ ᠤᠳᠤ ᠦᠶ᠎ᠡ ᠶᠢᠨ ᠬᠤᠳᠠᠯᠳᠤᠭᠠᠨ ᠤ ᠲᠠᠯᠠᠪᠤᠷ ᠲᠤ ᠠᠭᠤᠰᠤᠯᠴᠠᠭᠤᠯᠵᠤ᠂ ᠤᠯᠠᠨ ᠡᠰᠢᠴᠢᠯᠡᠭᠰᠡᠨ ᠰᠣᠶᠣᠯ ᠤᠨ ᠬᠡᠷᠡᠭᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠠᠷᠠᠳ ᠵᠤᠭᠠᠴᠠᠭᠰᠠᠳ ᠲᠤ ᠴᠣ᠋ ᠰᠢᠨ᠎ᠡ ᠬᠡᠷᠡᠭᠯᠡᠭᠡᠨ ᠤ ᠣᠶᠢᠯᠠᠭᠠᠯᠲᠠ ᠶᠢ ᠠᠪᠴᠢᠷᠠᠵᠤ᠂ ᠰᠣᠶᠣᠯ ᠵᠤᠭᠠᠴᠠᠯ ᠤᠨ ᠠᠭᠤᠰᠤᠯᠴᠠᠯ ᠢᠶᠠᠷ ᠵᠡᠭᠡᠯᠢ ᠲᠣᠭᠤᠷᠢᠭ ᠤᠨ ᠠᠵᠤ ᠦᠢᠯᠡᠰᠵᠢᠯᠲᠡ᠂ ᠲᠤᠰᠬᠠᠶᠢᠵᠢᠯᠲᠠ᠂ ᠶᠠᠰᠤ ᠴᠢᠨᠠᠷᠵᠢᠯᠲᠠ ᠶᠢᠨ ᠲᠡᠰ ᠳᠡᠪᠰᠢᠬᠦ ᠶᠢ ᠪᠡᠶᠡᠯᠡᠭᠦᠯᠬᠦ ᠳᠤ ᠬᠦᠴᠦ ᠨᠡᠮᠡᠷᠢᠯᠡᠨ᠎ᠡ᠃     ᠮᠠᠨ ᠤ ᠯᠢᠦ ᠾᠧ ᠳᠡᠷ᠎ᠡ 2021 ᠣᠨ ᠤ ᠳᠤᠮᠳᠠᠳᠤ ᠤᠯᠤᠰ ᠤᠨ ᠵᠤᠭᠠᠴᠠᠯ ᠤᠨ ᠣᠨᠴᠠᠯᠢᠭᠲᠤ ᠪᠦᠲᠦᠭᠡᠭᠳᠡᠬᠦᠨ ᠤ ᠤᠷᠤᠯᠳᠤᠭᠠᠨ ᠳᠤ ᠱᠠᠩᠨᠠᠯ ᠬᠦᠷᠲᠡᠵᠦ᠂ ᠬᠠᠭᠠᠨ ᠤ ᠣᠷᠳᠣᠨ ᠤ ᠮᠦᠽᠧᠢ ᠳᠤ ᠳᠡᠯᠭᠡᠨ ᠪᠣᠷᠣᠯᠠᠭᠤᠯᠵᠤ᠂ ᠡᠨᠡ ᠬᠤᠶᠠᠷ ᠵᠢᠯ ᠳᠤ ᠳᠠᠰᠤᠷᠠᠯᠳᠠ ᠦᠭᠡᠢ ᠰᠢᠨ᠎ᠡ ᠶᠢ ᠡᠭᠦᠳᠬᠦ ᠪᠠᠷ ᠳᠠᠮᠵᠢᠨ᠂ ᠠᠷᠪᠠᠨ ᠬᠤᠶᠠᠷ ᠵᠢᠯ ᠤᠨ ᠡᠯᠭᠦᠭᠡ ᠬᠡᠷᠡᠭᠰᠡᠯ᠂ ᠦᠨᠦᠷᠲᠦ ᠬᠠᠪᠲᠠᠭ᠎ᠠ ᠵᠡᠷᠭᠡ ᠠᠴᠠ ᠡᠭᠦᠰᠦᠭᠰᠡᠨ ᠪᠦᠲᠦᠭᠡᠯᠴᠢ ᠪᠦᠲᠦᠭᠡᠭᠳᠡᠬᠦᠨ ᠢ ᠲᠥᠰᠥᠪᠯᠡᠵᠦ᠂ ᠥᠷᠭᠡᠨ ᠤᠯᠠᠨ ᠬᠡᠷᠡᠭᠯᠡᠭᠴᠢᠳ ᠤᠨ ᠲᠠᠭᠠᠰᠢᠶᠠᠯ ᠢ ᠣᠯᠣᠭᠰᠠᠨ ᠪᠠᠶᠢᠨ᠎ᠠ︾ᠭᠡᠵᠦ ᠵᠢᠭᠠᠵᠤ ᠭᠠᠷᠭᠠᠪᠠ᠃ ᠡᠨᠡ ᠬᠤᠶᠠᠷ ᠵᠢᠯ ᠤᠨ ᠲᠤᠷᠰᠢ ᠪᠢᠳᠡ ᠳᠠᠰᠤᠷᠠᠯᠳᠠ ᠦᠭᠡᠢ ᠰᠢᠨ᠎ᠡ ᠶᠢ ᠡᠭᠦᠳᠬᠦ ᠪᠠᠷ ᠳᠠᠮᠵᠢᠨ᠂ ᠠᠷᠪᠠᠨ ᠬᠤᠶᠠᠷ ᠵᠢᠯ ᠤᠨ ᠡᠯᠭᠦᠭᠡ ᠬᠡᠷᠡᠭᠰᠡᠯ᠂ ᠦᠨᠦᠷᠲᠦ ᠬᠠᠪᠲᠠᠭ᠎ᠠ ᠵᠡᠷᠭᠡ ᠠᠴᠠ ᠡᠭᠦᠰᠦᠭᠰᠡᠨ ᠰᠢᠨ᠎ᠡ ᠡᠭᠦᠳᠦᠯᠲᠡ ᠶᠢᠨ ᠪᠦᠲᠦᠭᠡᠭᠳᠡᠬᠦᠨ ᠢ ᠲᠥᠰᠥᠪᠯᠡᠵᠦ᠂ ᠥᠷᠭᠡᠨ ᠤᠯᠠᠨ ᠬᠡᠷᠡᠭᠯᠡᠭᠴᠢᠳ ᠤᠨ ᠲᠠᠭᠠᠰᠢᠶᠠᠯ ᠢ ᠣᠯᠣᠭᠰᠠᠨ ᠪᠠᠶᠢᠨ᠎ᠠ᠃ ᠯᠢᠦ ᠾᠧ ᠳᠡᠷ᠎ᠡ ᠶᠢᠨ ᠤᠯᠠᠮᠵᠢᠯᠠᠭᠴᠢ ᠶᠡᠷᠦ ᠠᠴᠠ ᠳᠡᠯᠭᠡᠭᠦᠷ ᠤᠨ ᠵᠣᠴᠢᠳ ᠤᠨ ᠲᠠᠨᠢᠯᠴᠠᠭᠤᠯᠭ᠎ᠠ ᠪᠠᠷ᠂      ᠴᠢᠶᠣᠤ ᠵᠢᠶᠠ ᠶᠢᠨ ᠵᠡᠭᠡᠯᠢ ᠳᠤ ᠬᠠᠭᠤᠴᠢᠨ ᠪᠤᠭᠤᠲᠤ ᠶᠢᠨ ᠥᠪᠡᠷᠮᠢᠴᠡ ᠰᠣᠶᠣᠯ ᠤᠨ ᠠᠭᠤᠯᠬᠤᠨ ᠳᠤ ᠰᠢᠩᠭᠡᠭᠰᠡᠨ ᠦ᠋ ᠭᠤᠸᠠᠢ ᠶᠢᠨ ᠴᠠᠢ ᠶᠢᠨ ᠱᠥᠯᠥ᠂ ᠯᠢᠦ ᠾᠧ ᠳᠡᠷ᠎ᠡ᠂ ᠰᠦᠨ ᠣᠪᠣᠭᠲᠤ ᠶᠢᠨ ᠴᠠᠭᠠᠰᠤᠨ ᠬᠠᠶᠢᠴᠢᠯᠠᠮᠠᠯ᠂ ᠬᠤᠨᠢᠨ ᠥᠭᠡᠬᠦ ᠰᠠᠪᠤᠩ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ 15 ᠲᠥᠷᠥᠯ ᠵᠦᠢᠯ ᠠᠳᠡ ᠨᠤᠲᠤᠭᠰᠢᠨ ᠰᠠᠭᠤᠷᠢᠰᠢᠪᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 2᠂ ᠪᠤᠭᠤᠲᠤ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 2᠂ ᠳ᠋ᠦᠩ ᠾᠧ ᠲᠣᠭᠤᠷᠢᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 11 ᠪᠠᠶᠢᠵᠤ᠂ ᠠᠳᠡᠬᠢ ᠶᠢ ᠪᠥᠬᠦ ᠪᠤᠭᠤᠲᠤ ᠶᠢᠨ ᠬᠠᠮᠤᠭ ᠤᠨ ᠥᠳᠬᠡᠨ ᠬᠠᠮᠤᠭ ᠤᠨ ᠵᠢᠩᠬᠢᠨᠢ ᠰᠢ ᠺᠧᠦ ᠶᠢᠨ ᠰᠣᠶᠣᠯ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠭᠠᠭᠰᠠᠨ ᠢᠶᠠᠷ ᠪᠠᠷᠠᠬᠤ ᠦᠭᠡᠢ᠂ ᠥᠪᠡᠷᠮᠢᠴᠡ ᠣᠨᠴᠠᠯᠢᠭ ᠲᠠᠢ ᠰᠣᠶᠣᠯ ᠤᠨ ᠥᠪ ᠤᠨ ᠪᠤᠰᠤ ᠪᠦᠲᠦᠭᠡᠭᠳᠡᠬᠦᠨ ᠴᠦ ᠠᠳᠡ ᠠᠴᠠ ᠲᠦᠭ ᠲᠦᠮᠡᠨ ᠠᠶᠢᠯ ᠡᠷᠦᠬᠡ ᠳᠤ ᠭᠦᠷᠦᠭᠰᠡᠨ ᠪᠠᠶᠢᠨ᠎ᠠ᠃
     ᠬᠤᠪᠢᠰᠬᠠᠯ ᠤᠨ ᠰᠣᠶᠣᠯ ᠨᠢ ᠰᠣᠶᠣᠯ ᠤᠨ ᠣᠨᠴᠠᠯᠢᠭᠲᠤ ᠵᠡᠭᠡᠯᠢ ᠲᠣᠭᠤᠷᠢᠭ ᠲᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠡᠢ᠃︽ᠦᠢᠯᠡᠳᠪᠦᠷᠢᠯᠡᠯ ᠢᠶᠠᠷ ᠬᠤᠲᠠ ᠶᠢ ᠬᠥᠭᠵᠢᠭᠦᠯᠵᠦ᠂ ᠬᠤᠲᠠ ᠪᠠᠷ ᠬᠥᠮᠥᠨ ᠢ ᠴᠤᠭᠯᠠᠷᠠᠭᠤᠯᠬᠤ︾ ᠬᠥᠭᠵᠢᠯᠲᠡ ᠶᠢᠨ ᠰᠡᠳᠬᠢᠴᠡ ᠪᠠᠷ᠂ ᠬᠤᠪᠢᠰᠬᠠᠯ ᠤᠨ ᠰᠣᠶᠣᠯ ᠤᠨ ᠵᠤᠭᠠᠴᠠᠯ ᠤᠨ ᠣᠨᠴᠠᠯᠢᠭᠲᠤ ᠬᠥᠭᠵᠢᠯᠲᠡ ᠪᠠᠷ ᠬᠥᠳᠡᠯᠭᠡᠭᠦᠷ ᠪᠣᠯᠭᠠᠵᠤ᠂ ᠲᠡᠦᠬᠡ ᠰᠣᠶᠣᠯ᠂ ᠬᠤᠪᠢᠰᠬᠠᠯ ᠤᠨ ᠰᠣᠶᠣᠯ᠂ ᠪᠠᠶᠢᠭᠠᠯᠢ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠭᠤᠶᠤᠴᠢᠯᠠᠨ ᠮᠡᠳᠡᠭᠦᠯᠵᠦ᠂ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠲᠦᠷᠭᠡᠳᠬᠡᠵᠦ᠂ ᠰᠣᠶᠣᠯ ᠤᠨ ᠰᠢᠨ᠎ᠡ ᠡᠭᠦᠳᠦᠯᠲᠡ ᠶᠢᠨ ᠵᠢᠭᠤᠯᠴᠢᠯᠠᠯ᠂ ᠴᠠᠭ ᠤᠨ ᠥᠩᠭᠡᠲᠦ ᠰᠡᠯᠡᠭᠦᠴᠡᠯ ᠪᠠᠷᠠᠭ᠎ᠠ ᠬᠤᠳᠠᠯᠳᠤᠨ ᠠᠪᠬᠤ᠂ ᠣᠨᠴᠠᠯᠢᠭᠲᠤ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠪᠤᠭᠤᠲᠤ ᠶᠢᠨ ᠰᠣᠶᠣᠯ ᠤᠨ ᠲᠥᠷᠥᠯ ᠤᠨ ᠠᠵᠤ ᠦᠢᠯᠡᠰ ᠤᠨ ᠲᠥᠪᠯᠡᠷᠡᠭᠰᠡᠨ ᠭᠠᠵᠠᠷ ᠪᠠ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠣᠶ ᠪᠣᠯᠭᠠᠵᠤ᠂ ᠪᠤᠭᠤᠲᠤ ᠶᠢᠨ ᠬᠤᠲᠠ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠶᠢ ᠭᠢᠯᠠᠶᠢᠲᠠᠯ᠎ᠠ ᠠᠷᠴᠢᠨ᠎ᠠ᠃      ︽ᠪᠢ ᠬᠡᠳᠦᠶᠢᠪᠡᠷ ᠪᠤᠭᠤᠲᠤ ᠳᠤ ᠲᠦᠷᠦᠵᠦ ᠥᠰᠦᠭᠰᠡᠨ ᠪᠣᠯᠪᠠᠴᠤ᠂ ᠪᠤᠭᠤᠲᠤ ᠳᠤ ᠡᠶᠢᠮᠦ ᠭᠦᠨ ᠵᠤᠵᠠᠭᠠᠨ ᠬᠤᠪᠢᠰᠬᠠᠯ ᠤᠨ ᠰᠣᠶᠣᠯ ᠲᠠᠢ ᠪᠣᠯᠤᠭᠰᠠᠨ ᠳᠤ ᠰᠡᠳᠬᠢᠯ ᠳᠣᠭᠳᠣᠯᠵᠤ᠂ ᠥᠨᠥᠳᠥᠷ ᠬᠤᠪᠢᠰᠬᠠᠯ ᠤᠨ ᠰᠣᠶᠣᠯ ᠤᠨ ᠬᠠᠳᠠᠭᠠᠯᠠᠮᠵᠢ ᠶᠢᠨ ᠦᠵᠡᠭᠦᠯᠦᠯᠭᠡ ᠶᠢ ᠲᠣᠭᠤᠷᠢᠨ ᠦᠵᠡᠭᠰᠡᠨ ᠤ ᠳᠠᠷᠠᠭ᠎ᠠ ᠡᠯᠪᠡᠭ ᠪᠠᠶᠠᠯᠢᠭ ᠣᠯᠣᠯᠲᠠ ᠲᠠᠢ ᠪᠣᠯᠵᠠᠢ᠃ᠦᠵᠡᠭᠦᠯᠦᠯᠭᠡ ᠨᠢ ᠲᠡᠦᠬᠡ  ᠶᠢᠨ ᠪᠣᠳᠠᠲᠤ ᠬᠡᠷᠡᠭ  ᠢᠶᠠᠷ ᠦᠨᠳᠦᠰᠦ ᠪᠠᠷᠢᠮᠲᠠ ᠪᠣᠯᠭᠠᠵᠤ᠂ ᠬᠤᠪᠢᠰᠬᠠᠯ ᠤᠨ ᠬᠠᠳᠠᠭᠠᠯᠠᠭᠴᠢᠳ ᠤᠨ ᠨᠠᠨᠳᠢᠩᠨᠠᠨ ᠬᠠᠳᠠᠭᠠᠯᠠᠵᠤ ᠪᠠᠶᠢᠭ᠎ᠠ ᠤᠷᠠᠯᠢᠭ ᠤᠨ ᠪᠦᠲᠦᠭᠡᠯ  ᠢᠶᠠᠷ ᠭᠤᠣᠯ ᠰᠢᠵᠢᠮ ᠪᠣᠯᠭᠠᠵᠤ᠂ ︽ᠠᠭᠤᠤ ᠬᠥᠮᠥᠨ ᠤ ᠬᠠᠶᠢᠷ᠎ᠠ ᠰᠡᠳᠬᠢᠯᠭᠡ︾ ︽ᠴᠠᠭ ᠦᠶ᠎ᠡ  ᠶᠢᠨ ᠦᠯᠢᠭᠡᠷ ᠳᠠᠭᠤᠷᠢᠶᠠᠯ︾ ︽ᠣᠷᠭᠢᠯᠤᠮ᠎ᠠ ᠬᠠᠯᠠᠭᠤᠨ ᠣᠨ ᠰᠠᠷ᠎ᠠ︾ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ︾ ᠭᠡᠬᠦ ᠳᠥᠷᠪᠡᠨ ᠭᠤᠣᠯ ᠰᠡᠳᠦᠪ  ᠢᠶᠠᠷ ᠬᠤᠪᠢᠶᠠᠭᠳᠠᠵᠤ᠂ ᠬᠤᠪᠢᠰᠬᠠᠯ ᠤᠨ ᠬᠠᠳᠠᠭᠠᠯᠠᠮᠵᠢ  ᠶᠢᠨ ᠵᠦᠢᠯ ᠨᠢᠭᠡᠪᠦᠷᠢ  ᠶᠢᠨ ᠠᠷᠤ ᠳᠤ ᠠᠯᠤᠰ ᠬᠡᠳᠦ  ᠶᠢᠨ ᠨᠥᠯᠥᠭᠡ ᠪᠦᠬᠦᠢ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠲᠡᠦᠬᠡ ᠰᠣᠶᠣᠯ ᠤᠨ ᠭᠦᠨ ᠭᠦᠨᠵᠡᠭᠡᠢ ᠠᠭᠤᠯᠬᠤᠨ  ᠢ ᠪᠢᠳᠡᠨ ᠳᠤ ᠣᠶᠢᠯᠠᠭᠠᠭᠤᠯᠤᠭᠰᠠᠨ ᠪᠠᠶᠢᠨ᠎ᠠ︾ ᠭᠡᠵᠦ ᠰᠦᠨ ᠠᠪᠠᠭ᠋ᠠᠢ ᠰᠡᠳᠬᠢᠯ ᠬᠥᠳᠡᠯᠦᠨ ᠬᠡᠯᠡᠵᠡᠢ᠃      ᠨᠢᠳᠤᠨᠤᠨ᠂ ᠴᠢᠶᠣᠤ ᠵᠢᠶᠠ ᠶᠢᠨ ᠵᠡᠭᠡᠯᠢ ᠪᠠᠰᠠ ᠤᠯᠠᠭᠠᠨ ᠥᠩᠭᠡᠲᠦ ᠬᠠᠳᠠᠭᠠᠯᠠᠮᠵᠢ ᠶᠢᠨ ᠡᠳ᠋ ᠤᠨ ᠦᠵᠡᠭᠦᠯᠦᠯᠭᠡ ᠪᠠ ᠬᠤᠲᠠ ᠶᠢᠨ ᠳᠤᠷᠠᠰᠤᠮᠵᠢ ᠶᠢᠨ ᠦᠵᠡᠭᠦᠯᠦᠯᠭᠡ ᠡᠷᠭᠢᠯᠡᠵᠦ᠂ ᠳ᠋ᠦᠩ ᠾᠧ ᠲᠣᠭᠤᠷᠢᠭ ᠤᠨ ᠤᠯᠠᠭᠠᠨ ᠥᠩᠭᠡᠲᠦ ᠭᠤᠣᠯ ᠰᠡᠳᠦᠪᠲᠦ ᠰᠤᠷᠭᠠᠨ ᠬᠥᠮᠦᠵᠢᠯ ᠤᠨ ᠰᠤᠳᠤᠯᠭᠠᠨ ᠤ ᠱᠤᠭᠤᠮ ᠤᠨ ᠣᠨᠴᠠᠯᠢᠭᠲᠤ ᠲᠣᠭᠤᠷᠢᠨ ᠦᠵᠡᠬᠦ ᠴᠡᠭ ᠪᠣᠯᠤᠭᠰᠠᠨ ᠤ ᠬᠤᠪᠢ ᠳᠤ᠂ 2022 ᠣᠨ ᠤ 6 ᠰᠠᠷ᠎ᠠ ᠶᠢᠨ 25 ᠤ ᠡᠳᠦᠷ ᠡᠬᠢᠯᠡᠭᠰᠡᠨ ᠠᠴᠠ ᠨᠠᠰᠢ᠂ ᠬᠤᠶᠠᠷ ᠲᠦᠮᠡ ᠰᠢᠬᠠᠮ ᠵᠤᠭᠠᠴᠠᠭᠰᠠᠳ ᠢ ᠭᠥᠯᠢᠶᠡᠨ ᠠᠪᠴᠤ ᠵᠣᠴᠢᠯᠠᠵᠠᠢ᠃
     ︽ᠳᠠᠷᠠᠭᠠᠴᠢ ᠶᠢᠨ ᠠᠯᠬᠤᠮ ᠳᠤ᠂ ᠪᠢᠳᠠ ᠴᠢᠶᠣᠤ ᠵᠢᠶᠠ ᠶᠢᠨ ᠵᠡᠭᠡᠯᠢ ᠶᠢᠨ ᠰᠣᠶᠣᠯ ᠤᠨ ᠠᠭᠤᠯᠬᠤᠨ ᠢ ᠴᠢᠨᠠᠭᠰᠢᠳᠠ ᠠᠭᠤᠳᠠᠯᠵᠤ᠂ ᠰᠣᠶᠣᠯ ᠤᠨ ᠪᠤᠰᠤ ᠰᠣᠶᠣᠯ ᠤᠨ ᠥᠪ ᠤᠨ ᠰᠣᠶᠣᠯ ᠪᠣᠯᠣᠨ︿ᠬᠤᠪᠢᠰᠬᠠᠯ ᠤᠨ ᠰᠣᠶᠣᠯ ᠤᠨ ᠵᠤᠭᠠᠴᠠᠯ﹀ ᠢᠶᠠᠷ ᠲᠦᠰᠢᠭ ᠪᠣᠯᠭᠠᠵᠤ᠂ ᠣᠨᠴᠠᠯᠢᠭᠲᠤ ᠵᠡᠭᠡᠯᠢ ᠲᠣᠭᠤᠷᠢᠭ ᠲᠤ ᠰᠣᠶᠣᠯ ᠤᠨ ᠬᠦᠴᠦᠨ ᠨᠡᠮᠡᠷᠢᠯᠡᠵᠦ᠂ ᠨᠡᠩ ᠡᠯᠪᠡᠭ ᠪᠠᠶᠠᠯᠢᠭ ᠬᠡᠷᠡᠭᠯᠡᠭᠡᠨ ᠤ ᠲᠠᠯᠠᠪᠤᠷ ᠢ ᠪᠤᠢ ᠪᠣᠯᠭᠠᠵᠤ᠂ ᠬᠤᠳᠠ ᠶᠢᠨ ᠠᠷᠠᠳ ᠵᠤᠭᠠᠴᠠᠭᠰᠠᠳ ᠤᠨ ᠤᠯᠠᠨ ᠶᠠᠩᠵᠤᠴᠢᠯᠠᠭᠰᠠᠨ᠂ ᠴᠢᠨᠠᠷ ᠰᠠᠶᠢᠲᠠᠢ ᠰᠣᠶᠣᠯ ᠤᠨ ᠵᠤᠭᠠᠴᠠᠯ ᠤᠨ ᠬᠡᠷᠡᠭᠯᠡᠭᠡᠨ ᠤ ᠰᠢᠨ᠎ᠡ ᠬᠡᠷᠡᠭᠴᠡᠭᠡ ᠶᠢ ᠭᠦᠢᠴᠡᠳ ᠬᠠᠩᠭᠠᠵᠤ᠂ ᠬᠥᠮᠥᠰ ᠤᠨ ᠵᠤᠭᠠᠴᠠᠯ ᠤᠨ ᠬᠡᠷᠡᠭᠯᠡᠭᠡ ᠶᠢ ᠲᠠᠶᠢᠴᠢᠯᠠᠨ᠎ᠠ︾᠃ ᠭᠡᠵᠦ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠴᠧᠩ ᠲᠦᠩ ᠬᠡᠯᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1