ᠢᠩᠲᠣᠣᠷ ᠪᠣᠯ ᠤᠮᠠᠷᠠᠲᠤ ᠣᠷᠣᠨ ᠤ ᠬᠠᠮᠤᠭ ᠡᠷᠲᠡᠨ ᠤ ᠪᠣᠯᠪᠠᠰᠤᠷᠠᠭᠰᠠᠨ ᠵᠢᠮᠢᠰ ᠪᠠᠶᠢᠵᠤ᠂ | ᠤᠤᠯ ᠠᠴᠠ ᠪᠠᠨ ︽ᠬᠠᠪᠤᠷ ᠤᠨ ᠵᠢᠮᠢᠰ ᠤᠨ ᠨᠢᠭᠡᠳᠦᠭᠡᠷ ᠰᠠᠯᠠᠭ᠎ᠠ︾ ᠭᠡᠰᠡᠨ ᠰᠠᠶᠢᠬᠠᠨ ᠠᠯᠳᠠᠷᠲᠠᠢ ᠪᠠᠶᠢᠵᠤ᠂ | ᠣᠯᠠᠩᠬᠢ ᠨᠢ 4 / 5 ᠰᠠᠷ᠎ᠠ ᠳᠤ ᠵᠠᠬ᠎ᠠ ᠳᠡᠯᠭᠡᠭᠦᠷ ᠲᠤ ᠭᠠᠷᠳᠠᠭ᠃ᠣᠶᠢᠷ᠎ᠠ ᠶᠢᠨ ᠵᠢᠯ ᠤᠳ ᠲᠤ᠂ ᠲᠣᠰ ᠭᠠᠵᠠᠷ ᠤᠨ | ᠢᠩᠲᠣᠣᠷ ᠳᠠᠷᠢᠬᠤ ᠬᠡᠪᠴᠢᠶ᠎ᠡ ᠤᠯᠠᠮ ᠢᠶᠠᠷ ᠪᠦᠷᠢᠯᠳᠦᠵᠦ᠂ ᠢᠩᠲᠣᠣᠷ ᠲᠡᠭᠦᠬᠦ ᠬᠦᠷᠢᠶᠡᠯᠡᠩ ᠤᠨ ᠢᠩᠲᠣᠣᠷ ᠨᠢ | ᠲᠣᠰ ᠭᠠᠵᠠᠷ ᠤᠨ ᠬᠤᠲᠠ ᠶᠢᠨ ᠠᠷᠠᠳ ᠤᠨ ᠲᠠᠭᠠᠰᠢᠶᠠᠯ ᠢ ᠣᠯᠣᠭᠰᠠᠨ ᠢᠶᠠᠷ ᠪᠠᠷᠠᠬᠤ ᠦᠭᠡᠢ᠂ ᠴᠢᠨᠠᠭᠰᠢᠯᠠᠪᠠᠯ | ᠱᠠᠩᠬᠠᠢ᠂ ᠪᠡᠭᠡᠵᠢᠩ ᠵᠡᠷᠭᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ᠃ᠭᠠᠷᠠᠭ ᠤᠨ ᠰᠡᠭᠦᠯᠴᠢ ᠪᠣᠯᠬᠤ ᠪᠦᠷᠢ᠂ | ᠴᠥᠭᠡᠨ ᠪᠤᠰᠤ ᠬᠤᠲᠠ ᠶᠢᠨ ᠠᠷᠠᠳ ᠰᠠᠶᠢᠨ ᠨᠠᠶᠢᠵᠠ ᠲᠠᠢ ᠪᠠᠨ ᠪᠣᠯᠵᠣᠵᠤ᠂ ᠭᠡᠷ ᠤᠨ ᠬᠥᠮᠥᠰ ᠢᠶᠠᠨ ᠳᠠᠭᠠᠭᠤᠯᠤᠨ | ᠢᠩᠲᠣᠣᠷ ᠲᠡᠭᠦᠬᠦ ᠬᠠᠪᠤ ᠴᠡᠩᠭᠡᠯ ᠢ ᠡᠳ᠋ᠯᠡᠳᠡᠭ᠃ | | | | ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠷᠦᠨᠽᠸ ᠬᠦᠷᠢᠶᠡᠯᠡᠩ ᠤᠨ ᠢᠩᠲᠣᠣᠷ ᠲᠡᠭᠦᠬᠦ | ᠬᠦᠷᠢᠶᠡᠯᠡᠩ ᠳᠤ᠂ ᠲᠣᠮᠣ ᠢᠩᠲᠣᠣᠷ ᠤᠨ ᠮᠥᠴᠢᠷ ᠳᠦᠭᠦᠷᠡᠩ ᠤᠨᠵᠢᠯᠭ᠎ᠠ ᠮᠢᠷᠠᠯᠵᠠᠨ ᠮᠢᠷᠠᠯᠵᠠᠨ᠎ᠠ᠃ᠫᠷᠤᠸᠡᠨᠰ᠂ ᠬᠠᠷ᠎ᠠ | ᠰᠤᠪᠤᠳ᠂ ᠡᠮᠡᠭᠲᠡᠢ ᠶᠢᠨ ᠢᠩᠲᠣᠣᠷ ᠁ ᠰᠢᠨ᠎ᠡ ᠰᠣᠷᠭᠤᠭ ᠢᠩᠲᠣᠣᠷ ᠢ ᠭᠠᠷ ᠲᠠᠭᠠᠨ ᠲᠡᠭᠦᠵᠦ᠂ ᠰᠡᠳᠬᠢᠯ ᠳᠤ | ᠬᠠᠳᠠᠩᠰᠢᠭᠤᠯᠤᠨ᠎ᠠ᠃ | ᠣᠶᠢᠯᠠᠭᠠᠭᠰᠠᠨ ᠢᠶᠠᠷ᠂ ᠷᠦᠨ ᠽᠧ ᠶᠤᠸᠠᠨ ᠬᠦᠷᠢᠶᠡᠯᠡᠩ ᠤᠨ ᠢᠩᠲᠣᠣᠷ ᠲᠡᠭᠦᠬᠦ ᠬᠦᠷᠢᠶᠡᠯᠡᠩ ᠳᠤ | ᠣᠳᠣᠬᠠᠨ ᠳᠤ 1400 ᠭᠠᠷᠤᠢ ᠰᠠᠭᠤᠷᠢ ᠢᠩᠲᠣᠣᠷ ᠤᠨ ᠮᠣᠳᠣ ᠳᠠᠷᠢᠵᠤ᠂ ᠤᠨᠠᠯᠲᠠ ᠨᠢ ᠳᠥᠴᠢ ᠲᠠᠪᠢᠨ ᠵᠢᠩ | ᠪᠠᠶᠢᠨ᠎ᠠ᠃1 ᠲᠦᠮᠡ ᠭᠠᠷᠤᠢ ᠰᠠᠭᠤᠷᠢ ᠵᠢᠵᠢᠭ ᠮᠣᠳᠣ ᠶᠢ ᠷᠦᠨ ᠽᠦ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠣᠯᠣᠨ ᠱᠠᠨᠳᠦ᠋ᠩ ᠮᠤᠵᠢ ᠶᠢᠨ ᠢᠩᠲᠣᠣᠷ ᠤᠨ | ᠰᠤᠳᠤᠯᠭᠠᠨ ᠤ ᠬᠦᠷᠢᠶᠡᠯᠡᠩ ᠬᠠᠮᠲᠤᠷᠠᠨ ᠤᠮᠠᠷᠠᠲᠤ ᠣᠷᠣᠨ ᠳᠤ ᠲᠤᠷᠰᠢᠨ ᠲᠠᠷᠢᠵᠦ ᠪᠠᠶᠢᠭ᠎ᠠ ᠶᠠᠪᠤᠳᠠᠯ ᠪᠣᠯᠣᠨ᠎ᠠ᠃ | | | | | ᠪᠤᠭᠤᠲᠤ ᠬᠤᠳᠠ ᠶᠢᠨ ᠷᠦᠨ ᠽᠦ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠱᠧᠩ ᠯᠢ᠄︽2012 ᠣᠨ ᠳᠤ᠂ | ᠷᠦᠨ ᠽᠦ ᠶᠤᠸᠠᠨ ᠬᠦᠷᠢᠶᠡᠯᠡᠩ ᠤᠨ ᠢᠩᠲᠣᠣᠷ ᠪᠦᠬᠦ ᠤᠯᠤᠰ ᠤᠨ ᠲᠣᠮᠣ ᠢᠩᠲᠣᠣᠷ ᠤᠨ ᠲᠠᠪᠴᠠᠩ ᠤᠨ | ᠤᠷᠤᠯᠳᠤᠭᠠᠨ ᠳᠤ ᠰᠢᠯᠢᠳᠡᠭ ᠱᠠᠩᠨᠠᠯ ᠬᠦᠷᠳᠡᠪᠡ᠂ ᠮᠠᠨ ᠤ ᠢᠩᠲᠣᠣᠷ ᠵᠢᠯ ᠪᠦᠷᠢ ᠶᠢᠨ 2 ᠳ᠋ᠤᠭᠠᠷ ᠰᠠᠷ᠎ᠠ ᠠᠴᠠ 3 | ᠳ᠋ᠤᠭᠠᠷ ᠰᠠᠷ᠎ᠠ ᠪᠣᠯᠲᠠᠯᠠᠬᠢ ᠬᠤᠭᠤᠴᠠᠭᠠᠨ ᠳᠤ ᠪᠦᠷ ᠪᠡᠭᠡᠵᠢᠩ ᠪᠣᠯᠣᠨ ᠱᠠᠩᠬᠠᠢ ᠳᠤ ᠪᠣᠷᠣᠯᠠᠭᠤᠯᠤᠭᠳᠠᠵᠤ ᠪᠤᠢ᠃ ᠡᠨᠡ | ᠵᠢᠯ ᠢᠩᠲᠣᠣᠷ ᠤᠨ ᠭᠠᠷᠤᠯᠲᠠ ᠥᠨᠳᠥᠷ᠂ ᠪᠠᠰᠠ ᠲᠦᠮᠡ ᠭᠠᠷᠤᠢ ᠵᠢᠩ ᠲᠣᠮᠣ ᠢᠩᠲᠣᠣᠷ ᠢ ᠬᠤᠲᠠ ᠶᠢᠨ ᠠᠷᠠᠳ | ᠲᠡᠭᠦᠵᠦ ᠪᠣᠯᠣᠨ᠎ᠠ᠂ ᠬᠤᠲᠠ ᠶᠢᠨ ᠠᠷᠠᠳ ᠮᠠᠨ ᠤ ᠠᠳᠡ ᠢᠷᠡᠵᠦ ᠲᠡᠭᠦᠵᠦ ᠠᠮᠲᠠᠯᠠᠬᠤ ᠶᠢ ᠪᠠᠶᠠᠷᠯᠠᠨ ᠤᠭᠲᠤᠵᠤ | ᠪᠠᠶᠢᠨ᠎ᠠ︾ ᠭᠡᠵᠡᠢ᠃ | ᠵᠣᠴᠢᠨ ᠢᠦᠢ ᠠᠪᠠᠭ᠋ᠠᠢ᠄ ︽ᠪᠢᠳᠡ ᠺᠦᠨᠱᠠᠨ ᠲᠣᠭᠤᠷᠢᠭ ᠲᠤ ᠰᠠᠭᠤᠳᠠᠭ᠂ ᠵᠢᠯ ᠪᠣᠯᠭᠠᠨ ᠢᠷᠡᠳᠡᠭ᠂ ᠤᠴᠢᠷ | ᠨᠢ ᠲᠡᠭᠦᠨ ᠤ ᠡᠨᠡ ᠢᠩᠲᠣᠣᠷ ᠤᠨ ᠠᠮᠲᠠ ᠨᠢ ᠮᠠᠰᠢ ᠰᠠᠶᠢᠨ᠂ ᠬᠡᠦᠬᠡᠳ ᠤᠳ ᠴᠦ ᠢᠳᠡᠬᠦ ᠳᠤᠷᠠᠲᠠᠢ ᠪᠥᠭᠡᠳ | ᠢᠩᠲᠣᠣᠷ ᠲᠡᠭᠦᠬᠦ ᠶᠢᠨ ᠳᠠᠭᠠᠤ ᠬᠦᠯᠡᠮᠵᠢ ᠶᠢᠨ ᠢᠩᠲᠣᠣᠷ ᠤᠨ ᠠᠮᠲᠠ ᠶᠢ ᠠᠮᠲᠠᠷᠬᠠᠨ ᠡᠳ᠋ᠯᠡᠵᠦ ᠪᠣᠯᠣᠨ᠎ᠠ︾ ᠭᠡᠵᠡᠢ᠃ | | | | | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠤᠲᠠ ᠶᠢᠨ ᠠᠷᠠᠳ ᠲᠤ ᠨᠠᠩ ᠣᠯᠠᠨ ᠬᠠᠪᠤᠷ ᠤᠨ | ᠵᠤᠭᠠᠴᠠᠯ ᠤᠨ ᠰᠠᠶᠢᠨ ᠭᠠᠵᠠᠷ ᠬᠠᠩᠭᠠᠬᠤ ᠳᠤ᠂ ᠢᠩᠲᠣᠣᠷ ᠲᠡᠭᠦᠬᠦ ᠠᠴᠠ ᠭᠠᠳᠠᠨ᠎ᠠ᠂ ᠡᠨᠡ ᠵᠢᠯ ᠳ᠋ᠦᠩ ᠾᠧ | ᠲᠣᠭᠤᠷᠢᠭ ᠤᠨ ᠬᠢᠨ ᠪᠠᠰᠠ ᠲᠠᠷᠢᠶᠠᠯᠠᠩ ᠤᠨ ᠵᠢᠭᠤᠯᠴᠢᠯᠠᠯ ᠤᠨ ᠰᠣᠳᠣᠨ ᠪᠦᠲᠦᠭᠡᠯ ᠲᠡᠭᠦᠬᠦ ᠵᠢᠭᠤᠯᠴᠢᠯᠠᠯ ᠤᠨ | ᠱᠤᠭᠤᠮ ᠢ ᠲᠥᠰᠥᠪᠯᠡᠭᠰᠡᠨ ᠪᠠᠶᠢᠨ᠎ᠠ᠃︽ᠪᠢᠳᠡ ᠪᠦᠬᠦ ᠣᠷᠣᠨ ᠤ ᠲᠥᠬᠦᠭᠡᠷᠦᠮᠵᠢ ᠶᠢᠨ ᠲᠠᠷᠢᠶᠠᠯᠠᠩ ᠤᠨ | ᠬᠥᠭᠵᠢᠯᠲᠡ ᠶᠢᠨ ᠳᠠᠪᠠᠭᠤᠯᠢᠭ ᠢ ᠦᠨᠳᠦᠰᠦᠯᠡᠵᠦ᠂ ᠨᠢᠭᠡ ᠵᠤᠷᠪᠤᠰ ᠲᠠᠷᠢᠶᠠᠯᠠᠩ ᠤᠨ ᠵᠤᠭᠠᠴᠠᠯ ᠤᠨ ᠰᠣᠳᠣᠨ | ᠪᠦᠲᠦᠭᠡᠯ ᠲᠡᠭᠦᠵᠦ ᠴᠤᠭᠯᠠᠭᠤᠯᠬᠤ ᠵᠤᠭᠠᠴᠠᠯ ᠤᠨ ᠱᠤᠭᠤᠮ ᠢ ᠲᠥᠰᠥᠪᠯᠡᠬᠦ ᠪᠠᠷ ᠲᠥᠯᠥᠪᠯᠡᠵᠦ᠂ ᠡᠭᠦᠨ ᠳᠤ | ᠭᠤᠣᠯᠳᠠᠭᠤ ᠨᠠᠨ ᠰᠢᠩ ᠵᠢᠮᠢᠰ ᠲᠡᠭᠦᠬᠦ ᠬᠦᠷᠢᠶᠡᠯᠡᠩ᠂ ᠶᠢᠨ ᠮᠧᠢ ᠶᠢᠨ ᠵᠢᠮᠢᠰ ᠲᠡᠭᠦᠬᠦ ᠬᠦᠷᠢᠶᠡᠯᠡᠩ᠂ ᠲᠢᠶᠠᠨ ᠾᠧ | ᠲᠠᠷᠢᠶᠠᠯᠠᠩ ᠤᠨ ᠵᠤᠭᠠᠴᠠᠯ ᠤᠨ ᠰᠤᠳᠤᠯᠭᠠᠨ ᠤ ᠤᠬᠠᠭᠠᠨ ᠤ ᠶᠡᠷᠦᠩᠬᠡᠢ ᠴᠣᠭᠴᠠ᠂ ᠷᠦᠨ ᠽᠧ ᠶᠤᠸᠠᠨ | ᠬᠦᠷᠢᠶᠡᠯᠡᠩ ᠤᠨ ᠵᠢᠮᠢᠰ ᠲᠡᠭᠦᠬᠦ ᠬᠦᠷᠢᠶᠡᠯᠡᠩ᠂ ᠱᠠ ᠮᠤ ᠵᠢᠶᠠ ᠶᠢᠨ ᠮᠢᠩᠭᠠᠨ ᠮᠦ ᠦᠵᠦᠮ ᠤᠨ ᠬᠦᠷᠢᠶᠡᠯᠡᠩ ᠢ | ᠪᠠᠭᠲᠠᠭᠠᠨ᠎ᠠ᠃ ᠪᠠᠰᠠ ᠮᠠᠨ ᠤ ᠠᠭᠤᠯᠠ ᠳᠠᠭᠠᠤ ᠶᠢᠨ ᠳ᠋ᠦᠩ ᠶᠤᠸᠠᠨ ᠲᠣᠰᠬᠤᠨ᠂ ᠠᠳᠦᠯᠠᠢ ᠲᠣᠰᠬᠤᠨ᠂ ᠱᠠᠷᠴᠢᠨ ᠤ | ᠨᠢᠭᠡ ᠬᠤᠶᠠᠷ ᠭᠤᠷᠪᠠᠳᠤᠭᠠᠷ ᠲᠣᠰᠬᠤᠨ ᠳᠠᠭᠠᠤ ᠶᠢᠨ ᠲᠠᠷᠢᠶᠠᠴᠢᠨ ᠠᠶᠢᠯ ᠤᠨ ᠵᠢᠮᠢᠰ ᠲᠡᠭᠦᠬᠦ ᠰᠠᠭᠤᠷᠢᠨ ᠳᠤ᠂ ᠮᠠᠨ ᠤ | ᠣᠷᠣᠨ ᠤ ᠤᠯᠠᠮᠵᠢᠯᠠᠯᠲᠤ ᠳᠠᠪᠠᠭᠤᠯᠢᠭ ᠲᠠᠷᠢᠮᠠᠯ ᠤᠨ ᠪᠦᠲᠦᠭᠡᠭᠳᠡᠬᠦᠨ ᠪᠣᠯᠬᠤ ᠲᠥᠪᠡᠳ ᠬᠠᠰᠢ᠂ ᠢᠩᠲᠣᠣᠷ᠂ | ᠥᠷᠭᠡᠰᠦᠲᠦ ᠬᠡᠮᠬᠡ ᠵᠡᠷᠭᠡ ᠲᠠᠢ ᠤᠶᠠᠯᠳᠤᠭᠤᠯᠵᠤ᠂ ᠶᠡᠭᠡ ᠬᠡᠮᠵᠢᠶᠡᠨ ᠤ ᠵᠤᠭᠠᠴᠠᠭᠰᠠᠳ ᠢ ᠳ᠋ᠦᠩ ᠾᠧ | ᠲᠣᠭᠤᠷᠢᠭ ᠲᠤ ᠣᠴᠢᠭᠤᠯᠵᠤ ᠵᠢᠮᠢᠰ ᠲᠡᠭᠦᠬᠦ᠂ ᠵᠤᠭᠠᠴᠠᠭᠤᠯᠤᠨ ᠨᠠᠭᠠᠳᠤᠭᠤᠯᠬᠤ ᠪᠠᠷ ᠲᠠᠲᠠᠵᠤ᠂ ᠳ᠋ᠦᠩ ᠾᠧ | ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠴᠢᠨᠠᠭᠰᠢᠳᠠ | ᠠᠬᠢᠭᠤᠯᠵᠠᠢ︾ᠭᠡᠵᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠤ ᠦᠢᠯᠡᠰ ᠤᠨ ᠠᠯᠪᠠᠨ | ᠭᠡᠷ ᠤᠨ ᠡᠷᠬᠢᠯᠡᠭᠴᠢ ᠺᠧᠦ ᠸᠧᠢ ᠲᠠᠨᠢᠯᠴᠠᠭᠤᠯᠪᠠ᠃ | ᠣᠳᠣᠬᠠᠨ ᠳᠤ᠂ ᠬᠦᠯᠡᠮᠵᠢ ᠶᠢᠨ ᠢᠩᠲᠣᠣᠷ ᠤᠨ ᠪᠣᠯᠪᠠᠰᠤᠷᠠᠯᠲᠠ᠂ ᠠᠮᠲᠠ ᠰᠢᠮᠲᠡ ᠪᠠᠷ ᠬᠠᠮᠤᠭ ᠤᠨ ᠰᠠᠶᠢᠨ | ᠴᠠᠭ ᠦᠶ᠎ᠡ ᠪᠣᠯᠵᠤ ᠪᠠᠶᠢᠨ᠎ᠠ᠃ᠲᠤᠬᠠᠢ ᠶᠢᠨ ᠲᠠᠯᠠᠪᠤᠷ ᠲᠤ ᠲᠡᠭᠦᠪᠡᠯ ᠲᠡᠭᠦᠬᠦ ᠶᠢᠨ ᠬᠠᠪᠤ ᠴᠡᠩᠭᠡᠯ ᠢ ᠣᠯᠵᠤ | ᠮᠡᠳᠡᠬᠦ ᠪᠠᠷ ᠪᠠᠷᠠᠬᠤ ᠦᠭᠡᠢ᠂ ᠪᠠᠰᠠ ᠠᠮᠲᠠᠲᠤ ᠵᠢᠮᠢᠰ ᠤᠨ ᠮᠣᠳᠣᠨ ᠠᠴᠠ ᠠᠮᠠᠨ ᠳᠤ ᠬᠦᠷᠬᠦ ︽ᠬᠠᠮᠤᠭ ᠤᠨ ᠣᠶᠢᠷ᠎ᠠ | ᠵᠠᠢ︾ ᠶᠢᠨ ᠪᠠᠶᠠᠷ ᠪᠠᠶᠠᠰᠤᠯ ᠢ ᠡᠳ᠋ᠯᠡᠵᠦ ᠪᠣᠯᠣᠨ᠎ᠠ᠃ᠡᠨᠡ ᠵᠢᠯ ᠤᠨ ᠢᠩᠲᠣᠣᠷ ᠤᠨ ᠵᠠᠬ᠎ᠠ ᠳᠡᠯᠭᠡᠭᠦᠷ ᠲᠤ ᠭᠠᠷᠬᠤ | ᠴᠠᠭ ᠨᠢ ᠨᠢᠳᠤᠨᠤᠨ ᠤ ᠬᠢ ᠠᠴᠠ ᠬᠠᠭᠠᠰ ᠰᠠᠷ᠎ᠠ ᠬᠤᠶᠢᠰᠢᠯᠠᠵᠤ᠂ ᠲᠡᠭᠦᠬᠦ ᠴᠠᠭ ᠨᠢ 5 ᠰᠠᠷ᠎ᠠ ᠶᠢᠨ ᠳᠤᠮᠳᠠᠴᠢ | ᠪᠣᠯᠲᠠᠯ᠎ᠠ ᠦᠷᠭᠦᠯᠵᠢᠯᠡᠵᠦ᠂ ᠵᠤᠭᠠᠴᠠᠭᠰᠠᠳ ᠲᠤᠬᠠᠢ ᠶᠢᠨ ᠲᠠᠯᠠᠪᠤᠷ ᠲᠤ ᠲᠡᠭᠦᠵᠦ ᠪᠣᠯᠣᠨ᠎ᠠ᠃ | | |