︽ᠬᠡᠪ ᠰᠤᠷᠲᠠᠯ ᠢᠶᠠᠨ ᠴᠢᠩᠭᠠᠳᠬᠠᠬᠤ︾ᠪᠤᠭᠤᠲᠤ ᠶᠢᠨ ᠳ᠋ᠦᠩ ᠾᠧ ᠶᠢᠨ ᠳᠣᠲᠣᠭᠠᠳᠤ ᠶᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠬᠤᠷᠢᠭᠳᠠᠵᠤ ᠪᠠᠶᠢᠭ᠎ᠠ ᠬᠥᠮᠥᠰ ᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠬᠢᠴᠢᠶᠡᠯ ᠥᠷᠨᠢᠭᠦᠯᠪᠡ
ᠨᠡᠶᠢᠲᠡᠯᠡᠭᠰᠡᠨ ᠴᠠᠭ᠄
2023/4/3
      ᠬᠠᠤᠯᠢ ᠶᠣᠰᠣᠭᠠᠷ ᠤᠯᠤᠰ ᠢᠶᠠᠨ ᠵᠠᠰᠠᠬᠤ ᠶᠡᠷᠦᠩᠬᠡᠢ ᠴᠢᠭᠯᠡᠯᠲᠡ ᠶᠢ ᠲᠤᠤᠱᠯᠠᠭᠤᠯᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠡᠭᠡ ᠪᠠᠶᠢᠷᠢᠰᠢᠯ ᠢ ᠪᠤᠶ ᠪᠣᠯᠭᠠᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ︾ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠶᠢᠨ ᠲᠥᠯᠥᠭᠡ᠂ 2023 ᠣᠨ ᠤ 3 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠡᠮ ᠤᠨ ᠶᠡᠭᠡ ᠠᠩᠭᠢ ᠶᠢᠨ ᠳ᠋ᠦᠩ ᠾᠧ ᠲᠣᠭᠤᠷᠢᠭ ᠤᠨ ᠬᠠᠷᠠᠭᠤᠯ ᠤᠨ ᠳᠦᠷᠰᠦ ᠰᠢᠩᠭᠡᠭᠡᠯᠲᠡ ᠶᠢᠨ ᠬᠡᠯᠪᠡᠷᠢ ᠪᠠᠷ 350 ᠭᠠᠷᠤᠢ ᠬᠤᠷᠢᠭᠳᠠᠵᠤ ᠪᠠᠶᠢᠭ᠎ᠠ ᠬᠥᠮᠥᠰ ᠲᠤ ᠣᠷᠴᠢᠨ ᠲᠣᠭᠤᠷᠢᠨ ᠢ ᠬᠠᠮᠠᠭᠠᠯᠠᠬᠤ ᠡᠮ ᠤᠨ ᠬᠠᠤᠯᠢ ᠴᠠᠭᠠᠵᠠ ᠶᠢᠨ ᠮᠡᠳᠡᠯᠭᠡ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠣᠷᠣᠵᠤ᠂ ᠡᠭᠦᠨ ᠤ ᠬᠠᠮᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠣᠷᠣᠬᠤ ᠲᠠᠢ ᠤᠶᠠᠯᠳᠤᠭᠤᠯᠤᠨ ᠬᠤᠷᠢᠭᠳᠠᠵᠤ ᠪᠠᠶᠢᠭ᠎ᠠ ᠬᠥᠮᠥᠰ ᠢ ᠲᠠᠶᠢᠴᠢᠯᠠᠨ ᠣᠷᠴᠢᠨ ᠲᠣᠭᠤᠷᠢᠨ ᠢ ᠲᠣᠭᠤᠷᠢᠭᠰᠠᠨ ᠡᠮ ᠤᠨ ᠬᠡᠷᠡᠭ ᠤᠨ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠢᠯᠡᠴᠢᠯᠡᠨ ᠮᠡᠳᠡᠭᠦᠯᠪᠡ᠃ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠᠷ ᠳᠠᠮᠵᠢᠭᠤᠯᠤᠨ᠂ ᠬᠤᠷᠢᠭᠳᠠᠵᠤ ᠪᠠᠶᠢᠭ᠎ᠠ ᠬᠥᠮᠥᠰ ᠢ ᠬᠥᠮᠥᠵᠢᠭᠦᠯᠦᠨ ᠰᠡᠷᠡᠮᠵᠢᠯᠡᠭᠦᠯᠬᠦ ᠳᠡᠭᠡᠨ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠣᠶᠢᠯᠠᠭᠠᠬᠤ ᠬᠡᠷᠡᠭᠲᠡᠢ᠂ ᠡᠭᠦᠨ ᠤ ᠬᠠᠮᠲᠤ ᠲᠡᠳᠡᠨ ᠤ ᠭᠡᠷ ᠪᠦᠯᠢ ᠪᠠ ᠨᠡᠶᠢᠭᠡᠮ ᠳᠤ ᠬᠠᠷᠢᠭᠤᠴᠠᠬᠤ ᠬᠠᠷᠢᠭᠤᠴᠠᠯᠭᠠᠲᠤ ᠰᠡᠳᠬᠢᠯᠭᠡ ᠶᠢ ᠨᠢ ᠰᠡᠷᠭᠦᠭᠡᠵᠦ᠂ ᠬᠡᠷᠡᠭ ᠤᠨ ᠰᠦᠪᠡᠭᠴᠢ ᠶᠢ ᠰᠠᠨᠠᠭᠠᠴᠢᠯᠠᠭ᠎ᠠ  ᠠᠴᠠ ᠪᠠᠨ ᠢᠯᠡᠴᠢᠯᠡᠨ ᠮᠡᠳᠡᠭᠦᠯᠬᠦ ᠬᠡᠷᠡᠭᠲᠡᠢ ᠭᠡᠵᠡᠢ᠃      ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠣᠷᠣᠬᠤ  ᠠᠴᠠ ᠡᠮᠦᠨ᠎ᠡ᠂ ᠲᠣᠭᠤᠷᠢᠭ ᠤᠨ ᠢᠳᠡᠭᠡᠨ ᠤᠮᠳᠠᠭᠠᠨ ᠤ ᠡᠮ ᠤᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠣᠭᠤᠷᠢᠭ ᠤᠨ ᠬᠤᠷᠢᠭᠤᠯ ᠤᠨ ᠭᠠᠵᠠᠷ ᠤᠨ ᠤᠳᠤᠷᠢᠳᠤᠯᠭ᠎ᠠ ᠪᠠ ᠬᠤᠷᠢᠭᠤᠯ ᠤᠨ ᠭᠠᠵᠠᠷ ᠲᠤ ᠰᠠᠭᠤᠭ᠎ᠠ ᠪᠠᠶᠢᠴᠠᠭᠠᠬᠤ ᠲᠤᠰᠢᠶᠠᠯᠲᠠᠨ ᠲᠠᠢ ᠢᠳᠡᠪᠬᠢᠲᠡᠢ ᠪᠠᠷ ᠬᠠᠷᠢᠯᠴᠠᠵᠤ᠂ ᠬᠤᠷᠢᠭᠤᠯ ᠤᠨ ᠭᠠᠵᠠᠷ ᠪᠠ ᠬᠤᠷᠢᠭᠤᠯ ᠤᠨ ᠭᠠᠵᠠᠷ ᠲᠤ ᠰᠠᠭᠤᠭ᠎ᠠ ᠪᠠᠶᠢᠴᠠᠭᠠᠬᠤ ᠲᠤᠰᠢᠶᠠᠯᠲᠠᠨ ᠤ ᠰᠠᠨᠠᠭᠤᠯᠭ᠎ᠠ ᠪᠠ ᠰᠠᠨᠠᠯ ᠢ ᠰᠣᠨᠣᠰᠴᠤ᠂ ᠬᠤᠷᠢᠭᠳᠠᠵᠤ ᠪᠠᠶᠢᠭ᠎ᠠ ᠬᠥᠮᠥᠰ ᠤᠨ ᠨᠠᠰᠤᠨ ᠤ ᠪᠦᠲᠦᠴᠡ ᠪᠠ ᠰᠣᠶᠣᠯ ᠤᠨ ᠬᠢᠷᠢ ᠬᠡᠮᠵᠢᠶ᠎ᠡ ᠶᠢ ᠦᠨᠳᠦᠰᠦᠯᠡᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠤᠨ ᠠᠭᠤᠯᠭ᠎ᠠ ᠶᠢ ᠰᠤᠳᠤᠯᠤᠨ ᠶᠠᠷᠢᠯᠴᠠᠵᠤ᠂ ᠲᠡᠭᠦᠨ ᠳᠤ ᠵᠠᠰᠠᠪᠤᠷᠢ ᠣᠷᠣᠭᠤᠯᠵᠤ᠂ ᠭᠦᠢᠴᠡᠳ ᠪᠡᠯᠡᠳᠬᠡᠯ ᠬᠢᠭᠰᠡᠨ ᠪᠠᠶᠢᠨ᠎ᠠ᠃      ᠬᠢᠴᠢᠶᠡᠯ ᠣᠷᠣᠬᠤ ᠶᠠᠪᠤᠴᠠ ᠳᠤ᠂ ᠠᠷᠠᠳ ᠤᠨ ᠴᠠᠭᠳᠠᠭ᠎ᠠ ᠶᠠᠭᠤᠨ ᠤ ᠡᠮᠦᠨ᠎ᠡ ᠴᠠᠭᠠᠷᠢᠭ ᠢᠳᠡᠭᠡᠨ ᠡᠮ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠨᠢ ᠭᠡᠷ ᠪᠦᠯᠢ ᠨᠢᠭᠡᠪᠦᠷᠢ᠂ ᠬᠥᠮᠥᠨ ᠨᠢᠭᠡᠪᠦᠷᠢ᠂ ᠨᠡᠶᠢᠭᠡᠮ ᠤᠨ ᠪᠦᠷᠢᠯᠳᠦᠭᠦᠨ ᠨᠢᠭᠡᠪᠦᠷᠢ ᠳᠤ ᠬᠤᠣᠷ ᠬᠥᠨᠥᠭᠡᠯ ᠤᠴᠠᠷᠠᠭᠤᠯᠬᠤ ᠪᠠᠷ ᠪᠠᠷᠠᠬᠤ ᠦᠭᠡᠢ ᠬᠤᠷᠢᠭᠳᠠᠵᠤ ᠪᠠᠶᠢᠭ᠎ᠠ ᠬᠥᠮᠥᠨ ᠤ ᠲᠣᠰ ᠪᠡᠶ᠎ᠡ ᠪᠠ ᠭᠡᠷ ᠪᠦᠯᠢ ᠶᠢᠨ ᠬᠢᠨ ᠤ ᠠᠮᠢ ᠪᠡᠶ᠎ᠡ ᠶᠢᠨ ᠠᠰᠢᠭ ᠲᠤᠰᠠ ᠶᠢ ᠴᠤ ᠪᠠᠭᠲᠠᠭᠠᠵᠤ ᠪᠠᠶᠢᠨ᠎ᠠ᠂ ᠴᠠᠭᠠᠷᠢᠭ ᠢᠳᠡᠭᠡᠨ ᠡᠮ ᠤᠨ ᠶᠡᠭᠡ ᠠᠩᠭᠢ ᠶᠢᠨ ᠬᠠᠮᠢᠶᠠᠷᠴᠤ ᠴᠣᠬᠢᠯᠲᠠ ᠥᠭᠬᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠣᠯ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ ᠶᠤᠮ ᠭᠡᠵᠦ ᠲᠣᠳᠣᠷᠬᠠᠢ ᠶᠠᠷᠢᠭᠰᠠᠨ ᠪᠠᠶᠢᠨ᠎ᠠ  ᠂  ᠬᠥᠮᠥᠨ ᠨᠢᠭᠡᠪᠦᠷᠢ ᠶᠢᠨ ᠠᠮᠢᠳᠤᠷᠠᠯ ᠤᠨ ᠵᠣᠯ ᠵᠢᠷᠭᠠᠯ ᠤᠨ ᠲᠥᠯᠥᠭᠡ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠡᠮ ᠤᠨ ᠵᠦᠢᠯ ᠤᠨ ᠠᠮᠤᠷ ᠲᠦᠪᠰᠢᠨ ᠡᠷᠡᠭᠦᠯ ᠡᠩᠬᠡ ᠣᠷᠴᠢᠨ ᠲᠣᠭᠤᠷᠢᠨ ᠢ ᠪᠤᠶ ᠪᠣᠯᠭᠠᠵᠤ᠂ ᠢᠳᠡᠭᠡᠨ ᠤ ᠵᠦᠢᠯ ᠡᠮ ᠤᠨ ᠵᠦᠢᠯ᠂ ᠬᠠᠭᠤᠷᠮᠠᠭ ᠮᠠᠭᠤ ᠦᠢᠯᠡᠳᠬᠦᠨ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠪᠠ ᠣᠷᠴᠢᠨ ᠲᠣᠭᠤᠷᠢᠨ ᠤ ᠪᠣᠬᠢᠷᠳᠤᠯ ᠵᠡᠷᠭᠡ ᠲᠠᠪᠤᠨ ᠲᠠᠯ᠎ᠠ  ᠪᠠᠷ ᠳᠠᠮᠵᠢᠭᠤᠯᠤᠨ᠂ ᠴᠠᠭᠠᠷᠢᠭ ᠢᠳᠡᠭᠡᠨ ᠤ ᠡᠮ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ︽ᠬᠠᠤᠯᠢ ᠶᠢᠨ ᠬᠡᠯᠡᠨ ᠤ ᠹᠷᠠᠨᠼᠢ ᠬᠡᠯᠡ︾ ᠶᠢ ᠳᠥᠭᠦᠮ ᠣᠶᠢᠯᠠᠭᠠᠮᠵᠢᠲᠠᠢ᠂ ᠦᠭᠡ ᠲᠣᠪᠴᠢ ᠤᠳᠬ᠎ᠠ ᠲᠡᠭᠦᠯᠳᠡᠷ ︽ᠶᠠᠷᠢᠶᠠᠨ ᠤ ᠬᠡᠯᠡ︾ ᠶᠢ ᠴᠠᠭᠠᠷᠢᠭ ᠢᠳᠡᠭᠡᠨ ᠤ ᠡᠮ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠤᠶᠠᠯᠳᠤᠭᠤᠯᠤᠭᠰᠠᠨ ᠭᠠᠳᠠᠭᠠᠳᠤ ᠢᠯᠡᠷᠡᠯ ᠤᠨ ᠬᠡᠯᠪᠡᠷᠢ ᠪᠠ ᠦᠨᠳᠦᠰᠦᠨ ᠢᠯᠡᠷᠡᠯ ᠢ ᠬᠤᠷᠢᠭᠳᠠᠵᠤ ᠪᠠᠶᠢᠭ᠎ᠠ ᠬᠥᠮᠥᠰ ᠲᠤ ᠲᠠᠶᠢᠯᠪᠤᠷᠢᠯᠠᠨ ᠥᠭᠴᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠬᠤᠷᠢᠭᠳᠠᠵᠤ ᠪᠠᠶᠢᠭ᠎ᠠ ᠬᠥᠮᠥᠰ ᠢ ᠲᠠᠶᠢᠴᠢᠯᠠᠨ ᠰᠡᠩᠬᠡᠷᠡᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠳᠤ ᠶᠠᠷᠢᠭᠰᠠᠨ ᠬᠠᠤᠯᠢ ᠶᠢ ᠵᠥᠷᠢᠴᠡᠭᠰᠡᠨ ᠦᠵᠡᠭᠳᠡᠯ ᠥᠪᠡᠷ ᠤᠨ ᠪᠡᠶ᠎ᠡ ᠳᠤᠨᠢ ᠭᠠᠷᠴᠤ ᠥᠩᠭᠡᠷᠡᠭᠰᠡᠨ ᠡᠰᠡᠬᠦ ᠲᠠᠢ ᠬᠠᠷᠢᠴᠠᠭᠤᠯᠵᠤ᠂ ᠬᠤᠷᠢᠭᠳᠠᠵᠤ ᠪᠠᠶᠢᠭ᠎ᠠ ᠬᠥᠮᠥᠰ ᠤᠨ ᠣᠷᠴᠢᠨ ᠲᠣᠭᠤᠷᠢᠨ ᠢ ᠲᠣᠭᠤᠷᠢᠭᠰᠠᠨ ᠢᠳᠡᠭᠡᠨ ᠡᠮ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠵᠦ᠂ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃ᠡᠭᠦᠨ ᠤ ᠬᠠᠮᠲᠤ᠂ ᠠᠷᠠᠳ ᠤᠨ ᠴᠠᠭᠳᠠᠭ᠎ᠠ ᠠᠴᠠ ᠬᠤᠷᠢᠭᠳᠠᠵᠤ ᠪᠠᠶᠢᠭ᠎ᠠ ᠬᠥᠮᠥᠰ ᠲᠤ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠪᠠ ᠠᠷᠠᠳ ᠢᠷᠭᠡᠳ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠴᠢᠬᠤᠯᠠᠴᠢᠯᠠᠬᠤ ᠬᠡᠮᠵᠢᠶ᠎ᠡ ᠤᠷᠢᠳ ᠡᠮᠦᠨ᠎ᠡ ᠭᠠᠷᠤᠭ᠎ᠠ ᠦᠭᠡᠢ ᠳᠡᠭᠡᠭᠰᠢᠯᠡᠬᠦ ᠶᠢ ᠳᠠᠭᠠᠯᠳᠤᠨ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠣᠬᠢᠯᠲᠠ ᠥᠭᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠲᠡᠭᠦᠨ ᠢ ᠨᠡᠶᠢᠭᠡᠮ ᠳᠤ ᠪᠤᠴᠠᠭᠰᠠᠨ ᠤ ᠳᠠᠷᠠᠭ᠎ᠠ᠂ ᠵᠠᠪᠠᠯ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠬᠠᠤᠯᠢ ᠶᠢ ᠵᠥᠷᠢᠴᠡᠵᠦ ᠶᠠᠯ᠎ᠠ ᠬᠢᠬᠦ ᠶᠢᠨ ᠢᠷᠮᠡᠭ ᠢᠶᠠᠷ ᠳᠤᠷ᠎ᠠ ᠵᠣᠷᠢᠭ ᠢᠶᠠᠷ ᠢᠶᠠᠨ ᠶᠠᠪᠤᠵᠤ᠂ ᠥᠪᠡᠷ ᠤᠨ ᠮᠡᠳᠡᠬᠦ ᠦᠭᠡᠢ ᠪᠠᠷ ᠢᠶᠠᠨ ᠰᠣᠯᠢᠵᠤ ᠠᠪᠴᠢᠷᠠᠭᠠᠳ ᠳᠠᠬᠢᠨ ᠭᠢᠨᠳᠠᠨ ᠳᠤ ᠣᠷᠣᠭᠤᠯᠵᠤ ᠶᠠᠭᠠᠬᠢᠭᠰᠠᠨ ᠴᠤ ᠪᠣᠯᠬᠤ ᠦᠭᠡᠢ᠃     ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠡᠮ ᠤᠨ ᠵᠦᠢᠯ ᠤᠨ ᠶᠡᠭᠡ ᠠᠩᠭᠢ ᠶᠢᠨ ᠬᠢᠨ ᠰᠡᠳᠬᠢᠴᠡ ᠪᠠᠨ ᠦᠷᠭᠦᠯᠵᠢᠯᠡᠨ ᠥᠷᠭᠡᠳᠬᠡᠵᠦ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠬᠡᠷᠡᠭ ᠤᠨ ᠰᠦᠪᠡᠭᠴᠢ ᠶᠢᠨ ᠢᠷᠡᠯᠲᠡ ᠪᠠᠨ ᠥᠷᠭᠡᠳᠬᠡᠨ᠂ ᠣᠷᠴᠢᠨ ᠲᠣᠭᠤᠷᠢᠨ ᠢ ᠬᠠᠮᠠᠭᠠᠯᠠᠬᠤ ᠡᠮ ᠤᠨ ᠵᠦᠢᠯ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠲᠤ ᠡᠷᠡᠰ ᠴᠣᠬᠢᠯᠲᠠ ᠥᠭᠭᠦᠨ᠎ᠡ᠃
 
ᠢᠷᠡᠯᠲᠡ᠄ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1