︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠦᠨ᠎ᠡ︾ᠭᠠᠶᠢᠯᠢ ᠶᠢᠨ ᠬᠠᠷᠠᠭᠠᠯᠵᠠᠯ ᠬᠠᠪᠤᠷ ᠤᠨ ᠤᠷᠢᠬᠠᠨ ᠰᠠᠯᠬᠢᠨ ᠤ ᠢᠯᠴᠢ ᠶᠢ ᠬᠦᠷᠲᠡᠵᠦ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠤ ᠢᠲᠡᠭᠡᠯ ᠵᠣᠷᠢᠭ ᠢ ᠬᠥᠪᠴᠢᠯᠡᠨ᠎ᠡ
ᠨᠡᠶᠢᠲᠡᠯᠡᠭᠰᠡᠨ ᠴᠠᠭ᠄
2023/4/21
      ᠠᠯᠤᠰ  ᠠᠴᠠ ᠬᠠᠪᠰᠤᠷᠤᠨ ᠭᠦᠢᠴᠡᠳᠬᠡᠬᠦ ᠠᠯᠪᠠᠨ ᠭᠡᠷ ᠭᠠᠶᠢᠯᠢ ᠲᠤᠰᠢᠶᠠᠭᠴᠢ ᠶᠢᠨ ᠬᠦᠴᠢᠷᠳᠡᠯ  ᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠬᠦᠷᠭᠡᠯᠲᠡ ᠶᠢ ᠣᠯᠠᠨ ᠠᠷᠭ᠎ᠠ ᠵᠠᠮ ᠢᠶᠠᠷ ᠨᠠᠷᠢᠯᠢᠭ ᠣᠨᠣᠴᠠᠲᠠᠢ ᠪᠠᠷ ᠥᠷᠨᠢᠭᠦᠯᠵᠦ᠂ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠪᠠᠷ ᠠᠵᠤ ᠠᠬᠤᠶᠢᠯᠠᠯ  ᠢ ᠳᠡᠮᠵᠢᠵᠦ ᠪᠠᠶᠢᠨ᠎ᠠ ᠁ ᠬᠡᠳᠦᠨ ᠡᠳᠦᠷ ᠤᠨ ᠲᠤᠷᠰᠢ᠂ ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠠᠶᠢᠯᠢ ᠳᠤ ᠬᠤᠯᠪᠣᠭᠳᠠᠬᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠳᠤ ᠣᠨᠣᠪᠴᠢᠲᠠᠢ ᠬᠠᠷᠢᠭᠤᠯᠲᠠ ᠥᠭᠴᠦ᠂ ᠰᠢᠷᠢᠰ ᠭᠠᠶᠢᠯᠢ ᠰᠦᠢᠳᠬᠡᠯ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠥᠨᠳᠥᠷ ᠪᠦᠲᠦᠮᠵᠢᠲᠡᠢ ᠰᠠᠶᠢᠵᠢᠷᠠᠭᠤᠯᠬᠤ ᠪᠠ ᠦᠷᠭᠦᠯᠵᠢᠯᠡᠨ ᠰᠢᠯᠢᠳᠡᠭᠵᠢᠭᠦᠯᠵᠦ᠂ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠲᠣᠭᠤᠷᠢᠨ ᠤ ᠥᠩ ᠰᠢᠮᠡᠯᠢᠭ ᠬᠥᠷᠥᠰᠥ ᠶᠢ ᠵᠤᠵᠠᠭᠠᠳᠬᠠᠵᠤ᠂ ᠠᠮᠢᠵᠢᠷᠠᠯ ᠤᠨ ᠬᠦᠴᠦᠨ ᠲᠠᠢ ᠳ᠋ᠦᠩ ᠾᠧ ᠭᠤᠣᠯ ᠤᠨ ᠪᠦᠲᠦᠭᠡᠨ ᠪᠠᠶᠢᠭᠤᠯᠤᠯᠲᠠ ᠳᠤ ᠬᠦᠴᠦ ᠴᠢᠳᠠᠯ ᠨᠡᠮᠡᠷᠢᠯᠡᠪᠡ᠃
     ︽ᠲᠠ ᠰᠠᠶᠢᠨ ᠤᠸ᠂ ᠪᠢ ᠥᠷᠲᠡᠭ ᠨᠡᠮᠡᠭᠳᠡᠯ ᠤᠨ ᠭᠠᠶᠢᠯᠢ  ᠶᠢ ᠤᠷᠢᠳᠴᠢᠯᠠᠨ ᠲᠤᠰᠢᠶᠠᠬᠤ ᠪᠠᠷ ᠮᠡᠳᠡᠭᠦᠯᠬᠦ ᠲᠤᠬᠠᠶᠢᠯᠠᠭᠰᠠᠨ ᠠᠵᠢᠯ  ᠢ ᠭᠦᠢᠴᠡᠳᠬᠡᠶ᠎ᠡ ᠭᠡᠵᠦ ᠪᠣᠳᠣᠵᠤ ᠪᠠᠶᠢᠨ᠎ᠠ᠂ ᠭᠡᠪᠡᠴᠦ ᠪᠢ ᠣᠳᠣ ᠭᠠᠳᠠᠨ᠎ᠠ ᠣᠷᠣᠨ ᠳᠤ ᠪᠠᠶᠢᠭ᠎ᠠ ᠪᠣᠯᠬᠤᠷ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠤᠸ︾ ᠣᠶᠢᠷ᠎ᠠ ᠳᠤ᠂ ᠵᠢᠦ ᠶᠧ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠢᠨᠵᠧᠨᠧᠷᠢᠩ ᠤᠨ ᠺᠣᠮᠫᠠᠨᠢ ᠶᠢᠨ ᠡᠳ᠋ ᠤᠨ ᠶᠠᠪᠤᠳᠠᠯ ᠤᠨ ᠠᠵᠢᠯᠲᠠᠨ ᠸᠠᠩ ᠳ᠋ᠦᠩ ᠳ᠋ᠦᠩ ᠲᠣᠭᠤᠷᠢᠭ ᠤᠨ ᠭᠠᠶᠢᠯᠢ ᠲᠤᠰᠢᠶᠠᠬᠤ ᠦᠢᠯᠡᠴᠢᠯᠡᠭᠡᠨ ᠤ ᠬᠠᠯᠠᠭᠤᠨ ᠤᠲᠠᠰᠤ ᠶᠢ ᠨᠠᠪᠲᠠᠷᠡᠭᠦᠯᠵᠦ᠂ ᠠᠵᠢᠯᠲᠠᠨ ᠤ ᠵᠢᠯᠣᠭᠤᠳᠤᠯᠭ᠎ᠠ ᠳᠣᠣᠷ᠎ᠠ ᠬᠡᠳᠦᠬᠡᠨ ᠮᠢᠨᠦ᠋ᠲ ᠤᠨ ᠳᠣᠲᠣᠷ᠎ᠠ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠳᠡᠮᠵᠢᠨ ᠭᠠᠳᠠᠨ᠎ᠠ ᠣᠷᠣᠨ ᠳᠤ ᠮᠡᠳᠡᠭᠦᠯᠦᠨ ᠳᠠᠩᠰᠠᠯᠠᠭᠤᠯᠬᠤ ᠪᠠ ᠥᠷᠲᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠪᠠᠷ ᠮᠡᠳᠡᠭᠦᠯᠬᠦ ᠲᠤᠬᠠᠶᠢᠯᠠᠭᠰᠠᠨ ᠠᠵᠢᠯ ᠢᠶᠠᠨ ᠤᠷᠤᠭᠰᠢᠲᠠᠢ ᠪᠡᠶᠡᠯᠡᠭᠦᠯᠵᠦ᠂ ᠭᠠᠶᠢᠯᠢ ᠶᠢᠨ ᠵᠣᠭᠤᠰ ᠢ ᠠᠮᠵᠢᠯᠲᠠᠲᠠᠢ ᠤᠷᠢᠳᠴᠢᠯᠠᠨ ᠲᠤᠰᠢᠶᠠᠵᠠᠢ᠃
     2023 ᠣᠨ  ᠠᠴᠠ ᠨᠠᠰᠢ᠂ ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ ᠭᠠᠶᠢᠯᠢ ᠲᠤᠰᠢᠶᠠᠭᠴᠢ ᠶᠢᠨ ᠰᠦᠢᠳᠬᠡᠯ ᠲᠤᠰᠢᠶᠠᠭᠴᠢ  ᠠᠴᠠ 1200 ᠭᠠᠷᠤᠢ ᠬᠥᠮᠥᠨ ᠤᠳᠠᠭ᠎ᠠ ᠠᠰᠠᠭᠤᠨ ᠯᠠᠪᠯᠠᠬᠤ ᠶᠢ ᠵᠢᠭᠠᠨ ᠵᠢᠯᠤᠭᠤᠳᠴᠤ᠂ ᠠᠯᠤᠰ  ᠠᠴᠠ ︽ᠡᠭᠦᠯᠡᠨ ᠪᠣᠳᠣᠯᠲᠠ ᠶᠢᠨ ᠬᠠᠪᠰᠤᠷᠤᠨ ᠵᠢᠯᠣᠭᠤᠳᠤᠯᠭ᠎ᠠ︾ ᠳᠤ ᠨᠠᠷᠢᠯᠢᠭ ᠣᠨᠣᠴᠠᠲᠠᠢ ᠪᠠᠷ ᠬᠠᠪᠰᠤᠷᠤᠨ ᠵᠢᠯᠤᠭᠤᠳᠬᠤ᠂ ᠠᠯᠤᠰ  ᠠᠴᠠ ᠬᠠᠪᠰᠤᠷᠤᠨ ᠭᠦᠢᠴᠡᠳᠬᠡᠬᠦ᠂ ᠠᠰᠠᠭᠤᠬᠤ ᠪᠠ ᠰᠢᠢᠳᠪᠦᠷᠢᠯᠡᠬᠦ ᠶᠢ ᠤᠶᠠᠯᠳᠤᠭᠤᠯᠬᠤ ᠶᠢ ᠪᠡᠶᠡᠯᠡᠭᠦᠯᠵᠦ᠂ ᠭᠠᠶᠢᠯᠢ ᠲᠤᠰᠢᠶᠠᠭᠴᠢ ᠶᠢ ᠭᠡᠷ ᠠᠴᠠ ᠪᠠᠨ ᠭᠠᠷᠬᠤ ᠦᠭᠡᠢ ᠪᠠᠷ ᠭᠠᠶᠢᠯᠢ ᠲᠤᠰᠢᠶᠠᠬᠤ ᠳᠤ ᠲᠥᠬᠦᠮ ᠦᠵᠡᠭᠦᠯᠵᠦ ᠪᠣᠯᠣᠨ᠎ᠠ᠃      ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠵᠦ᠂ ᠳ᠋ᠦᠩ ᠾᠧ ᠲᠣᠭᠤᠷᠢᠭ ᠤᠨ︽ᠬᠡᠯᠬᠢᠶ᠎ᠡ ᠶᠢ ᠨᠥᠬᠦᠪᠦᠷᠢᠯᠡᠵᠦ ᠠᠵᠤ ᠠᠬᠤᠶᠢᠯᠠᠯ ᠢ ᠲᠤᠰᠠᠯᠠᠬᠤ︾ᠡᠨᠡᠬᠦ ᠵᠠᠩᠭᠢᠯᠠᠭ᠎ᠠ ᠶᠢᠨ ᠦᠭᠡ ᠪᠠᠷ ᠭᠤᠣᠯᠳᠠᠭᠤᠯᠵᠤ᠂ ᠰᠦᠯᠵᠢᠶᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠲᠠᠴᠠ ᠶᠢ ᠬᠦᠴᠦᠯᠡᠨ ᠪᠠᠶᠢᠭᠤᠯᠵᠤ᠂ ᠭᠠᠶᠢᠯᠢ ᠲᠤᠰᠢᠶᠠᠭᠴᠢ ᠳᠤ︽ᠬᠦᠴᠢᠷᠳᠡᠯᠲᠡᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠬᠦᠰᠦᠨᠦᠭᠲᠦ︾ᠲᠠᠷᠬᠠᠭᠠᠵᠤ᠂ ᠠᠵᠤ ᠠᠬᠤᠶᠢᠯᠠᠯ ᠤᠨ ᠬᠤᠳᠠᠯᠳᠤᠨ ᠠᠪᠬᠤ ᠪᠠ ᠪᠣᠷᠣᠯᠠᠭᠤᠯᠬᠤ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠮᠬᠢᠯᠡᠵᠦ᠂ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠶᠢ ᠪᠠᠶᠢᠴᠠᠭᠠᠨ ᠯᠠᠪᠯᠠᠬᠤ ᠵᠡᠷᠭᠡ ᠮᠡᠷᠭᠡᠵᠢᠯ ᠢ ᠭᠦᠢᠴᠡᠳ ᠠᠰᠢᠭᠯᠠᠵᠤ᠂ ᠬᠠᠩᠭᠠᠯᠭ᠎ᠠ ᠶᠢᠨ ᠬᠤᠳᠠᠯᠳᠤᠭᠠᠴᠢᠨ ᠪᠣᠯᠣᠨ ᠬᠤᠳᠠᠯᠳᠤᠨ ᠠᠪᠬᠤ ᠬᠤᠳᠠᠯᠳᠤᠭᠠᠴᠢᠨ ᠤ ᠮᠡᠳᠡᠭᠡ ᠵᠠᠩᠭᠢ ᠶᠢ ᠰᠣᠩᠭᠤᠨ ᠭᠠᠶᠢᠯᠢ ᠲᠤᠰᠢᠶᠠᠭᠴᠢ ᠳᠤ ᠬᠠᠷᠢᠭᠤ ᠲᠤᠰᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃      ᠪᠤᠭᠤᠲᠤ ᠬᠤᠳᠠ ᠶᠢᠨ ᠬᠠᠷᠢᠶᠠᠲᠤ ᠶᠢᠨ ᠳᠤ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠪᠣᠯ ᠴᠠᠬᠢᠯᠭᠠᠨ ᠬᠦᠴᠦᠨ ᠤ ᠲᠥᠬᠦᠭᠡᠷᠦᠮᠵᠢ ᠶᠢ ᠪᠣᠷᠣᠯᠠᠭᠤᠯᠬᠤ ᠪᠠᠷ ᠭᠤᠣᠯ ᠪᠣᠯᠭᠠᠭᠰᠠᠨ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠣᠯᠣᠨ᠎ᠠ᠂ ᠪᠣᠷᠤᠯᠠᠭᠤᠯᠭ᠎ᠠ ᠶᠢᠨ ᠠᠷᠭ᠎ᠠ ᠵᠠᠮ ᠨᠢ ᠰᠢᠯᠤᠭᠤᠨ ᠠᠴᠠ ᠪᠣᠯᠵᠤ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠲᠠᠸᠠᠷ ᠤᠨ ᠲᠥᠬᠦᠭᠡᠷᠦᠮᠵᠢ ᠶᠢᠨ ᠳᠠᠷᠤᠭᠳᠠᠯ ᠬᠦᠨᠳᠦ ᠨᠣᠴᠢᠲᠠᠢ ᠪᠠᠶᠢᠨ᠎ᠠ᠃ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠳ᠋ᠦᠩ ᠾᠧ ᠲᠣᠭᠤᠷᠢᠭ ᠤᠨ ᠬᠢᠨ ᠬᠠᠮᠤᠭ ᠤᠨ ᠲᠡᠷᠢᠭᠦᠨ ᠳᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠳᠠᠭᠠᠵᠤ᠂ ᠲᠣᠮᠣ ᠳ᠋ᠠᠶᠢᠲ᠋ᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠵᠣᠬᠢᠴᠠᠭᠤᠯᠬᠤ ᠴᠢᠳᠠᠮᠵᠢ ᠪᠠᠷ ᠳᠠᠮᠵᠢᠭᠤᠯᠤᠨ᠂ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠤᠨ ᠳ᠋ᠠᠶᠢᠲ᠋ᠠ ᠶᠢ ᠰᠣᠩᠭᠤᠵᠤ ᠭᠠᠶᠢᠯᠢ ᠲᠤᠰᠢᠶᠠᠭᠴᠢ ᠳᠤ ᠬᠦᠷᠭᠡᠨ ᠥᠭᠴᠦ ᠰᠣᠩᠭᠤᠭᠤᠯᠪᠠ᠃
     ︽ᠭᠠᠶᠢᠯᠢ  ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠥᠭᠦᠷᠭᠡ ᠬᠤᠯᠪᠣᠭᠠᠰᠤ ᠪᠣᠯᠵᠤ᠂ ᠪᠢᠳᠡᠨ  ᠢ ᠬᠠᠪᠰᠤᠷᠤᠨ ᠳᠠᠯᠳᠠ ᠬᠡᠷᠡᠭᠯᠡᠭᠴᠢ ᠲᠠᠢ ᠣᠨᠣᠴᠢᠲᠠᠢ ᠪᠠᠷ ᠲᠣᠬᠢᠷᠠᠯᠴᠠᠭᠤᠯᠵᠤ᠂ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ  ᠶᠢᠨ ᠬᠠᠮᠲᠤᠷᠠᠯᠴᠠᠭᠠᠨ ᠤ ᠠᠬᠢᠴᠠ  ᠶᠢ ᠲᠦᠷᠭᠡᠳᠬᠡᠵᠦ᠂ ᠺᠣᠮᠫᠠᠨᠢ  ᠶᠢᠨ 25 ᠲᠦᠮᠡᠨ ᠲᠥᠭᠦᠷᠢᠭ ᠤᠨ ᠴᠠᠬᠢᠯᠭᠠᠨ ᠬᠦᠴᠦᠨ ᠤ ᠲᠥᠬᠦᠭᠡᠷᠦᠮᠵᠢ  ᠶᠢᠨ ᠪᠣᠷᠤᠯᠠᠭᠤᠯᠭ᠎ᠠ  ᠶᠢᠨ ᠠᠰᠠᠭᠤᠳᠠᠯ  ᠢ ᠰᠢᠢᠳᠪᠦᠷᠢᠯᠡᠵᠡᠢ᠂ ᠡᠭᠦᠨ ᠳᠤ ᠦᠨᠡᠬᠡᠷ ᠲᠠᠯᠠᠷᠬᠠᠵᠤ ᠪᠠᠶᠢᠨ᠎ᠠ︾᠃ ᠭᠡᠵᠦ ᠺᠣᠮᠫᠠᠨᠢ ᠶᠢᠨ ᠬᠠᠷᠢᠭᠤᠴᠠᠯᠭᠠᠲᠠᠨ ᠮᠠ ᠰᠢᠶᠣᠣ ᠭᠤᠸᠠᠩ ᠪᠠᠶᠠᠷᠲᠠᠢ ᠪᠠᠷ ᠢᠯᠡᠳᠬᠡᠪᠡ᠃      ︽ᠣᠳᠣᠬᠠᠨ ᠳᠤ ᠨᠡᠶᠢᠭᠡᠮ ᠤᠨ ᠳᠠᠭᠠᠳᠬᠠᠯ  ᠢ ᠭᠠᠷᠲᠠᠨ ᠭᠦᠢᠴᠡᠳᠬᠡᠬᠦ ᠪᠠ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ  ᠢ ᠰᠦᠯᠵᠢᠶᠡᠨ ᠳᠡᠭᠡᠷ᠎ᠡ ︿ᠨᠢᠭᠡ ᠰᠦᠯᠵᠢᠶ᠎ᠡ ᠪᠠᠷ ᠪᠦᠬᠦᠨ  ᠢᠶᠠᠷ ᠭᠦᠢᠴᠡᠳᠬᠡᠬᠦ﹀  ᠶᠢ ᠪᠡᠶᠡᠯᠡᠭᠦᠯᠵᠦ ᠪᠠᠶᠢᠨ᠎ᠠ᠂ ᠡᠭᠦᠨ  ᠢ ᠪᠢ ᠲᠠᠨ ᠳᠤ ᠵᠢᠭᠠᠵᠤ ᠥᠭᠭᠦᠶ᠎ᠡ︾᠃ ︽ᠬᠠᠷᠢᠭᠰᠠᠨ ᠤ ᠳᠠᠷᠠᠭ᠎ᠠ ᠲᠠ ᠪᠠᠰᠠ ᠮᠠᠨ ᠤ ᠦᠢᠯᠡᠴᠢᠯᠡᠭᠡᠨ ᠤ ᠬᠠᠯᠠᠭᠤᠨ ᠤᠲᠠᠰᠤ 211236  ᠶᠢ ᠤᠲᠠᠰᠤᠳᠠᠵᠤ ᠠᠰᠠᠭᠤᠵᠤ ᠪᠣᠯᠣᠨ᠎ᠠ︾ ᠭᠡᠵᠡᠢ᠃ ᠳ᠋ᠦᠩ ᠾᠧ ᠲᠣᠭᠤᠷᠢᠭ ᠤᠨ 2023 ᠣᠨ ᠤ ︽ᠬᠠᠪᠤᠷ ᠤᠨ ᠤᠷᠢᠬᠠᠨ ᠰᠠᠯᠬᠢ ᠳᠤᠯᠠᠭᠠᠯᠠᠬᠤ︾ ᠠᠵᠢᠯᠲᠠᠨ ᠡᠯᠰᠡᠬᠦ ᠬᠤᠷᠠᠯ ᠳᠡᠭᠡᠷ᠎ᠡ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠲᠤᠰᠬᠠᠢ ᠣᠷᠣᠨ ᠵᠠᠯᠠᠭᠤ ᠺᠠᠳ᠋ᠷᠴᠤᠳ ᠤᠨ ᠠᠵᠤ ᠠᠬᠤᠶᠢᠯᠠᠯ ᠢ ᠳᠡᠮᠵᠢᠨ ᠠᠷᠠᠳ ᠲᠤ ᠠᠰᠢᠭ ᠬᠦᠷᠲᠡᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠶᠢᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠲᠤᠰᠬᠠᠢ ᠵᠦᠢᠯ ᠤᠨ ᠤᠬᠠᠭᠤᠯᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠷᠢᠬᠤ᠂ ᠠᠵᠢᠯ ᠡᠷᠢᠭᠰᠡᠳ ᠲᠤ ᠭᠠᠶᠢᠯᠢ ᠰᠦᠢᠳᠬᠡᠯ ᠳᠤ ᠬᠤᠯᠪᠣᠭᠳᠠᠭᠰᠠᠨ ᠠᠰᠠᠭᠤᠳᠠᠯ ᠤᠨ ᠬᠠᠷᠢᠭᠤᠯᠲᠠ ᠵᠡᠷᠭᠡ ︽ᠨᠢᠭᠡ ᠯᠡ ᠥᠷᠲᠡᠭᠡᠨ ᠤ ᠮᠠᠶ᠋ᠢᠭ︾ ᠤᠨ ᠤᠬᠠᠭᠤᠯᠭ᠎ᠠ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡ ᠬᠠᠩᠭᠠᠵᠤ᠂ ᠭᠠᠶᠢᠯᠢ ᠲᠠᠲᠠᠪᠤᠷᠢ ᠶᠢᠨ ᠬᠦᠴᠦᠨ ᠢ ᠭᠦᠢᠴᠡᠳ ᠪᠠᠳᠠᠷᠠᠭᠤᠯᠤᠨ᠂ ᠬᠦᠴᠦᠨ ᠢ ᠠᠰᠢᠭᠯᠠᠨ ᠲᠠᠪᠴᠠᠩ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠠᠵᠢᠯ ᠣᠯᠣᠭᠰᠠᠳ ᠲᠤ ᠦᠢᠯᠡᠰ ᠴᠣᠭᠴᠠᠯᠠᠬᠤ ᠬᠥᠭᠦᠷᠭᠡ ᠲᠠᠯᠪᠢᠵᠤ ᠥᠭᠭᠦᠨ᠎ᠡ᠃
     ︽ᠲᠡᠭᠦᠰᠦᠭᠰᠡᠨ ᠤ ᠳᠠᠷᠠᠭ᠎ᠠ ᠬᠠᠮᠲᠤ ᠰᠤᠷᠤᠭᠴᠢᠳ ᠲᠠᠢ ᠪᠠᠨ ᠬᠠᠮᠲᠤ ᠵᠠᠭᠤᠴᠢᠯᠠᠭᠤᠷ ᠤᠨ ᠺᠣᠮᠫᠠᠨᠢ ᠪᠠᠶᠢᠭᠤᠯᠬᠤ ᠪᠠᠷ ᠲᠥᠯᠥᠪᠯᠡᠵᠦ ᠪᠠᠶᠢᠭᠰᠠᠨ ᠪᠣᠯᠪᠠᠴᠤ ᠪᠡᠯᠡ ᠮᠥᠩᠭᠦ ᠨᠢ ᠨᠡᠯᠢᠶᠡᠳ ᠪᠠᠴᠢᠮ ᠪᠠᠶᠢᠭᠰᠠᠨ ᠪᠣᠯᠬᠤᠷ ᠥᠨᠥᠳᠥᠷ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠲᠠᠯ᠎ᠠ ᠪᠠᠷ ᠬᠢ ᠮᠠᠰᠢ ᠣᠯᠠᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ  ᠶᠢᠨ ᠪᠣᠳᠣᠯᠭ᠎ᠠ  ᠶᠢ ᠣᠶᠢᠯᠠᠭᠠᠭᠰᠠᠨ ᠤ ᠬᠠᠷᠠᠭ᠎ᠠ ᠪᠠᠷ ᠰᠡᠳᠬᠢᠯ ᠰᠠᠨᠠᠭ᠎ᠠ ᠠᠮᠤᠷ ᠪᠣᠯᠵᠠᠢ︾᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠣᠨᠣᠰᠤᠭᠠᠳ᠂ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠬᠤ ᠪᠠᠷ ᠪᠡᠯᠡᠳᠬᠡᠵᠦ ᠪᠠᠶᠢᠭ᠎ᠠ ᠳᠡᠭᠡᠳᠦ ᠰᠤᠷᠭᠠᠭᠤᠯᠢ ᠶᠢᠨ ᠲᠡᠭᠦᠰᠬᠦ ᠰᠣᠷᠣᠭᠴᠢ ᠸᠠᠩ ᠰᠢᠶᠠᠩ ᠪᠠᠶᠠᠷ ᠪᠠᠭ᠋ᠠᠳᠤᠯ ᠢᠶᠠᠷ ᠪᠢᠯᠬᠠᠵᠤ ᠪᠠᠶᠢᠯ᠎ᠠ᠃      ᠬᠠᠪᠤᠷ ᠤᠨ ᠰᠠᠯᠬᠢᠨ ᠳᠤ ᠤᠳᠠ ᠤᠯᠢᠶᠠᠰᠤ ᠨᠣᠭᠤᠭᠠᠷᠠᠵᠤ᠂ ᠬᠤᠷ᠎ᠠ ᠪᠣᠷᠣᠭᠠᠨ ᠳᠤ ᠲᠦᠮᠡᠨ ᠮᠣᠳᠣᠨ ᠤ ᠴᠡᠴᠡᠭ ᠳᠡᠯᠭᠡᠷᠡᠨ᠎ᠡ᠃ᠣᠳᠣᠬᠠᠨ ᠳᠤ᠂ ︽ᠰᠡᠳᠬᠢᠯ ᠬᠠᠨᠤᠮᠵᠢᠲᠠᠢ ᠪᠠᠶᠢᠬᠤ ᠶᠢ ᠴᠢᠨᠢ ᠳᠠᠭᠠᠭᠠᠨ᠎ᠠ︾ ︽ᠰᠠᠨᠠᠭ᠎ᠠ ᠠᠮᠤᠷ ᠪᠠᠶᠢᠬᠤ ᠶᠢ ᠴᠢᠨᠢ ᠳᠠᠭᠠᠭᠠᠨ᠎ᠠ︾ ᠭᠡᠳᠡᠭ ᠨᠢ ᠨᠢᠭᠡᠨᠲᠡ ᠳ᠋ᠦᠩ ᠾᠧ ᠲᠣᠭᠤᠷᠢᠭ ᠤᠨ ︽ᠡᠵᠡᠩᠨᠡᠯᠲᠡ ᠶᠢᠨ ᠬᠤᠳᠠᠯᠳᠤᠭᠠᠨ ᠤ ᠲᠣᠭᠤᠷᠢᠭ︾ ᠤᠨ ᠭᠤᠣᠯ ᠬᠥᠭ ᠠᠶᠠᠰ ᠪᠣᠯᠤᠭᠰᠠᠨ ᠪᠠᠶᠢᠨ᠎ᠠ᠃      ︽ᠳᠠᠷᠠᠭᠠᠴᠢ ᠶᠢᠨ ᠠᠯᠬᠤᠮ ᠳᠤ᠂ ᠪᠢᠳᠡ︿ᠠᠰᠢᠭ ᠬᠦᠷᠲᠡᠭᠡᠬᠦ ᠢᠷᠭᠡᠨ ᠤ ᠬᠡᠷᠡᠭ ᠢ ᠰᠠᠶᠢᠲᠤᠷ ᠡᠷᠬᠢᠯᠡᠵᠦ᠂ ᠣᠳᠣᠬᠢᠴᠢᠯᠠᠯᠲᠠ ᠳᠤ ᠦᠢᠯᠡᠴᠢᠯᠡᠬᠦ﹀ᠡᠨᠡᠬᠦ ᠭᠤᠣᠯ ᠰᠡᠳᠦᠪ ᠤᠨ ᠲᠣᠭᠤᠷᠢᠨ ᠳᠤ︿ᠨᠢᠭᠡ ᠳᠤ ᠨᠢᠭᠡ﹀︿ᠨᠢᠭᠤᠷᠳᠠᠬᠤ﹀ᠰᠢᠷᠢᠰ ᠨᠠᠷᠢᠯᠢᠭ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠵᠢᠯᠤᠭᠤᠳᠴᠤ ᠪᠠᠶᠢᠭᠠᠳ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠡᠳ᠋ᠯᠡᠭᠦᠯᠵᠦ᠂ ᠡᠯ᠎ᠡ ᠵᠦᠢᠯ ᠤᠨ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠲᠦᠷᠭᠡᠨ ᠭᠦᠢᠴᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠭᠡᠨ ᠤ ᠳᠤᠮᠳᠠ ᠠᠴᠠ ᠳᠣᠲᠣᠨᠣ ᠲᠥᠷᠥᠭᠳᠡᠯ ᠣᠯᠭᠤᠵᠤ᠂ ᠢᠲᠡᠭᠡᠯ ᠢ ᠨᠢ ᠨᠡᠮᠡᠭᠳᠡᠭᠦᠯᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠨ ᠬᠦᠴᠦᠨ ᠨᠡᠮᠡᠷᠢᠯᠡᠨ᠎ᠡ︾᠃ ᠭᠡᠵᠦ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠢᠯᠡᠳᠬᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1