ᠳ᠋ᠦᠩ ᠾᠧ ᠲᠣᠭᠤᠷᠢᠭ᠄ ᠮᠥᠩᠭᠦᠨ ᠭᠦᠢᠯᠭᠡᠭᠡᠨ ᠤ︽ᠠᠮᠢᠵᠢᠷᠠᠯ ᠤᠨ ᠬᠦᠴᠦᠨ︾ ᠢ ᠬᠥᠭᠵᠢᠭᠡᠵᠦ  ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/4/21
      ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ︽ᠬᠠᠪᠤᠷ ᠤᠨ ᠰᠠᠯᠬᠢ ᠬᠤᠷ᠎ᠠ ᠶᠢᠨ ᠰᠢᠭᠦᠳᠡᠷᠢ︾ᠪᠣᠯᠣᠨ᠎ᠠ᠂ ︽ᠮᠥᠩᠭᠦᠨ ᠭᠦᠢᠯᠭᠡᠭᠡᠨ ᠤ ᠠᠮᠢ ᠠᠬᠤᠢ︾ ᠶᠢ ᠠᠮᠢᠳᠤᠯᠢᠭ ᠪᠣᠯᠭᠠᠵᠤ᠂︽ᠮᠥᠩᠭᠦᠨ ᠭᠦᠢᠯᠭᠡᠭᠡᠨ ᠤ ᠠᠮᠢᠨ ᠰᠤᠳᠠᠰᠤ︾ ᠶᠢ ᠰᠢᠯᠤᠭᠤᠳᠬᠠᠬᠤ ᠪᠣᠯ ᠨᠡᠩ ᠴᠤ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠪᠦᠬᠦ ᠬᠤᠳᠠ ᠶᠢᠨ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ︽ᠲᠠᠪᠤᠨ ᠶᠡᠭᠡ ᠡᠭᠦᠷᠭᠡ︾ ᠶᠢᠨ ᠬᠠᠷᠠᠯᠲᠠ ᠶᠢᠨ ᠱᠠᠭᠠᠷᠳᠠᠯᠭ᠎ᠠ ᠪᠠᠷ ᠭᠤᠣᠯᠳᠠᠭᠤᠯᠵᠤ᠂ ᠠᠵᠤ ᠠᠬᠤᠶᠢᠯᠠᠯ ᠤᠨ ᠪᠡᠯᠡ ᠮᠥᠩᠭᠦ ᠬᠤᠷᠠᠮᠳᠤᠭᠤᠯᠬᠤ ᠳᠤ ᠬᠦᠴᠢᠷᠳᠡᠯ ᠲᠤᠯᠭᠠᠷᠠᠬᠤ ᠶᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠯᠲᠠᠨ ᠮᠧᠳᠠᠯ ᠤᠨ ᠦᠢᠯᠡᠴᠢᠯᠡᠭᠡ ᠪᠠᠷ︽ᠰᠡᠳᠬᠢᠯ ᠬᠠᠨᠤᠮᠵᠢᠲᠠᠢ ᠪᠠᠶᠢᠬᠤ ᠶᠢ ᠳᠠᠭᠠᠭᠠᠬᠤ︾᠂︽ᠰᠡᠳᠬᠢᠯ ᠠᠮᠤᠷ ᠪᠠᠶᠢᠬᠤ ᠶᠢ ᠳᠠᠭᠠᠭᠠᠬᠤ︾ᠡᠵᠡᠩᠨᠡᠯᠲᠡ ᠶᠢᠨ ᠣᠷᠴᠢᠨ ᠲᠣᠭᠤᠷᠢᠨ ᠤ ᠠᠯᠳᠠᠨ ᠦᠰᠦᠭᠲᠦ ᠫᠠᠶᠢᠰᠠ ᠶᠢ ᠭᠡᠷᠡᠯᠳᠦᠬᠦᠯᠵᠦ᠂ ︽ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠵᠦ᠂ ᠳ᠋ᠦᠩ ᠾᠧ ᠭᠤᠣᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ︾ ᠳᠤ ᠬᠦᠴᠦᠲᠡᠢ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠵᠠᠢ᠃
10 ᠭᠠᠷᠤᠢ ᠪᠠᠩᠬᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠬᠦᠴᠢᠷᠳᠡᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠪᠡ᠃      ᠪᠤᠭᠤᠲᠤ ᠬᠤᠳᠠ ᠶᠢᠨ ᠪᠧᠢ ᠴᠧᠨ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠳ᠋ᠦᠩ ᠾᠧ ᠲᠣᠭᠤᠷᠢᠭ ᠤᠨ ᠨᠢᠭᠡᠨ ᠲᠤᠰᠬᠠᠢ ᠮᠡᠷᠭᠡᠵᠢᠯ ᠤᠨ ᠲᠡᠵᠢᠭᠡᠯ ᠪᠣᠷᠳᠤᠭ᠎ᠠ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠠᠵᠢᠯ ᠢ ᠡᠷᠬᠢᠯᠡᠵᠦ ᠪᠠᠶᠢᠭ᠎ᠠ ᠠᠷᠠᠳ ᠤᠨ ᠡᠵᠡᠩᠨᠡᠯᠲᠡ ᠶᠢᠨ ᠬᠤᠪᠢᠴᠠᠭᠠᠳᠤ ᠳᠦᠷᠢᠮᠲᠦ ᠠᠵᠤ ᠠᠬᠤᠶᠢᠯᠠᠯ ᠪᠣᠯᠣᠨ᠎ᠠ᠂ ᠲᠠᠬᠢᠶ᠎ᠠ᠂ ᠭᠠᠭ᠋ᠠᠢ᠂ ᠦᠬᠡᠷ᠂ ᠬᠤᠨᠢ᠂ ᠵᠢᠭᠠᠰᠤ ᠵᠡᠷᠭᠡ 9 ᠶᠡᠭᠡ ᠰᠢᠷᠢᠰ 50 ᠭᠠᠷᠤᠢ ᠲᠦᠷᠦᠯ ᠤᠨ ᠲᠡᠵᠢᠭᠡᠯ ᠪᠣᠷᠳᠣᠭᠠᠨ ᠤ ᠪᠦᠲᠦᠭᠡᠭᠳᠡᠬᠦᠨ ᠤᠯᠠᠮ ᠠᠴᠠ ᠤᠯᠠᠮ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠤ ᠪᠤᠢ᠃ᠭᠡᠪᠡᠴᠦ ᠲᠦᠷᠦᠭᠦᠬᠡᠨ᠂ ᠪᠡᠯᠡ ᠲᠣᠬᠢᠷᠠᠭᠤᠯᠭ᠎ᠠ ᠶᠢᠨ ᠪᠡᠷᠬᠡ ᠠᠰᠠᠭᠤᠳᠠᠯ  ᠨᠢ ᠠᠵᠤ ᠠᠬᠤᠶᠢᠯᠠᠯ ᠤᠨ ᠴᠢᠨᠠᠭᠰᠢᠳᠠ ᠶᠢᠨ ᠬᠥᠭᠵᠢᠯᠲᠡ ᠶᠢ ᠬᠦᠴᠢᠷᠳᠡᠯ ᠲᠠᠢ᠂ ᠬᠢᠵᠠᠭᠠᠷᠯᠠᠵᠤ ᠪᠠᠶᠢᠭᠰᠠᠨ ᠭᠤᠣᠯ ︽ᠪᠣᠭᠤᠮᠢ︾ ᠪᠣᠯᠤᠭᠰᠠᠨ ᠪᠠᠶᠢᠨ᠎ᠠ᠃      ᠵᠠᠩᠭᠢᠯᠠᠭ᠎ᠠ ᠶᠢᠨ ᠦᠶ᠎ᠡ ᠳᠤ᠂ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠨᠢ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ︽ᠰᠠᠶᠢᠨ ᠬᠠᠪᠰᠤᠷᠤᠭᠴᠢ︾ᠪᠣᠯᠵᠤ᠂ ᠲᠡᠷᠡ ᠳᠠᠷᠤᠢ ᠳᠤᠨᠢ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠳ᠋ᠦᠩ ᠡᡁᠸ ᠰᠠᠯᠪᠤᠷᠢ ᠪᠠᠩᠬᠢ ᠲᠠᠢ ᠵᠣᠯᠭᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠶᠢᠨ ᠵᠠᠭᠪᠤᠷ ᠢ ᠰᠢᠨ᠎ᠡ ᠪᠠᠷ ᠡᠭᠦᠳᠴᠦ᠂ ᠪᠧᠢ ᠴᠧᠨ ᠳᠤ 3600 ᠲᠦᠮᠡᠨ ᠲᠥᠭᠦᠷᠢᠭ ᠤᠨ ᠲᠡᠵᠢᠭᠡᠯ ᠪᠣᠷᠳᠤᠭ᠎ᠠ ᠶᠢᠨ ᠵᠢᠭᠡᠯᠡᠯᠭᠡ ᠲᠠᠯᠪᠢᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ︽ᠲᠤᠯᠭᠠᠮ᠎ᠠ ᠲᠤᠯᠭᠠᠮ᠎ᠠ︾ ᠶᠢ ᠴᠠᠭ ᠲᠤᠬᠠᠢ ᠳᠤᠨᠢ ᠰᠢᠢᠳᠪᠦᠷᠢᠯᠡᠪᠡ᠃
ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠎ᠡ᠃      ︽ᠮᠠᠨ ᠤ ᠺᠣᠮᠫᠠᠨᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠠᠮᠧᠷᠢᠺᠠ  ᠶᠢᠨ ᠺᠧᠨᠲ᠋ᠠᠺᠢ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠨᠤᠭᠤᠳ ᠲᠠᠢ ︿ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ﹀  ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠥᠭᠡᠳ ᠪᠧᠢ ᠴᠧᠨ ᠤ ᠲᠡᠵᠢᠭᠡᠯ ᠪᠣᠷᠳᠣᠭᠠᠨ ᠤ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠪᠠᠶᠢᠭᠤᠯᠤᠭᠰᠠᠨ ᠪᠣᠯᠪᠠᠴᠤ ᠡᠳᠡᠭᠡᠷ ︿ᠡᠳ᠋ ᠬᠥᠷᠥᠩᠭᠡ  ᠶᠢ ᠮᠡᠳᠡᠬᠦ﹀ ᠨᠢ ᠬᠠᠷᠢᠨ ︿ᠡᠳ᠋ ᠬᠥᠷᠥᠩᠭᠡ﹀ ᠪᠣᠯᠵᠤ ᠬᠤᠪᠢᠷᠠᠨ᠎ᠠ ᠭᠡᠳᠡᠭ  ᠢ ᠬᠠᠷᠢᠨ ᠪᠣᠳᠣᠵᠤ ᠣᠯᠣᠭᠰᠠᠨ ᠦᠭᠡᠢ᠂ ᠲᠡᠷᠡ ᠮᠥᠷᠲᠡᠭᠡᠨ ᠵᠢᠭᠡᠯᠡᠯᠭᠡ  ᠶᠢᠨ ᠵᠣᠭᠤᠰ ᠤᠨ ᠲᠤᠭ᠎ᠠ ᠨᠢ ᠥᠨᠳᠥᠷ᠂ ᠬᠦᠦ ᠮᠥᠩᠭᠦ  ᠶᠢᠨ ᠨᠣᠷᠮ᠎ᠠ ᠨᠢ ᠳᠣᠣᠷ᠎ᠠ ᠪᠠᠶᠢᠨ᠎ᠠ᠂ ᠡᠨᠡ ᠨᠢ ᠦᠨᠡᠬᠡᠷ ᠪᠢᠳᠡᠨ ᠳᠤ ᠶᠡᠭᠡ ᠠᠰᠠᠭᠤᠳᠠᠯ  ᠢ ᠰᠢᠢᠳᠪᠦᠷᠢᠯᠡᠵᠦ ᠥᠭᠭᠦᠭᠰᠡᠨ ᠪᠠᠶᠢᠨ᠎ᠠ︾᠃ ᠭᠡᠵᠦ ᠪᠧᠢ ᠴᠧᠨ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠶᠠ ᡁᠢ ᠴᠧᠩ ᠪᠠᠶᠠᠷᠲᠠᠢ ᠪᠠᠷ ᠬᠡᠯᠡᠪᠡ᠃      ᠠᠵᠤ ᠠᠬᠤᠶᠢᠯᠠᠯ ᠳᠤ︽ᠴᠠᠭ ᠤᠨ ᠬᠤᠷ᠎ᠠ︾ᠬᠦᠷᠭᠡᠵᠦ᠂ ᠬᠥᠭᠵᠢᠯᠲᠡ ᠳᠤ︽ᠬᠤᠷᠳᠤᠴᠠ︾᠂︽ᠵᠢᠩᠬᠢᠨᠢ ᠠᠯᠳᠠ ᠮᠥᠩᠭᠦ︾ ᠶᠢᠨ ᠲᠦᠷᠦ ᠶᠢᠨ ᠪᠣᠳᠣᠯᠭ᠎ᠠ ᠶᠢᠨ ᠠᠰᠢᠭ ᠪᠣᠯᠣᠨ ᠢᠲᠡᠭᠡᠮᠵᠢᠲᠦ ᠵᠢᠭᠡᠯᠡᠯᠭᠡ ᠶᠢᠨ ᠠᠰᠠᠷᠠᠮᠵᠢ ᠨᠡᠮᠡᠷᠢᠯᠡᠵᠦ᠂ ᠳ᠋ᠦᠩ ᠾᠧ ᠲᠣᠭᠤᠷᠢᠭ ᠤᠨ ᠪᠣᠳᠠᠲᠤ ᠴᠣᠭᠴᠠ ᠶᠢᠨ ᠠᠵᠤ ᠠᠬᠤᠢ ᠳᠤ︽ᠮᠥᠩᠭᠦᠨ ᠭᠦᠢᠯᠭᠡᠭᠡᠨ ᠤ ᠠᠮᠢᠵᠢᠷᠠᠯ︾ ᠢ ᠲᠠᠰᠤᠷᠠᠯᠳᠡ ᠦᠭᠡᠢ ᠬᠦᠷᠭᠡᠵᠦ ᠪᠠᠶᠢᠨ᠎ᠠ᠃      ︽ᠲᠠ ᠰᠠᠶᠢᠨ ᠤᠸ᠂ ᠲᠠᠨ ᠤ ᠺᠣᠮᠫᠠᠨᠢ  ᠶᠢᠨ ᠲᠦᠷᠦᠭᠦᠦ ᠨᠢᠭᠡ ᠬᠤᠭᠤᠴᠠᠭᠠᠨ ᠳᠤ ᠭᠤᠶᠤᠴᠢᠯᠠᠭᠰᠠᠨ ᠵᠢᠭᠡᠯᠡᠯᠭᠡ  ᠶᠢᠨ ᠦᠢᠯᠡᠳᠬᠦᠨ  ᠢ ᠪᠡᠯᠡᠨ ᠪᠣᠯᠭᠠᠭᠰᠠᠨ ᠤᠸ  ︾ ︽ᠲᠠ ᠪᠢᠲᠡᠭᠡᠢ ᠶᠠᠭᠠᠷᠠ᠂ ᠣᠳᠣ ᠭᠠᠶᠢᠯᠢ  ᠶᠢᠨ ᠵᠢᠭᠡᠯᠡᠯᠭᠡ᠂ ᠵᠠᠬ᠎ᠠ ᠳᠡᠯᠭᠡᠭᠦᠷ ᠤᠨ ᠵᠢᠭᠡᠯᠡᠯᠭᠡ᠂ ᠣᠷᠣᠨ ᠰᠠᠭᠤᠴᠠ  ᠶᠢᠨ ᠵᠢᠭᠡᠯᠡᠯᠭᠡ ᠵᠡᠷᠭᠡ ᠣᠯᠠᠨ ᠵᠦᠢᠯ ᠤᠨ ᠮᠥᠩᠭᠦᠨ ᠭᠦᠢᠯᠭᠡᠭᠡᠨ ᠤ ᠦᠢᠯᠡᠳᠬᠦᠨ  ᠢ ᠡᠷᠬᠢᠮ ᠺᠣᠮᠫᠠᠨᠢ  ᠠᠴᠠ ᠰᠣᠩᠭᠤᠵᠤ ᠪᠣᠯᠣᠨ᠎ᠠ︾᠃ ᠳ᠋ᠦᠩ ᠾᠧ ᠶᠢᠨ ᠪᠡᠯᠡ ᠣᠷᠣᠭᠤᠯᠵᠤ ᠦᠢᠯᠡᠰ ᠪᠣᠰᠬᠠᠬᠤ ᠥᠩ ᠰᠢᠮᠡᠯᠢᠭ ᠬᠥᠷᠥᠰᠥᠨ ᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ︽ᠬᠦᠷᠢᠶᠡᠯᠡᠩ ᠲᠣᠭᠤᠷᠢᠭ ᠲᠤ ᠣᠷᠣᠬᠤ᠂ ᠠᠵᠤ ᠠᠬᠤᠶᠢᠯᠠᠯ ᠳᠤ ᠣᠷᠣᠬᠤ︾ᠠᠵᠢᠯᠯᠠᠭ᠎ᠠ ᠥᠷᠨᠢᠭᠦᠯᠵᠦ᠂ ᠮᠥᠩᠭᠦᠨ ᠭᠦᠢᠯᠭᠡᠭᠡᠨ ᠤ ᠠᠯᠢ ᠤᠯᠠᠨ ᠰᠠᠶᠢᠨ ᠦᠢᠯᠡᠳᠬᠦᠨ ᠨᠢ ᠤᠯᠠᠮ ᠠᠴᠠ ᠤᠯᠠᠮ ᠤᠯᠠᠨ ᠠᠵᠤ ᠠᠬᠤᠶᠢᠯᠠᠯ ᠤᠨ ︽ᠴᠠᠰᠤᠨ ᠳᠤᠮᠳᠠᠬᠢ ᠨᠡᠭᠦᠷᠡᠰᠦ︾︽ᠰᠡᠳᠬᠢᠯ ᠢ ᠠᠪᠤᠷᠠᠬᠤ ᠦᠷᠡᠯ︾ᠪᠣᠯᠵᠤ ᠪᠠᠶᠢᠨ᠎ᠠ᠃
ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠣᠶᠢᠯᠠᠭᠠᠨ ᠰᠢᠢᠳᠪᠦᠷᠢᠯᠡᠨ᠎ᠡ᠃      ᠬᠡᠷᠬᠢᠨ ᠬᠠᠮᠤᠭ ᠤᠨ ᠲᠦᠷᠭᠡᠨ ᠬᠤᠷᠳᠤᠴᠠ ᠪᠠᠷ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠬᠦᠴᠢᠷ ᠠᠰᠠᠭᠤᠳᠠᠯ ᠢ ᠣᠶᠢᠯᠠᠭᠠᠨ ᠰᠢᠢᠳᠪᠦᠷᠢᠯᠡᠬᠦ ᠪᠤᠢ︖ᠳ᠋ᠦᠩ ᠾᠧ ᠲᠣᠭᠤᠷᠢᠭ ᠤᠨ ᠬᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠨᠠᠷᠢᠯᠢᠭ ᠣᠨᠣᠴᠠᠲᠠᠢ ᠪᠠᠷ ᠤᠰᠤᠯᠠᠬᠤ ᠠᠷᠭ᠎ᠠ ᠮᠠᠶ᠋ᠢᠭ ᠢ ᠠᠪᠴᠤ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠤᠨ ᠵᠣᠯᠭᠠᠭᠤᠯᠬᠤ ᠲᠣᠭᠲᠠᠴᠠ  ᠶᠢ ᠪᠠᠶᠢᠭᠤᠯᠵᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠨᠢ ᠰᠠᠷ᠎ᠠ ᠪᠦᠷᠢ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠵᠣᠯᠭᠠᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠶᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠰᠤᠷᠪᠤᠯᠵᠢᠯᠠᠨ᠂ ᠠᠵᠤ ᠠᠬᠤᠶᠢᠯᠠᠯ ᠤᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠳᠤ ︽ᠡᠬᠡ ᠲᠠᠩᠰᠠ ᠶᠢᠨ ᠮᠠᠶ᠋ᠢᠭ ︾ ᠤᠨ ᠬᠠᠮᠢᠶᠠᠷᠤᠯᠲᠠ ᠶᠠᠪᠤᠭᠤᠯᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠵᠡᠷᠭᠡ ᠠᠵᠢᠯᠯᠠᠭ᠎ᠠ ᠶᠢ ᠡᠷᠭᠢᠯᠡᠨ ᠵᠢᠭᠡᠯᠡᠯᠭᠡ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠯ᠎ᠡ ᠲᠥᠷᠥᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠬᠠᠩᠭᠠᠨ᠎ᠠ᠃ᠡᠨᠡ ᠵᠢᠯ ᠠᠴᠠ ᠨᠠᠰᠢ᠂ ᠨᠡᠶᠢᠲᠡ 109 ᠠᠵᠤ ᠠᠬᠤᠶᠢᠯᠠᠯ ᠢ ᠵᠠᠯᠭᠠᠨ ᠰᠤᠷᠪᠤᠯᠵᠢᠯᠠᠵᠤ᠂ 10.6 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠭᠰᠠᠨ ᠪᠠᠶᠢᠨ᠎ᠠ᠃      ︽ᠪᠢᠳᠡ ᠪᠠᠰᠠ ︽ᠪᠤᠭᠤᠲᠤ ᠬᠤᠲᠠ ᠶᠢᠨ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠴᠢᠨᠠᠷᠲᠠᠢ ᠦᠯᠡᠳᠡᠭᠡᠯ ᠵᠢᠭᠡᠯᠡᠯᠭᠡ ᠶᠢᠨ 10 ᠳ᠋ᠤᠭᠠᠷ ᠰᠠᠷ᠎ᠠ ᠶᠢᠨ ᠲᠣᠰ ᠰᠠᠷ᠎ᠠ ᠶᠢᠨ ᠬᠦᠦ ᠮᠥᠩᠭᠦ ᠶᠢᠨ ᠨᠥᠬᠦᠪᠦᠷᠢ ᠶᠢ ᠮᠡᠳᠡᠭᠦᠯᠬᠦ ᠠᠵᠢᠯ ᠤᠨ ᠮᠡᠳᠡᠭᠳᠡᠯ︾ ︽ᠪᠤᠭᠤᠲᠤ ᠬᠤᠲᠠ ᠶᠢᠨ ᠮᠥᠩᠭᠦᠨ ᠭᠦᠢᠯᠭᠡᠭᠡᠨ ᠤ ᠳᠡᠮᠵᠢᠯᠭᠡ ᠪᠠᠷ ᠬᠠᠩᠭᠠᠯᠭ᠎ᠠ ᠶᠢ ᠳᠡᠭᠡᠭᠰᠢᠯᠡᠭᠦᠯᠵᠦ ᠳᠣᠲᠣᠭᠠᠳᠤ ᠬᠡᠷᠡᠭᠴᠡᠭᠡ ᠶᠢ ᠥᠷᠭᠡᠳᠬᠡᠨ ᠬᠡᠷᠡᠭᠯᠡᠭᠡ ᠶᠢ ᠠᠬᠢᠭᠤᠯᠬᠤ ᠨᠠᠢᠮᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠵᠡᠷᠭᠡ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠰᠦᠯᠵᠢᠶ᠎ᠡ ᠪᠠᠷ ᠨᠡᠪᠲᠡᠷᠡᠭᠦᠯᠬᠦ᠂ ᠨᠢᠭᠡ ᠥᠷᠲᠡᠭᠡ ᠳᠤ ᠭᠤᠶᠤᠴᠢᠯᠠᠨ ᠮᠡᠳᠡᠭᠦᠯᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠡᠯᠡ ᠲᠣᠬᠢᠷᠠᠭᠤᠯᠬᠤ ᠠᠷᠭ᠎ᠠ ᠵᠠᠮ ᠢ ᠪᠥᠬᠦ ᠬᠦᠴᠦᠨ ᠢᠶᠠᠷ ᠢᠶᠠᠨ ᠰᠠᠭᠠᠳ ᠦᠭᠡᠢ ᠨᠠᠪᠲᠠᠷᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠢ᠃ ᠣᠳᠣᠬᠠᠨ ᠳᠤ 571 ᠡᠷᠦᠬᠡ ᠨᠥᠬᠦᠴᠡᠯ ᠳᠤ ᠨᠡᠶᠢᠴᠡᠬᠦ ᠭᠤᠶᠤᠴᠢᠯᠠᠨ ᠮᠡᠳᠡᠭᠦᠯᠬᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠠᠪᠰᠤᠷᠴᠤ᠂ ᠭᠤᠶᠤᠴᠢᠯᠠᠨ ᠮᠡᠳᠡᠭᠦᠯᠦᠭᠰᠡᠨ ᠳᠠᠮ ᠬᠦᠦ ᠶᠢᠨ ᠵᠣᠭᠤᠰᠤᠨ ᠲᠤᠭ᠎ᠠ 142.84 ᠲᠦᠮᠡᠨ ᠲᠥᠭᠦᠷᠢᠭ ᠲᠤ ᠬᠦᠷᠴᠡᠢ︾ ᠭᠡᠵᠦ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠧᠨ ᠶᠦᠨ ᠭᠤᠸᠠᠩ ᠢᠯᠡᠷᠬᠡᠶᠢᠯᠡᠵᠡᠢ᠃
ᠪᠦᠬᠦ ᠣᠷᠣᠨ ᠤ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠵᠢᠴᠢ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ᠃      ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠰᠢᠯᠢᠳᠡᠭᠵᠢᠭᠦᠯᠬᠦ ᠶᠠᠪᠤᠴᠠ ᠳᠤ᠂ ᠮᠥᠩᠭᠦᠨ ᠭᠦᠢᠯᠭᠡᠭᠡᠨ ᠤ ᠡᠨᠧᠷᠭᠢ ᠣᠯᠭᠤᠬᠤ ᠦᠢᠯᠡᠳᠦᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠂ ᠭᠡᠬᠦ ᠳᠡᠭᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ  ᠶᠢ ᠠᠬᠢᠭᠤᠯᠬᠤ ᠪᠣᠯ ᠠᠵᠤ ᠠᠬᠤᠶᠢᠯᠠᠯ ᠤᠨ ᠠᠵᠤ ᠦᠢᠯᠡᠰ ᠤᠨ ᠪᠦᠲᠦᠴᠡ  ᠶᠢ ᠰᠢᠯᠢᠳᠡᠭᠵᠢᠭᠦᠯᠬᠦ᠂ ᠣᠷᠣᠨ ᠪᠦᠰᠡ  ᠶᠢᠨ ᠥᠷᠢᠰᠦᠯᠳᠦᠬᠦ ᠬᠦᠴᠦᠨ  ᠢ ᠴᠢᠩᠭᠠᠷᠠᠭᠤᠯᠬᠤ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠃      ᠣᠶᠢᠷ᠎ᠠ ᠶᠢᠨ ᠵᠢᠯ ᠳᠤ᠂ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ︽ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ︾ ᠶᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ︽ᠱᠦᠵᠢ ᠶᠢᠨ ᠲᠥᠷᠥᠯ ᠵᠦᠢᠯ︾ ᠳᠤ ᠢ ᠾᠧ ᠬᠥᠩᠭᠡᠨ ᠴᠠᠭᠠᠨ ᠤ ᠦᠢᠯᠡᠰ᠂ ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ᠂ ᠶᠦᠨ ᠬᠥ᠋ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠤᠨ ᠬᠡᠷᠡᠭᠴᠡᠭᠡ ᠶᠢ ᠣᠶᠢᠯᠠᠭᠠᠵᠤ᠂ ᠪᠧᠢ ᠴᠧᠨ ᠤ ᠲᠡᠵᠢᠭᠡᠯ ᠪᠣᠷᠳᠤᠭ᠎ᠠ᠂ ᠪᠠᠷᠠᠭᠤᠨ ᠣᠷᠣᠨ ᠤ ᠪᠠᠶᠢᠭᠠᠯᠢ ᠶᠢᠨ ᠰᠢᠲᠠᠮᠠᠬᠠᠢ ᠬᠡᠢ ᠶᠢ ᠬᠠᠪᠰᠤᠷᠤᠨ ︽ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠴᠢᠨᠠᠷᠲᠠᠢ ᠭᠡᠷᠡᠴᠢ︾ ᠭᠠᠷᠭᠠᠯᠭᠠᠵᠤ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ᠂ ᠭᠦᠸᠧ ᠷᠦᠩ ᠲᠡᠮᠳᠡᠭᠲᠦ ᠵᠡᠷᠭᠡ ᠶᠢ ᠤᠷᠢᠵᠤ ᠵᠠᠬ᠎ᠠ ᠳᠡᠯᠭᠡᠭᠦᠷ ᠲᠤ ᠭᠠᠷᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠠᠪᠰᠤᠷᠤᠨ ᠵᠢᠯᠣᠭᠤᠳᠤᠯᠭ᠎ᠠ ᠬᠢᠯᠭᠡᠵᠦ᠂ ᠪᠠᠩᠬᠢ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠵᠠᠬ᠎ᠠ ᠳᠡᠯᠭᠡᠭᠦᠷ ᠲᠤ ᠭᠠᠷᠤᠭᠰᠠᠨ ᠪᠡᠯᠡᠳᠬᠡᠯ ᠠᠵᠤ ᠠᠬᠤᠶᠢᠯᠠᠯ ᠳᠤ ᠢᠲᠡᠭᠡᠮᠵᠢ ᠣᠯᠭᠤᠬᠤ ᠲᠤᠭ᠎ᠠ ᠬᠡᠮᠵᠢᠶ᠎ᠡ᠂ ᠬᠦᠦ ᠶᠢᠨ ᠨᠣᠷᠮ᠎ᠠ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠠᠪᠤᠴᠠ ᠳᠤ ᠲᠣᠬᠢᠶᠠᠯᠳᠤᠭᠰᠠᠨ ᠡᠯ᠎ᠡ ᠲᠥᠷᠥᠯ ᠤᠨ ︽ᠬᠦᠴᠢᠷ ᠲᠦᠪᠡᠭᠲᠡᠢ ᠬᠡᠮ︾ ᠢ ᠪᠥᠬᠦ ᠬᠦᠴᠦᠨ ᠢᠶᠠᠷ ᠢᠶᠠᠨ ᠠᠷᠢᠯᠭᠠᠨ᠎ᠠ᠃2022 ᠣᠨ  ᠠᠴᠠ ᠨᠠᠰᠢ᠂ ᠢ ᠾᠧ ᠬᠥᠩᠭᠡᠨ ᠴᠠᠭᠠᠨ ᠤ ᠦᠢᠯᠡᠰ  ᠢ ᠪᠠᠭᠲᠠᠭᠠᠭᠰᠠᠨ ᠰᠲ᠋ᠣᠺ ᠤᠨ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠰᠠᠮᠪᠠᠷ᠎ᠠ ᠶᠢᠨ ᠰᠢᠯᠢᠳᠡᠭ  ᠢ ᠰᠣᠩᠭᠤᠬᠤ ᠡᠯᠭᠦᠮᠡᠯ ᠰᠠᠮᠪᠠᠷ᠎ᠠ ᠳᠤ ᠳᠡᠭᠡᠳᠦ ᠱᠠᠲᠤᠨ ᠤ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 20 ᠲᠦᠮᠡᠨ ᠲᠥᠭᠦᠷᠢᠭ ᠣᠯᠬᠤ ᠪᠠᠷ ᠴᠢᠷᠮᠠᠶᠢᠪᠠ︔ᠪᠤᠭᠤᠲᠤ ᠶᠢᠨ ᠪᠧᠢ ᠴᠧᠨ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠢᠨ᠎ᠡ ᠭᠤᠷᠪᠠᠳᠤᠭᠠᠷ ᠰᠠᠮᠪᠠᠷ᠎ᠠ ᠳᠤ ᠫᠠᠶᠢᠰᠠ ᠡᠯᠭᠦᠵᠦ᠂ ᠳᠡᠭᠡᠳᠦ ᠱᠠᠲᠤᠨ ᠤ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 100 ᠲᠦᠮᠡᠨ ᠲᠥᠭᠦᠷᠢᠭ ᠣᠯᠬᠤ ᠪᠠᠷ ᠴᠢᠷᠮᠠᠶᠢᠨ᠎ᠠ᠃
ᠮᠥᠩᠭᠦᠨ ᠭᠦᠢᠯᠭᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ      ᠡᠭᠦᠨ ᠠᠴᠠ ᠭᠠᠳᠠᠨ᠎ᠠ᠂ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠪᠠᠰᠠ ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠥᠮᠴᠢᠯᠡᠯ ᠤᠨ ᠪᠠᠩᠬᠢ ᠶᠢᠨ ᠡᠬᠢ ᠪᠠᠶᠠᠯᠢᠭ᠂ ᠪᠡᠯᠡ ᠮᠥᠩᠭᠦ᠂ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠣᠷᠣᠨ ᠤ ᠥᠷᠭᠡᠨ ᠣᠯᠠᠨ ᠲᠠᠷᠢᠶᠠᠴᠢᠨ ᠡᠷᠦᠬᠡ ᠵᠢᠴᠢ ᠵᠢᠵᠢᠭ ᠪᠢᠴᠢᠯ ᠠᠵᠤ ᠠᠬᠤᠶᠢᠯᠠᠯ ᠵᠡᠷᠭᠡ ᠭᠤᠣᠯᠳᠠᠯᠭ᠎ᠠ  ᠲᠠᠢ ᠬᠥᠮᠥᠰ ᠤᠨ ᠮᠥᠩᠭᠦᠨ ᠭᠦᠢᠯᠭᠡᠭᠡᠨ ᠤ ᠬᠡᠷᠡᠭᠴᠡᠭᠡ  ᠶᠢ ᠴᠢᠩᠭ᠎ᠠ ᠠᠩᠬᠠᠷᠴᠤ᠂ ᠲᠠᠷᠢᠶᠠᠯᠠᠩ ᠬᠥᠳᠡᠭᠡ ᠲᠣᠰᠬᠤᠨ ᠳᠤ ᠦᠢᠯᠡᠴᠢᠯᠡᠬᠦ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠲᠠᠷᠢᠶᠠᠯᠠᠩ᠂ ᠬᠥᠳᠡᠭᠡ ᠲᠣᠰᠬᠤᠨ ᠤ ᠬᠥᠭᠵᠢᠯᠲᠡ ᠳᠤ ᠲᠣᠬᠢᠷᠠᠬᠤ ᠪᠠᠷᠢᠴᠠᠭᠠᠯᠠᠬᠤ ︵ᠳᠠᠨᠵᠢᠯᠠᠬᠤ︶ ᠵᠢᠭᠡᠯᠡᠯᠭᠡ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢᠨ ᠠᠩᠬᠠᠳᠠᠭᠴᠢ ᠬᠥᠳᠡᠭᠡ ᠲᠣᠰᠬᠤᠨ ᠤ ᠰᠠᠯᠪᠤᠷᠢ ᠪᠠᠩᠬᠢ ᠶᠢᠨ ᠰᠢᠷᠴᠢᠨ ᠪᠠᠯᠭᠠᠰᠤᠨ ᠳᠤ ᠰᠠᠭᠤᠷᠢᠰᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠪᠤᠭᠤᠲᠤ ᠬᠤᠳᠠ ᠶᠢᠨ ᠭᠤᠣᠯ ᠰᠠᠯᠪᠤᠷᠢ ᠪᠠᠩᠬᠢ ᠶᠢᠨ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠷᠭᠤᠮᠠᠯ ᠤᠨ ᠡᠳ᠋ ᠬᠥᠷᠥᠩᠭᠡ ᠪᠠᠷ ᠳᠠᠨᠵᠢᠯᠠᠬᠤ ᠵᠢᠭᠡᠯᠡᠯᠭᠡ ᠶᠢ ᠬᠡᠷᠡᠭᠵᠢᠭᠦᠯᠦᠭᠰᠡᠨ ᠪᠥᠭᠡᠳ 100 ᠲᠦᠮᠡᠨ ᠲᠥᠭᠦᠷᠢᠭ ᠤᠨ ᠵᠢᠭᠡᠯᠡᠯᠭᠡ ᠶᠢ ᠪᠤᠭᠤᠲᠤ ᠬᠤᠳᠠ ᠶᠢᠨ ᠷᠦᠨ ᠽᠦ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠴᠢᠨ ᠤ ᠲᠤᠰᠬᠠᠢ ᠬᠤᠷᠰᠢᠶ᠎ᠠ ᠳᠤ ᠠᠮᠵᠢᠯᠲᠠ ᠲᠠᠢ ᠲᠠᠷᠬᠠᠭᠠᠵᠤ᠂ ︽ᠮᠥᠩᠭᠦᠨ ᠭᠦᠢᠯᠭᠡᠭᠡᠨ︾  ᠤ ᠪᠠᠶᠠᠷ ᠤᠨ ᠴᠢᠮᠡᠭᠡ ᠳ᠋ᠦᠩ ᠾᠧ ᠲᠣᠭᠤᠷᠢᠭ ᠤᠨ ︽ᠬᠥᠳᠡᠭᠡ ᠲᠣᠰᠬᠤᠨ ᠤ ᠠᠵᠤ ᠠᠬᠤᠶᠢᠯᠠᠯ ᠤᠨ ᠬᠦᠷᠢᠶ᠎ᠡ︾ ᠳᠤ ᠲᠠᠷᠬᠠᠪᠠ᠃      ᠡᠳᠡᠭᠡᠷ ᠢᠯᠡ ᠲᠣᠳᠣ ᠠᠮᠵᠢᠯᠲᠠ ᠪᠦᠲᠦᠮᠵᠢ ᠶᠢᠨ ᠠᠷᠤ ᠳᠤ᠂ ᠳ᠋ᠦᠩ ᠾᠧ ᠲᠣᠭᠤᠷᠢᠭ ᠤᠨ ᠬᠢᠨ ᠠᠷᠭ᠎ᠠ ᠪᠦᠬᠦᠨ ᠢ ᠰᠦᠪᠡᠭᠴᠢᠯᠡᠨ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠦᠨᠡᠨᠬᠦ ᠠᠳᠬᠤᠵᠤ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠠᠴᠠ ᠰᠠᠯᠵᠤ ᠴᠢᠳᠠᠬᠤ ᠦᠭᠡᠢ ᠪᠥᠭᠡᠳ ᠪᠦᠬᠦ ᠮᠥᠩᠭᠦᠨ ᠭᠦᠢᠯᠭᠡᠭᠡᠨ ᠤ ᠬᠥᠮᠥᠰ ᠤᠨ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠰᠢᠷᠭᠠᠭᠤ ᠬᠠᠲᠠᠭᠤᠵᠢᠯᠲᠠᠢ ᠠᠵᠢᠯᠯᠠᠬᠤ᠂ ᠡᠷᠡᠮᠡᠬᠡᠶᠢᠯᠡᠨ ᠲᠠᠪᠰᠢᠬᠤ ᠠᠴᠠ ᠰᠠᠯᠵᠤ ᠴᠢᠳᠠᠬᠤ ᠦᠭᠡᠢ ᠶᠤᠮ᠃ᠡᠳᠦᠭᠡ ᠶᠢᠨ ᠵᠡᠭᠦᠨ ᠮᠥᠷᠡᠨ ᠤ ᠡᠬᠡ ᠭᠠᠵᠠᠷ ᠲᠤ ᠡᠵᠡᠩᠨᠡᠯᠲᠡ ᠶᠢᠨ ᠣᠷᠴᠢᠨ ᠲᠣᠭᠤᠷᠢᠨ ᠨᠡᠩ ᠰᠢᠯᠢᠳᠡᠭᠵᠢᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠨᠡᠩ ᠴᠢᠩᠭᠠᠷᠠᠵᠤ᠂ ᠪᠠᠩᠬᠢ ᠠᠵᠤ ᠠᠬᠤᠶᠢᠯᠠᠯ ᠤᠨ ᠬᠠᠷᠢᠴᠠᠭ᠎ᠠ ᠨᠡᠩ ᠨᠢᠭᠲᠠᠷᠠᠵᠤ᠂ ᠮᠥᠩᠭᠦᠨ ᠭᠦᠢᠯᠭᠡᠭᠡᠨ ᠤ ᠠᠮᠢ ᠠᠬᠤᠢ ᠨᠡᠩ ᠡᠷᠡᠭᠦᠯ ᠪᠣᠯᠵᠠᠢ ᠁ ᠳ᠋ᠦᠩ ᠾᠧ ᠲᠣᠭᠤᠷᠢᠭ ᠤᠨ ᠬᠢᠨ ᠦᠷᠭᠦᠯᠵᠢᠯᠡᠨ ᠲᠠᠰᠤᠷᠠᠯᠳᠡ ᠦᠭᠡᠢ ᠮᠥᠩᠭᠦᠨ ᠭᠦᠢᠯᠭᠡᠭᠡᠨ ᠤ︽ᠠᠮᠢᠵᠢᠷᠠᠯ︾ ᠢᠶᠠᠷ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠡᠷᠭᠡ ᠲᠣᠮᠣ ᠬᠠᠭᠤᠳᠠᠰᠤ ᠶᠢ ᠵᠢᠷᠤᠵᠤ᠂ ᠮᠥᠩᠭᠦᠨ ᠭᠦᠢᠯᠭᠡᠭᠡᠨ ᠤ ᠬᠦᠴᠦᠨ ᠢᠶᠠᠷ ᠳ᠋ᠦᠩ ᠾᠧ ᠭᠤᠣᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1