ᠨᠠᠨ ᠭᠧ ᠳ᠋ᠦᠩ ᠵᠡᠭᠡᠯᠢ ᠭᠤᠳᠤᠮᠵᠢ ᠶᠢᠨ ᠹᠦ᠋ ᠱᠧᠩ ᠶᠤᠸᠠᠨ ᠨᠡᠶᠢᠭᠡᠮ ᠲᠣᠭᠤᠷᠢᠭ ᠲᠤ ︽ᠭᠡᠷ ᠪᠦᠯᠢ ᠶᠢᠨ ᠰᠠᠶᠢᠬᠠᠨ ᠰᠤᠷᠲᠠᠯ ᠢ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠪᠣᠶᠢᠵᠢᠭᠤᠯᠤᠶ᠎ᠠ︾ ᠭᠡᠬᠦ ᠰᠡᠳᠬᠢᠴᠡ ᠶᠢᠨ ᠡᠷᠡᠭᠦᠯ ᠮᠡᠨᠳᠦ ᠶᠢᠨ ᠭᠤᠣᠯ ᠰᠡᠳᠦᠪᠲᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2023/4/3
      ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠨᠡᠮᠡᠭᠳᠡᠭᠦᠯᠦᠨ᠂ ᠰᠡᠳᠬᠢᠴᠡ ᠶᠢᠨ ᠳᠠᠷᠤᠯᠲᠠ ᠶᠢ ᠬᠥᠩᠭᠡᠷᠡᠭᠦᠯᠵᠦ᠂ ᠢᠳᠡᠪᠬᠢᠲᠡᠢ᠂ ᠡᠷᠡᠭᠦᠯ᠂ ᠥᠭᠡᠳᠡᠷᠬᠡᠭ ᠠᠮᠢᠳᠤᠷᠠᠯ ᠤᠨ ᠣᠪᠣᠷ ᠢ ᠪᠣᠶ ᠪᠣᠯᠭᠠᠵᠤ᠂ ᠰᠠᠶᠢᠨ ᠰᠠᠶᠢᠬᠠᠨ ᠠᠮᠢᠳᠤᠷᠠᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃3 ᠰᠠᠷ᠎ᠠ ᠶᠢᠨ 27 ᠤ ᠡᠳᠦᠷ᠂ ᠹᠦ᠋ ᠱᠧᠩ ᠶᠤᠸᠠᠨ ᠨᠡᠶᠢᠭᠡᠮ ᠲᠣᠭᠤᠷᠢᠭ ᠤᠨ ᠬᠢᠨ ᠰᠡᠳᠬᠢᠴᠡ ᠶᠢᠨ ᠡᠷᠡᠭᠦᠯ ᠮᠡᠨᠳᠦ ᠶᠢᠨ ᠵᠥᠪᠯᠡᠯᠭᠡ ᠥᠭᠭᠦᠭᠴᠢ ᠬᠤ ᠼᠦᠢ ᠧ ᠪᠠᠭᠰᠢ ᠶᠢ ᠤᠷᠢᠵᠤ᠂ ︽ᠭᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ ᠢ ᠪᠠᠳᠠᠷᠠᠭᠤᠯᠤᠨ᠂ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠪᠣᠶᠢᠵᠢᠭᠤᠯᠤᠶ᠎ᠠ︾ ᠭᠡᠬᠦ ᠰᠡᠳᠬᠢᠴᠡ ᠶᠢᠨ ᠡᠷᠡᠭᠦᠯ ᠮᠡᠨᠳᠦ ᠶᠢᠨ ᠭᠤᠣᠯ ᠰᠡᠳᠦᠪᠲᠦ ᠲᠠᠶᠢᠯᠤᠮᠵᠢ ᠶᠢ ᠥᠷᠨᠢᠭᠦᠯᠪᠡ᠃      ᠬᠤ ᠪᠠᠭᠰᠢ ᠶᠠᠭᠤ ᠶᠢ ᠰᠡᠳᠬᠢᠴᠡ ᠶᠢᠨ ᠡᠷᠡᠭᠦᠯ ᠮᠡᠨᠳᠦ᠂ ᠰᠡᠳᠬᠢᠴᠡ ᠶᠢᠨ ᠡᠷᠡᠭᠦᠯ ᠮᠡᠨᠳᠤ ᠶᠢᠨ ᠴᠢᠬᠤᠯᠠ ᠴᠢᠨᠠᠷ᠂ ᠪᠠᠶᠢᠩᠭᠤ ᠲᠣᠬᠢᠶᠠᠯᠳᠤᠬᠤ ᠰᠡᠳᠬᠢᠴᠡ ᠶᠢᠨ ᠰᠠᠭᠠᠳ᠂ ᠰᠡᠳᠬᠢᠴᠡ ᠶᠢᠨ ᠰᠠᠭᠠᠳ ᠢ ᠥᠪᠡᠷ ᠢᠶᠠᠨ ᠲᠣᠬᠢᠷᠠᠭᠤᠯᠬᠤ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠪᠠ᠃ᠪᠦᠬᠦᠯᠢ ᠴᠣᠭᠴᠠ  ᠶᠢᠨ ᠠᠭᠤᠯᠭ᠎ᠠ ᠨᠢ ᠬᠢᠯᠪᠠᠷ ᠣᠶᠢᠯᠠᠭᠠᠮᠵᠢᠲᠠᠢ᠂ ᠲᠤᠬᠠᠢ  ᠶᠢᠨ ᠲᠠᠯᠠᠪᠠᠶ  ᠶᠢᠨ ᠬᠤᠷᠰᠢᠯᠴᠠᠭ᠎ᠠ ᠢᠳᠡᠪᠬᠢᠲᠡᠢ ᠪᠥᠭᠡᠳ ᠬᠥᠭᠵᠢᠶᠡᠨ ᠲᠠᠢ ᠪᠠᠶᠢᠵᠤ᠂ ᠣᠯᠠᠨ ᠤ ᠰᠡᠳᠬᠢᠯ ᠤᠨ ᠲᠤᠰᠬᠠᠯ ᠪᠠ ᠪᠣᠳᠣᠯᠬᠢᠯᠠᠯ  ᠢ ᠶᠡᠭᠡ ᠪᠠᠷ ᠡᠭᠦᠰᠬᠡᠪᠡ᠂ ᠵᠠᠷᠢᠮ ᠰᠠᠭᠤᠭᠠᠯᠢ ᠠᠷᠠᠳ ᠪᠠᠶᠠᠷ ᠬᠥᠷ ᠲᠠᠢ ᠡᠷᠡᠭᠦᠯ ᠮᠡᠨᠳᠦ ᠠᠮᠢᠳᠤᠷᠠᠶ᠎ᠠ ᠭᠡᠪᠡᠯ ᠰᠡᠳᠬᠢᠴᠡ  ᠶᠢᠨ ᠡᠷᠡᠭᠦᠯ ᠮᠡᠨᠳᠦ  ᠶᠢ ᠣᠶᠢᠯᠠᠭᠠᠵᠤ᠂ ᠪᠡᠶ᠎ᠡ ᠰᠡᠳᠬᠢᠯ ᠤᠨ ᠡᠷᠡᠭᠦᠯ ᠮᠡᠨᠳᠦ  ᠶᠢ ᠬᠠᠮᠠᠭᠠᠯᠠᠬᠤ ᠬᠡᠷᠡᠭᠲᠡᠢ ᠭᠡᠵᠦ ᠢᠯᠡᠷᠬᠡᠶᠢᠯᠡᠭᠰᠡᠨ ᠪᠠᠶᠢᠨ᠎ᠠ᠃      ᠲᠣᠰ ᠤᠳᠠᠭᠠᠨ ᠤ ᠲᠠᠶᠢᠯᠤᠮᠵᠢ ᠨᠢ ᠰᠠᠭᠤᠭᠠᠯᠢ ᠠᠷᠠᠳ ᠲᠤ ᠲᠣᠰ ᠪᠡᠶ᠎ᠡ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠢ ᠵᠣᠬᠢᠬᠤ ᠬᠡᠮᠵᠢᠶ᠎ᠡ ᠪᠠᠷ ᠣᠶᠢᠯᠠᠭᠠᠭᠤᠯᠵᠤ᠂ ᠳᠠᠷᠤᠯᠲᠠ ᠶᠢ ᠬᠥᠩᠭᠡᠷᠡᠭᠦᠯᠬᠦ ᠪᠦᠲᠦᠮᠵᠢᠲᠡᠶ ᠠᠷᠭ᠎ᠠ ᠶᠢ ᠰᠤᠷᠬᠤ ᠶᠢᠨ ᠬᠠᠮᠲᠤ ᠨᠠᠩ ᠡᠷᠡᠭᠦᠯ᠂ ᠲᠣᠭᠲᠠᠭᠤᠨ᠂ ᠢᠳᠡᠪᠬᠢᠲᠡᠢ ᠥᠭᠡᠳᠡᠷᠬᠡᠭ ᠪᠠᠶᠢᠳᠠᠯ ᠢᠶᠠᠷ ᠠᠮᠢᠳᠤᠷᠠᠯ ᠠᠵᠢᠯ ᠳᠠᠭᠠᠨ ᠣᠷᠣᠯᠴᠠᠵᠤ᠂ ᠡᠶ᠎ᠡ ᠵᠣᠬᠢᠴᠠᠯ ᠲᠠᠢ ᠠᠮᠢᠳᠤᠷᠠᠯ ᠢ ᠨᠠᠩ ᠰᠠᠶᠢᠲᠤᠷ ᠴᠣᠭᠴᠠᠯᠠᠨ ᠪᠠᠶᠢᠭᠤᠯᠵᠤ᠂ ᠥᠪᠡᠷ ᠤᠨ ᠡᠷᠡᠭᠦᠯ ᠴᠢᠭᠢᠷᠠᠭ ᠠᠮᠢᠳᠤᠷᠠᠯ ᠢᠶᠠᠨ ᠳᠡᠭᠡᠭᠰᠢᠯᠡᠭᠦᠯᠬᠦ ᠪᠣᠯᠣᠨ᠎ᠠ᠃ᠨᠠᠨ ᠭᠧ ᠳ᠋ᠦᠩ ᠵᠡᠭᠡᠯᠢ ᠭᠤᠳᠤᠮᠵᠢ ᠴᠤ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠪᠠᠨ ᠰᠠᠭᠤᠭᠠᠯᠢ ᠠᠷᠠᠳ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠨᠡᠶᠢᠭᠡᠮ ᠲᠣᠭᠤᠷᠢᠭ ᠤᠨ ᠲᠣᠣᠷ ᠤᠨ ᠬᠦᠴᠦᠨ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠤ ᠳᠤᠮᠳᠠ ᠭᠦᠨᠵᠡᠭᠡᠶᠢᠷᠡᠵᠦ᠂ ᠤᠬᠠᠭᠤᠯᠭ᠎ᠠ ᠶᠢᠨ ᠪᠦᠷᠬᠦᠴᠡ ᠶᠢ ᠨᠡᠮᠡᠭᠳᠡᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠪᠠᠶᠢᠩᠭᠤᠵᠢᠭᠤᠯᠬᠤ ᠪᠠ ᠤᠳᠠᠭᠠᠨ ᠳᠠᠭᠠᠭᠠᠮᠠᠭᠠᠢ ᠪᠣᠯᠭᠠᠬᠤ ᠶᠢ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠵᠦ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭᠲᠠᠢ ᠠᠷᠠᠳ ᠲᠤ ᠳᠣᠲᠣᠨᠣ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1