ᠳ᠋ᠦᠩ ᠾᠧ ᠲᠣᠭᠤᠷᠢᠭ᠄ ᠪᠣᠷᠣᠭᠠᠨ ᠰᠠᠶᠢᠲᠠᠢ ᠪᠣᠯ ᠴᠠᠭ ᠤᠯᠠᠷᠢᠯ ᠢ ᠮᠡᠳᠡᠵᠦ  ᠲᠠᠷᠢᠶᠠᠨ ᠭᠠᠵᠠᠷ ᠠᠮᠢᠵᠢᠷᠠᠯ ᠤᠨ ᠬᠦᠴᠦᠨ ᠢᠶᠠᠷ ᠪᠢᠯᠬᠠᠮ᠎ᠠ
ᠨᠡᠶᠢᠲᠡᠯᠡᠭᠰᠡᠨ ᠴᠠᠭ᠄
2023/4/21
     ᠬᠠᠪᠤᠷ ᠤᠨ ᠬᠤᠷ᠎ᠠ ᠥᠩᠭᠡᠷᠡᠵᠦ᠂ ᠬᠠᠪᠤᠷ ᠤᠨ ᠲᠠᠷᠢᠶᠠᠯᠠᠭ᠎ᠠ ᠶᠠᠭᠠᠷᠠᠤ᠂ ᠣᠶᠢᠷ᠎ᠠ ᠶᠢᠨ ᠡᠳᠦᠷ ᠤᠳ ᠲᠤ ᠬᠤᠷ᠎ᠠ ᠪᠣᠷᠣᠭᠠᠨ ᠡᠯᠪᠡᠭ᠂ ᠳ᠋ᠦᠩ ᠡᡁᠸ ᠲᠣᠭᠤᠷᠢᠭ ᠤᠨ ᠰᠢᠷᠴᠢᠨ ᠪᠠᠯᠭᠠᠰᠤ ᠶᠢᠨ ᠡᠯ᠎ᠡ ᠲᠣᠰᠬᠤᠨ ᠤ ᠬᠢᠨ ᠲᠠᠷᠢᠶᠠᠨ ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢᠨ︽ᠴᠤᠭᠯᠠᠷᠠᠯ ᠤᠨ ᠪᠦᠷᠢᠶ᠎ᠡ︾ ᠶᠢ ᠬᠠᠩᠭᠢᠨᠠᠭᠤᠯᠵᠤ᠂ ᠲᠠᠷᠢᠶᠠᠨ ᠭᠠᠵᠠᠷ ᠲᠤ ᠬᠦᠰᠡᠯ ᠡᠷᠡᠮᠡᠯᠵᠡᠯ ᠪᠠ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃      ᠰᠤᠷᠪᠤᠯᠵᠢᠯᠠᠭᠴᠢ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠪᠠᠭ᠎ᠠ ᠪᠠᠯᠭᠠᠢ ᠲᠣᠰᠬᠤᠨ ᠳᠤ ᠬᠦᠷᠬᠦ ᠳᠤ᠂ ᠠᠷᠪᠠᠨ ᠬᠡᠳᠦᠨ ᠮᠣᠷᠢᠨ ᠬᠦᠴᠦᠨ ᠤ ᠲᠷᠠᠺᠲ᠋ᠣᠷ ᠪᠣᠯᠣᠨ ᠦᠷ᠎ᠡ ᠰᠠᠴᠤᠬᠤ ᠮᠠᠰᠢᠨ ᠦᠳᠲᠡᠷ ᠲᠦᠷᠭᠡᠨ ᠤᠷᠤᠭᠰᠢᠯᠠᠵᠤ᠂ ᠳ᠋ᠦᠩ ᠾᠧ ᠲᠣᠭᠤᠷᠢᠭ ᠤᠨ 2 ᠲᠦᠮᠡᠨ ᠮᠦ ᠡᠷᠳᠡᠨᠢ ᠰᠢᠰᠢ ᠲᠠᠷᠢᠬᠤ ᠬᠥᠰᠢᠭᠡ ᠶᠢ ᠰᠡᠬᠦᠪᠡ᠃      ᠰᠢᠷᠴᠢᠨ ᠪᠠᠯᠭᠠᠰᠤ ᠶᠢᠨ ᠪᠠᠭ᠎ᠠ ᠪᠠᠯᠭᠠᠢ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠵᠠᠩ ᡁᠢ ᠰᠢᠶᠦᠶᠢᠩ᠄︽ᠣᠶᠢᠷ᠎ᠠ ᠶᠢᠨ ᠵᠢᠯ ᠠᠴᠠ ᠲᠣᠰᠬᠤᠨ ᠤ ᠬᠢᠨ ᠬᠥᠳᠡᠭᠡ ᠠᠵᠤ ᠠᠬᠤᠢ ᠶᠢᠨ ᠮᠠᠰᠢᠨᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠮᠵᠢᠯᠠᠯᠲᠤ ᠲᠠᠷᠢᠶᠠᠯᠠᠬᠤ ᠠᠷᠭ᠎ᠠ ᠶᠢ ᠬᠤᠪᠢᠷᠠᠭᠤᠯᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠷᠢᠶᠠᠴᠢᠳ ᠤᠨ ᠬᠥᠳᠡᠯᠮᠦᠷᠢ ᠶᠢᠨ ᠡᠷᠴᠢᠮ ᠢ ᠶᠡᠬᠡᠪᠡᠷ ᠬᠥᠩᠭᠡᠷᠡᠭᠦᠯᠵᠦ᠂ ᠴᠠᠭ ᠪᠣᠯᠣᠨ ᠦᠢᠯᠡᠳᠪᠦᠷᠢᠯᠡᠯ ᠤᠨ ᠥᠪᠡᠷ ᠤᠨ ᠦᠷᠲᠡᠭ ᠢ ᠪᠠᠭᠤᠷᠠᠭᠤᠯᠪᠠ︾ᠭᠡᠵᠦ ᠲᠠᠨᠢᠯᠴᠠᠭᠤᠯᠵᠠᠢ᠃
     ᠲᠣᠰᠬᠤᠨ ᠤ ᠠᠷᠠᠳ ᠱᠢ ᠯᠢ ᠫᠢᠩ᠄︽ᠮᠠᠨ ᠤ ᠭᠡᠷ ᠲᠤ 100 ᠮᠦ ᠡᠷᠳᠡᠨᠢ ᠰᠢᠰᠢ ᠶᠢᠨ ᠲᠠᠷᠢᠶ᠎ᠠ ᠲᠠᠢ᠂ ᠥᠩᠭᠡᠷᠡᠭᠰᠡᠨ ᠳᠤ ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ ᠪᠦᠬᠦ ᠭᠡᠷ ᠢᠶᠠᠷ ᠢᠶᠠᠨ ᠠᠷᠪᠠᠨ ᠬᠡᠳᠦᠨ ᠡᠳᠦᠷ ᠤᠨ ᠳᠣᠲᠣᠷ᠎ᠠ ᠰᠠᠶ᠋ᠢ ᠲᠠᠷᠢᠵᠦ ᠳᠠᠭᠤᠰᠬᠠᠳᠠᠭ᠂ ᠤᠳᠤ ᠡᠯ᠎ᠡ ᠵᠦᠢᠯ ᠤᠨ ᠲᠤᠰᠬᠠᠢ ᠮᠡᠷᠭᠡᠵᠢᠯ ᠤᠨ ᠲᠠᠷᠢᠶᠠᠯᠠᠩ ᠤᠨ ᠮᠠᠰᠢᠨ ᠪᠠᠶᠢᠨ᠎ᠠ᠂ 7 ᠡᠳᠦᠷ ᠤᠨ ᠳᠣᠲᠣᠷ᠎ᠠ ᠲᠠᠷᠢᠵᠦ ᠳᠠᠭᠤᠰᠬᠠᠴᠢᠬᠠᠨ᠎ᠠ᠂ ᠤᠤᠯ ᠤᠨ ᠬᠢ ᠠᠴᠠ ᠬᠤᠯᠠ ᠠᠮᠠᠷᠬᠠᠨ︾ᠭᠡᠵᠦ ᠭᠦᠨ ᠲᠥᠷᠥᠭᠳᠡᠯ ᠲᠠᠢ ᠪᠠᠶᠢᠯ᠎ᠠ᠃      ᠣᠳᠣᠬᠠᠨ ᠳᠤ ᠪᠠᠭ᠎ᠠ ᠪᠠᠯᠭᠠᠢ ᠲᠣᠰᠬᠤᠨ ᠤ ᠬᠢᠨ ᠲᠠᠷᠢᠬᠤ᠂ ᠬᠠᠳᠤᠵᠤ ᠬᠤᠷᠢᠶᠠᠬᠤ ᠪᠦᠬᠦ ᠶᠠᠪᠤᠴᠠ ᠳᠤ ᠮᠠᠰᠢᠨᠴᠢᠯᠠᠯᠲᠠ ᠪᠠᠷ ᠠᠵᠢᠯᠯᠠᠵᠤ ᠪᠠᠶᠢᠬᠤ ᠪᠠᠷ ᠪᠠᠷᠠᠬᠤ ᠦᠭᠡᠢ᠂ ᠨᠡᠩ ᠤᠯᠠᠨ ᠰᠢᠨ᠎ᠡ ᠮᠡᠷᠭᠡᠵᠢᠯ ᠨᠢ ᠴᠦ ᠰᠢᠷᠴᠢᠨ ᠪᠠᠯᠭᠠᠰᠤᠨ ᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ︽ᠷᠢᠳᠢ ᠰᠢᠳᠢ ᠪᠠᠨ ᠭᠠᠶᠢᠬᠠᠭᠤᠯᠵᠤ︾᠂ ᠲᠠᠷᠢᠶᠠᠴᠢᠳ ᠰᠢᠨᠵᠢᠯᠡᠬᠦ ᠤᠬᠠᠭᠠᠨ ᠮᠡᠷᠭᠡᠵᠢᠯ ᠤᠨ︽ᠭᠠᠪᠰᠢᠭᠠᠶᠢᠯᠠᠭᠴᠢ︾ᠪᠣᠯᠤᠭᠰᠠᠨ ᠪᠠᠶᠢᠨ᠎ᠠ᠃ᠴᠥᠭᠡᠨ ᠪᠤᠰᠤ ᠲᠣᠰᠬᠤᠨ ᠤ ᠠᠷᠠᠳ ᠰᠠᠨᠠᠭᠠᠴᠢᠯᠠᠭ᠎ᠠ ᠠᠴᠠ ᠪᠠᠨ ᠰᠢᠨ᠎ᠡ ᠮᠡᠷᠭᠡᠵᠢᠯ ᠢ ᠰᠤᠷᠤᠯᠴᠠᠵᠤ᠂ ᠲᠠᠷᠢᠶᠠᠯᠠᠩ ᠤᠨ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠤᠨ︽ᠨᠢᠰᠬᠡᠭᠴᠢ︾ᠪᠣᠯᠪᠠ᠂ ᠤᠳᠤ ᠲᠣᠰᠬᠤᠨ ᠤ 10 ᠰᠠᠭᠤᠷᠢ ᠲᠠᠷᠢᠶᠠᠯᠠᠩ ᠤᠨ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠢ ᠲᠤᠰ ᠲᠣᠰᠬᠤᠨ ᠤ ᠠᠷᠠᠳ ᠬᠡᠷᠡᠭᠯᠡᠵᠦ ᠪᠤᠢ᠃
     ᠮᠥᠩᠭᠦᠨ ᠭᠦᠢᠯᠭᠡᠭᠡᠨ ᠤ︽ᠠᠮᠢᠵᠢᠷᠠᠯ ᠤᠨ ᠬᠦᠴᠦᠨ︾ᠲᠠᠷᠢᠶᠠᠨ ᠭᠠᠵᠠᠷ ᠢ ᠤᠮᠳᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ︽ᠵᠣᠭᠤᠰ︾ ᠤᠨ ᠰᠠᠶᠢᠨ ᠦᠵᠡᠮᠵᠢ ᠶᠢ ᠠᠪᠴᠢᠷᠠᠪᠠ᠃ᠬᠠᠪᠤᠷ ᠤᠨ ᠲᠠᠷᠢᠶᠠᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ︽ᠮᠥᠩᠭᠦᠨ ᠭᠦᠢᠯᠭᠡᠭᠡᠨ ᠤ ᠠᠮᠢᠳᠤᠯᠢᠭ ᠤᠰᠤ ᠬᠠᠪᠤᠷ ᠤᠨ ᠲᠠᠷᠢᠶᠠᠯᠠᠭ᠎ᠠ ᠶᠢ ᠤᠮᠳᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠳᠤ ᠦᠢᠯᠡᠴᠢᠯᠡᠵᠦ ᠡᠯᠪᠡᠭ ᠬᠤᠷᠢᠶᠠᠯᠲᠠ ᠶᠢ ᠠᠬᠢᠭᠤᠯᠬᠤ︾ᠰᠢᠷᠢᠰ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠲᠠᠶᠢᠯᠪᠤᠷᠢᠯᠠᠵᠤ᠂ ᠲᠣᠰᠬᠤᠨ ᠤ ᠠᠷᠠᠳ ᠤᠨ ᠪᠡᠯᠡ ᠬᠤᠷᠠᠮᠳᠤᠭᠤᠯᠬᠤ ᠰᠠᠨᠠᠭ᠎ᠠ ᠶᠢ ᠴᠤᠭᠯᠠᠭᠤᠯᠪᠠ᠃      ᠱᠢ ᠯᠢ ᠫᠢᠩ ᠪᠣᠯ ᠳᠠᠷᠤᠢ ᠲᠠᠷᠢᠶᠠᠯᠠᠩ ᠤᠨ ᠢᠲᠡᠭᠡᠮᠵᠢ ᠶᠢᠨ ᠵᠢᠭᠡᠯᠡᠯᠭᠡ ᠶᠢᠨ ᠠᠰᠢᠭ ᠬᠦᠷᠲᠡᠭᠴᠢ ᠮᠥᠨ᠃ ᠱᠢ ᠯᠢ ᠫᠢᠩ᠄ ︽ᠲᠦᠷᠦᠭᠦᠦ ᠬᠤᠶᠠᠷ ᠵᠢᠯ ᠳᠤ ᠪᠢᠳᠡ ᠦᠷ᠎ᠡ ᠬᠤᠳᠠᠯᠳᠤᠨ ᠠᠪᠬᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ᠂ ᠬᠢᠮᠢ  ᠶᠢᠨ ᠪᠣᠷᠳᠣᠭᠤᠷ ᠬᠤᠳᠠᠯᠳᠤᠨ ᠠᠪᠬᠤ ᠳᠤ ᠪᠡᠯᠡ ᠮᠥᠩᠭᠦ ᠳᠤᠲᠠᠭᠳᠠᠬᠤ ᠪᠠᠶᠢᠳᠠᠯ ᠲᠣᠬᠢᠶᠠᠯᠳᠤᠵᠤ᠂ ᠲᠠᠷᠢᠶᠠᠯᠠᠩ  ᠢ ᠲᠤᠰᠠᠯᠠᠬᠤ ᠵᠢᠭᠡᠯᠡᠯᠭᠡ ᠨᠢ ᠪᠢᠳᠡᠨ ᠳᠤ ᠠᠪᠴᠤ ᠬᠡᠯᠡᠪᠡᠯ ︿ᠴᠠᠭ ᠤᠨ ᠬᠤᠷ᠎ᠠ﹀ ᠪᠣᠯᠬᠤ ᠶᠤᠮ︾ ᠭᠡᠵᠡᠢ᠃      ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠰᠢᠷᠴᠢᠨ ᠲᠥᠪ ᠤᠨ ᠰᠠᠯᠪᠤᠷᠢ ᠪᠠᠩᠬᠢ ᠶᠢᠨ ᠳᠠᠷᠤᠭ᠎ᠠ ᠴᠧᠩ ᡁᠢ ᠶᠠᠩ᠄ ︽ᠡᠨᠡ ᠵᠢᠯ ᠠᠴᠠ ᠨᠠᠰᠢ᠂ ᠪᠢᠳᠡ ᠲᠠᠷᠢᠶᠠᠯᠠᠩ ᠳᠤ ᠠᠰᠢᠭ ᠬᠦᠷᠲᠡᠭᠡᠬᠦ ᠵᠢᠭᠡᠯᠡᠯᠭᠡ᠂ ᠲᠠᠷᠢᠶᠠᠯᠠᠩ ᠢ ᠬᠥᠭᠵᠢᠭᠦᠯᠬᠦ ᠵᠢᠭᠡᠯᠡᠯᠭᠡ᠂ ᠲᠠᠷᠢᠶᠠᠯᠠᠩ ᠤᠨ ᠨᠠᠰᠤᠵᠢᠯ ᠤᠨ ᠠᠰᠠᠷᠠᠮᠵᠢ ᠶᠢᠨ ᠵᠢᠭᠡᠯᠡᠯᠭᠡ ᠵᠡᠷᠭᠡ ᠣᠯᠠᠨ ᠵᠦᠢᠯ ᠤᠨ ᠵᠢᠭᠡᠯᠡᠯᠭᠡ ᠭᠠᠷᠭᠠᠵᠤ᠂ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠪᠡᠯᠡ ᠮᠥᠩᠭᠦ ᠶᠢ ᠨᠡᠶᠢᠲᠡ 2000 ᠲᠦᠮᠡᠨ ᠲᠥᠭᠦᠷᠢᠭ ᠣᠷᠴᠢᠮ ᠣᠷᠣᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠰᠠᠶᠢᠨ ᠡᠭᠦᠯᠳᠡᠷ ᠢ ᠬᠤᠳᠠᠯᠳᠤᠨ ᠠᠪᠬᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠶᠢ ᠳᠡᠮᠵᠢᠵᠦ᠂ ᠲᠠᠷᠢᠶᠠᠴᠢᠳ ᠢ ᠬᠠᠪᠰᠤᠷᠤᠨ ᠪᠡᠯᠡ ᠮᠥᠩᠭᠦ ᠶᠢᠨ ᠳᠤᠲᠠᠭᠤᠳᠠᠯ ᠢ ᠨᠢ ᠰᠢᠢᠳᠪᠦᠷᠢᠯᠡᠵᠦ᠂ ᠰᠢᠷᠴᠢᠨ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠪᠡ︾ ᠭᠡᠵᠦ ᠲᠠᠨᠢᠯᠴᠠᠭᠤᠯᠪᠠ᠃
     ᠬᠠᠪᠤᠷ ᠤᠨ ᠲᠠᠷᠢᠶᠠᠯᠠᠭ᠎ᠠ ᠶᠢᠨ ᠬᠠᠮ ᠠᠷᠭ᠎ᠠ ᠶᠢ ᠰᠠᠶᠢᠲᠤᠷ ᠠᠳᠬᠤᠵᠤ᠂ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ︽ᠠᠩᠬᠠᠨ ᠤ ᠵᠠᠩᠭᠢᠯᠠᠭ᠎ᠠ︾ ᠶᠢ ᠰᠠᠶᠢᠲᠤᠷ ᠡᠵᠡᠮᠳᠡᠨ᠎ᠡ᠃2023 ᠣᠨ ᠳᠤ ᠰᠢᠷᠴᠢᠨ ᠪᠠᠯᠭᠠᠰᠤ ᠠᠮᠤ ᠪᠤᠳᠠᠭᠠᠨ ᠤ ᠦᠢᠯᠡᠳᠪᠦᠷᠢᠯᠡᠯ ᠤᠨ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠵᠣᠬᠢᠶᠠᠨ ᠪᠠᠶᠢᠭᠤᠯᠤᠨ ᠬᠠᠮᠢᠶᠠᠷᠬᠤ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠪᠠ ᠲᠤᠰᠬᠠᠶᠢᠵᠢᠭᠰᠠᠨ ᠦᠢᠯᠡᠴᠢᠯᠡᠭᠡ ᠶᠢ ᠤᠯᠠᠨ ᠲᠠᠯ᠎ᠠ ᠪᠠᠷ ᠵᠡᠷᠭᠡᠪᠡᠷ ᠬᠢᠬᠦ ᠪᠠᠷ ᠳᠠᠮᠵᠢᠭᠤᠯᠵᠤ᠂ ᠲᠠᠷᠢᠶᠠᠴᠢᠳ ᠲᠤ ᠰᠢᠨ᠎ᠡ ᠲᠦᠷᠦ ᠶᠢᠨ ᠪᠣᠳᠣᠯᠭ᠎ᠠ᠂ ᠰᠢᠨ᠎ᠡ ᠮᠡᠷᠭᠡᠵᠢᠯ᠂ ᠰᠢᠨ᠎ᠡ ᠲᠦᠷᠦᠯ ᠵᠦᠢᠯ ᠢ ᠤᠬᠠᠭᠤᠯᠵᠤ᠂ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠠᠷᠢᠶᠠᠴᠢᠳ ᠢ ᠬᠠᠪᠰᠤᠷᠤᠨ ᠪᠠᠶᠠᠵᠢᠭᠤᠯᠵᠠᠢ᠃      ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠭᠦᠸᠧ ᠱᠣᠸ ᠺᠦᠨ ᠲᠠᠨᠢᠯᠴᠠᠭᠤᠯᠬᠤ ᠳᠠᠭᠠᠨ᠄ ︽ᠡᠨᠡ ᠵᠢᠯ ᠳ᠋ᠦᠩ ᠾᠧ ᠲᠣᠭᠤᠷᠢᠭ ᠤᠨ ᠳᠠᠷᠢᠬᠤ ᠲᠠᠯᠠᠪᠠᠶ ᠨᠢ 9 ᠲᠦᠮᠡᠨ ᠮᠦ ᠠᠴᠠ ᠳᠡᠭᠡᠭᠰᠢ ᠪᠣᠯᠣᠨ᠎ᠠ᠂ ᠡᠭᠦᠨ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠷᠢᠶᠠᠨ ᠭᠠᠵᠠᠷ ᠢ 6 ᠲᠦᠮᠡᠨ ᠮᠦ ᠠᠴᠠ ᠳᠡᠭᠡᠭᠰᠢ ᠥᠷᠨᠢᠭᠦᠯᠵᠦ᠂ ᠭᠤᠣᠯᠳᠠᠭᠤ ᠡᠷᠳᠡᠨᠢ ᠰᠢᠰᠢ ᠳᠠᠷᠢᠬᠤ ᠶᠢᠨ ᠬᠠᠮᠲᠤ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠡᠷᠳᠡᠨᠢ ᠰᠢᠰᠢ ᠳᠤ ᠰᠢᠷ᠎ᠠ ᠪᠤᠷᠴᠠᠭ 1 ᠲᠦᠮᠡᠨ ᠮᠦ ᠶᠢ ᠢᠵᠢ ᠳᠠᠷᠢᠬᠤ ᠶᠢ ᠬᠡᠷᠡᠭᠵᠢᠭᠦᠯᠦᠨ᠎ᠡ ︾ ᠭᠡᠵᠡᠢ᠃      ᠠᠨᠵᠢᠰᠤᠨ ᠬᠤᠰᠢᠭᠤ ᠨᠢ ᠬᠠᠪᠤᠷ ᠤᠨ ᠤᠯᠠᠷᠢᠯ ᠤᠨ ᠬᠦᠰᠡᠯ ᠡᠷᠡᠮᠡᠯᠵᠡᠯ ᠢ ᠤᠷᠪᠠᠭᠤᠯᠵᠤ᠂ ᠦᠷ᠎ᠡ ᠨᠢ ᠬᠤᠷᠢᠶᠠᠯᠲᠠ ᠶᠢᠨ ᠪᠠᠶᠠᠷ ᠪᠠᠭ᠋ᠠᠳᠤᠯ ᠢ ᠪᠣᠶᠢᠵᠢᠭᠤᠯᠳᠠᠭ᠃ᠲᠠᠷᠢᠶᠠᠯᠠᠩ ᠤᠨ ᠴᠠᠭ ᠢ ᠬᠥᠰᠡᠷᠳᠡᠭᠦᠯᠦᠯ ᠦᠭᠡᠢ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠪᠤᠷ ᠤᠨ ᠠᠭᠤᠷ ᠠᠮᠢᠰᠬᠤᠯ ᠥᠷᠭᠡᠨ ᠠᠭᠤᠳᠠᠮ ᠬᠡᠭᠡᠷ᠎ᠡ ᠲᠠᠯ᠎ᠠ ᠳᠤ ᠠᠭᠠᠵᠢᠮ ᠢᠶᠠᠷ ᠳᠡᠯᠭᠡᠭᠳᠡᠵᠦ᠂ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠴᠦ ᠪᠤᠭᠤᠲᠤ ᠶᠢᠨ ᠡᠬᠡ ᠭᠠᠵᠠᠷ ᠲᠤ ᠪᠢᠯᠬᠠᠮ᠎ᠠ ᠪᠢᠯᠬᠠᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1