ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠨᠣᠪᠴᠢᠲᠠᠢ ᠡᠵᠡᠮᠰᠢᠵᠦ ᠪᠠᠲᠤ ᠪᠠᠬᠢ ᠪᠤᠢ ᠪᠣᠯᠭᠠᠬᠤ ᠳᠤ ᠭᠤᠷᠪᠠᠨ ᠵᠠᠩᠭᠢᠯᠠᠭ᠎ᠠ ᠶᠢᠨ ᠦᠭᠡ ᠶᠢ ᠨᠡᠪᠲᠡᠷᠬᠡᠢ ᠣᠶᠢᠯᠠᠭᠠᠬᠤ ᠬᠡᠷᠡᠭᠲᠡᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠬᠡᠷᠡᠭᠲᠡᠢ
ᠨᠡᠶᠢᠲᠡᠯᠡᠭᠰᠡᠨ ᠴᠠᠭ᠄
2023/4/3
      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ︾ ᠭᠡᠵᠦ ᠴᠢᠬᠤᠯᠠᠴᠢᠯᠠᠵᠠᠢ᠃ᠡᠨᠡ ᠪᠣᠯ ᠨᠠᠮ ᠤᠨ ᠲᠥᠪ ᠬᠤᠷᠢᠶ᠎ᠠ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠦᠬᠦ ᠲᠠᠯ᠎ᠠ ᠶᠢ ᠪᠣᠳᠣᠯᠬᠢᠯᠠᠨ᠂ ᠦᠨᠳᠦᠰᠦᠲᠡᠨ ᠤ ᠠᠵᠢᠯ ᠳᠤ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠲᠡᠷᠡ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠣᠨᠴᠠᠯᠢᠭ ᠠᠴᠠ ᠡᠭᠦᠰᠴᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠠᠴᠠ ᠦᠨᠳᠦᠰᠦᠲᠡᠨ ᠤ ᠠᠵᠢᠯ ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠠᠯᠤᠰ ᠬᠡᠳᠤ ᠶᠢᠨ ᠪᠣᠳᠣᠯᠭ᠎ᠠ ᠶᠢ ᠰᠦᠪᠡᠭᠴᠢᠯᠡᠵᠦ᠂ ᠦᠨᠳᠦᠰᠦ ᠪᠠᠨ ᠪᠠᠬᠢᠵᠢᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠳᠤᠷᠠᠳᠤᠭᠰᠠᠨ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠪᠣᠯᠣᠨ᠎ᠠ᠃ᠲᠡᠭᠦᠨ ᠤ ᠬᠠᠷᠠᠯᠲᠠ ᠨᠢ ᠦᠨᠳᠦᠰᠦᠲᠡᠨ ᠨᠦᠭᠦᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠤᠢ ᠪᠣᠯᠭᠠᠬᠤ ᠳᠤ ᠣᠷᠣᠰᠢᠨ᠎ᠠ᠃ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠪᠠᠨ ᠪᠠᠲᠤᠳᠬᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ᠃ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠭᠦᠨ ᠭᠦᠨᠵᠡᠭᠡᠢ ᠠᠭᠤᠯᠬᠤᠨ ᠢ ᠣᠨᠣᠪᠴᠢᠲᠠᠶ ᠡᠵᠡᠮᠳᠡᠬᠦ ᠳᠤ ᠭᠤᠷᠪᠠᠨ ᠵᠠᠩᠭᠢᠯᠠᠭ᠎ᠠ ᠶᠢᠨ ᠦᠭᠡ ᠶᠢ ᠲᠤᠭᠤᠷᠠᠲᠠᠯ᠎ᠠ ᠣᠶᠢᠯᠠᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ᠵᠠᠩᠭᠢᠯᠠᠭ᠎ᠠ  ᠶᠢᠨ ᠦᠭᠡ  ᠶᠢᠨ ᠨᠢᠭᠡ᠄ ᠲᠡᠦᠬᠡᠨ ᠣᠷᠣᠨ ᠪᠠᠶᠢᠷᠢ      ᠦᠨᠳᠦᠰᠦᠲᠡᠨ ᠤ ᠠᠰᠠᠭᠤᠳᠠᠯ ᠪᠣᠯ ᠶᠡᠷᠦ ᠠᠴᠠ ᠭᠠᠭᠴᠠᠭᠠᠷᠳᠠᠮᠠᠯ ᠢᠶᠠᠷ ᠣᠷᠣᠰᠢᠵᠤ ᠢᠷᠡᠭᠰᠡᠨ ᠪᠢᠰᠢ᠂ ᠲᠡᠷᠡ ᠪᠣᠯ ᠨᠡᠶᠢᠭᠡᠮ ᠤᠨ ᠶᠡᠷᠦᠩᠬᠡᠢ ᠠᠰᠠᠭᠤᠳᠠᠯ ᠳᠤ ᠬᠠᠷᠢᠶᠠᠯᠠᠭᠳᠠᠬᠤ ᠪᠥᠭᠡᠳ ᠨᠡᠶᠢᠭᠡᠮ ᠤᠨ ᠶᠡᠷᠦᠩᠬᠡᠢ ᠠᠰᠠᠭᠤᠳᠠᠯ ᠤᠨ ᠨᠢᠭᠡ ᠬᠡᠰᠡᠭ ᠮᠥᠨ᠃ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤ ᠨᠡᠶᠢᠭᠡᠮ ᠤᠨ ᠶᠡᠷᠦᠩᠬᠡᠢ ᠠᠰᠠᠭᠤᠳᠠᠯ ᠢ ᠰᠢᠢᠳᠪᠦᠷᠢᠯᠡᠬᠦ ᠳᠤ ᠲᠦᠰᠢᠭᠯᠡᠨ᠎ᠡ᠂ ᠨᠡᠶᠢᠭᠡᠮ ᠤᠨ ᠶᠡᠷᠦᠩᠬᠡᠢ ᠠᠰᠠᠭᠤᠳᠠᠯ ᠢ ᠰᠢᠢᠳᠪᠦᠷᠢᠯᠡᠬᠦ ᠳᠤ ᠡᠷᠬᠡᠪᠰᠢ ᠦᠨᠳᠦᠰᠦᠲᠡᠨ ᠤ ᠠᠰᠠᠭᠤᠳᠠᠯ ᠢ ᠵᠥᠪ ᠢᠶᠠᠷ ᠰᠢᠢᠳᠪᠦᠷᠢᠯᠡᠬᠦ ᠬᠡᠷᠡᠭᠲᠡᠢ᠃ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ᠂ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠪᠣᠯᠬᠤ ᠡᠨᠡ ᠬᠦ ᠦᠨᠳᠦᠰᠦᠨ ᠤᠯᠤᠰ ᠤᠨ ᠪᠠᠶᠢᠳᠠᠯ ᠠᠴᠠ ᠡᠭᠦᠰᠴᠦ᠂ ᠦᠨᠳᠦᠰᠦᠲᠡᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠶᠤᠮ᠃ᠨᠠᠮ ᠤᠷᠲᠤ ᠬᠤᠭᠤᠴᠠᠭᠠᠨ ᠤ ᠬᠤᠪᠢᠰᠬᠠᠯ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠶᠠᠪᠤᠴᠠ ᠳᠤ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰ ᠤᠨ ᠦᠨᠳᠦᠰᠦᠲᠡᠨ ᠤ ᠠᠰᠠᠭᠤᠳᠠᠯ ᠤᠨ ᠪᠣᠳᠠᠲᠤ ᠪᠠᠶᠢᠳᠠᠯ  ᠲᠠᠢ ᠤᠶᠠᠯᠳᠤᠭᠤᠯᠬᠤ  ᠶᠢ ᠪᠠᠷᠢᠮᠲᠠᠯᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠶᠢ ᠨᠡᠶᠢᠭᠡᠮ ᠤᠨ ᠶᠡᠷᠦᠩᠬᠡᠢ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠦᠨᠳᠦᠰᠦᠲᠡᠨ ᠤ ᠠᠵᠢᠯ ᠤᠨ ᠵᠥᠪ ᠣᠨᠣᠪᠴᠢᠲᠠᠶ ᠦᠨᠳᠦᠰᠦᠨ ᠪᠣᠳᠣᠯᠭ᠎ᠠ ᠴᠢᠭᠯᠡᠯᠲᠡ ᠶᠢ ᠲᠣᠭᠲᠠᠭᠠᠨ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠨᠡᠭᠡᠭᠡᠭᠰᠡᠨ ᠪᠠᠶᠢᠨ᠎ᠠ᠃      ᠠᠳᠠᠯᠢ ᠪᠤᠰᠤ ᠲᠡᠦᠬᠡᠨ ᠴᠠᠭ ᠦᠶ᠎ᠡ ᠳᠤ᠂ ᠨᠠᠮ ᠤᠨ ᠦᠢᠯᠡᠰ ᠤᠨ ᠬᠥᠭᠵᠢᠯᠲᠡ ᠳᠤ ᠠᠳᠠᠯᠢ ᠪᠤᠰᠤ ᠡᠭᠦᠷᠭᠡ ᠲᠤᠯᠭᠠᠷᠠᠵᠤ᠂ ᠦᠨᠳᠦᠰᠦᠲᠡᠨ ᠤ ᠠᠵᠢᠯ ᠤᠨ ᠬᠠᠷᠠᠯᠲᠠ ᠡᠭᠦᠷᠭᠡ ᠴᠦ ᠳᠠᠭᠠᠯᠳᠤᠨ ᠲᠣᠬᠢᠷᠠᠭᠤᠯᠤᠭᠳᠠᠭᠰᠠᠨ ᠪᠠᠶᠢᠨ᠎ᠠ᠃ᠣᠳᠣᠬᠠᠨ ᠳᠤ᠂ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠩᠭᠢᠯᠠᠭ᠎ᠠ ᠶᠢᠨ ᠴᠠᠭ ᠡᠨᠡ ᠪᠣᠯ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠮᠥᠨ᠂ ᠪᠢᠳᠡᠨ ᠢ ᠡᠷᠬᠡᠪᠰᠢ ᠦᠨᠳᠦᠰᠦᠲᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ︽ᠴᠢᠬᠤᠯᠠ ᠶᠡᠭᠡ ᠤᠯᠤᠰ ᠤᠨ ᠶᠡᠭᠡ ᠪᠣᠳᠣᠯᠭ᠎ᠠ︾ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠥᠬᠦᠴᠡᠯ ᠪᠦᠷᠢᠯᠳᠦᠭᠦᠯᠦᠨ ᠬᠦᠴᠦᠨ ᠴᠢᠳᠠᠯ ᠢ ᠨᠢᠭᠲᠠᠷᠠᠭᠤᠯᠬᠤ ᠶᠢ ᠱᠠᠭᠠᠷᠳᠠᠵᠤ ᠪᠠᠶᠢᠨ᠎ᠠ᠃ᠡᠨᠡ ᠪᠣᠯ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠬᠡᠷᠡᠭᠴᠡᠭᠡ ᠮᠥᠨ᠂ ᠲᠡᠦᠬᠡ ᠶᠢᠨ ᠬᠥᠭᠵᠢᠯᠲᠡ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ᠵᠠᠩᠭᠢᠯᠠᠭ᠎ᠠ  ᠶᠢᠨ ᠦᠭᠡ  ᠶᠢᠨ ᠬᠤᠶᠠᠷ᠄ ᠴᠠᠭ ᠦᠶ᠎ᠡ  ᠶᠢᠨ ᠠᠰᠠᠭᠤᠯᠲᠠ      ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠬᠤ ᠳᠠᠭᠠᠨ᠄︽ᠭᠠᠭᠴᠠ ᠬᠦ ᠴᠠᠭ ᠦᠶ᠎ᠡ ᠳᠤ ᠰᠠᠭᠤᠷᠢᠯᠠᠨ ᠣᠨᠴᠠ ᠲᠣᠭᠲᠠᠭᠰᠠᠨ ᠴᠠᠭ ᠦᠶ᠎ᠡ ᠶᠢᠨ ᠠᠰᠠᠭᠤᠳᠠᠯ ᠢ ᠰᠢᠢᠳᠪᠦᠷᠢᠯᠡᠪᠡᠯ ᠰᠠᠶ᠋ᠢ ᠡᠨᠡ ᠬᠦ ᠴᠠᠭ ᠦᠶ᠎ᠡ ᠶᠢᠨ ᠨᠡᠶᠢᠭᠡᠮ ᠤᠨ ᠲᠠᠪᠰᠢᠯᠳᠠ ᠶᠢ ᠲᠦᠯᠬᠢᠨ ᠠᠬᠢᠭᠤᠯᠵᠤ ᠴᠢᠳᠠᠨ᠎ᠠ; ᠭᠠᠭᠴᠠ ᠬᠦ ᠴᠠᠭ ᠦᠶ᠎ᠡ ᠳᠤ ᠰᠠᠭᠤᠷᠢᠯᠠᠨ ᠡᠳᠡᠭᠡᠷ ᠣᠨᠴᠠ ᠲᠣᠭᠲᠠᠭᠰᠠᠨ ᠴᠠᠭ ᠦᠶ᠎ᠡ ᠶᠢᠨ ᠲᠠᠭᠤᠨ ᠢ ᠰᠣᠨᠣᠰᠪᠠᠯ ᠰᠠᠶ᠋ᠢ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠵᠤ ᠴᠢᠳᠠᠨ᠎ᠠ︾ ᠭᠡᠵᠡᠢ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠴᠠᠭ ᠦᠶ᠎ᠡ ᠶᠢᠨ ᠳᠠᠭᠤᠨ ᠢ ᠰᠣᠨᠣᠰᠴᠤ᠂ ᠴᠠᠭ ᠦᠶ᠎ᠡ ᠶᠢᠨ ᠠᠰᠠᠭᠤᠯᠲᠠ ᠶᠢ ᠬᠠᠷᠢᠭᠤᠯᠬᠤ ᠶᠢᠨ ᠬᠠᠮᠲᠤ ᠰᠢᠢᠳᠪᠦᠷᠢᠯᠡᠭᠰᠡᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠮᠥᠨ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠥᠩᠭᠡᠷᠡᠭᠰᠡᠨ ᠤ 20 ᠭᠠᠷᠤᠢ ᠵᠢᠯ ᠤᠨ ᠦᠨᠳᠦᠰᠦᠲᠡᠨ ᠤ ᠬᠦᠷᠢᠶᠡᠨ ᠤ ᠴᠠᠭ ᠦᠶ᠎ᠡ ᠶᠢᠨ ᠠᠰᠠᠭᠤᠯᠲᠠ ᠳᠤ ᠥᠭᠭᠦᠭᠰᠡᠨ ᠶᠡᠷᠦᠩᠬᠡᠢ ᠬᠠᠷᠢᠭᠤᠯᠲᠠ ᠪᠣᠯᠣᠨ᠎ᠠ᠃ᠰᠢᠨ᠎ᠡ ᠵᠠᠭᠤᠨ ᠳᠤ ᠣᠷᠣᠭᠰᠠᠨ ᠠᠴᠠ ᠨᠠᠭᠠᠰᠢ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠦᠬᠦ ᠲᠠᠯ᠎ᠠ ᠪᠠᠷ ᠠᠬᠢᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠦᠳᠲᠡᠷ ᠲᠦᠷᠭᠡᠨ ᠬᠥᠭᠵᠢᠵᠦ᠂ ᠤᠯᠤᠰ ᠤᠨ ᠶᠡᠷᠦᠩᠬᠡᠢ ᠬᠦᠴᠦᠨ ᠶᠡᠭᠡ ᠪᠠᠷ ᠳᠡᠭᠡᠭᠰᠢᠯᠡᠪᠡ᠃2001 ᠣᠨ ᠳᠤ ᠵᠢᠩᠬᠢᠨᠢ ᠪᠠᠷ WTO ᠳᠤ ᠣᠷᠣᠭᠰᠠᠨ ᠢᠶᠠᠷ ᠪᠡᠯᠭᠡ ᠲᠡᠮᠳᠡᠭ ᠪᠣᠯᠭᠠᠵᠤ᠂ ᠳᠤᠮᠳᠠᠳᠤ ᠤᠯᠤᠰ ᠳᠡᠯᠡᠬᠡᠢ ᠶᠢᠨ ᠠᠵᠤ ᠠᠬᠤᠢ ᠶᠢᠨ ᠰᠢᠰᠲ᠋ᠧᠮ ᠳᠤ ᠪᠦᠬᠦ ᠲᠠᠯ᠎ᠠ ᠠᠵᠤ ᠠᠬᠤᠢ ᠶᠢᠨ ᠨᠡᠮᠡᠭᠳᠡᠯ ᠤᠨ ᠥᠷᠭᠡᠨ ᠠᠭᠤᠳᠠᠮ ᠣᠷᠣᠨ ᠵᠠᠢ ᠶᠢ ᠨᠡᠭᠡᠭᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ︽ᠬᠤᠶᠠᠷ ᠵᠠᠬ᠎ᠠ ᠳᠡᠯᠭᠡᠭᠦᠷ︾᠂ ︽ᠬᠤᠶᠠᠷ ᠵᠦᠢᠯ ᠤᠨ ᠡᠬᠢ ᠪᠠᠶᠠᠯᠢᠭ︾ ᠢ ᠭᠦᠢᠴᠡᠳ ᠠᠰᠢᠭᠯᠠᠵᠤ᠂ ᠳᠡᠮᠡᠢ ᠤᠳᠠᠭᠰᠠᠨ ᠦᠭᠡᠢ ᠬᠤᠭᠤᠴᠠᠭᠠᠨ ᠳᠤ ᠳᠡᠯᠡᠬᠡᠢ ᠶᠢᠨ ᠬᠤᠶᠠᠳᠤᠭᠠᠷ ᠲᠣᠮᠣ ᠠᠵᠤ ᠠᠬᠤᠢ ᠶᠢᠨ ᠴᠣᠭᠴᠠ᠂ ᠦᠢᠯᠡᠳᠬᠦ ᠦᠢᠯᠡᠰ ᠤᠨ ᠨᠢᠭᠡᠳᠦᠭᠡᠷ ᠲᠣᠮᠣ ᠤᠯᠤᠰ᠂ ᠠᠷᠠᠯᠵᠢᠶᠠᠨ ᠤ ᠨᠢᠭᠡᠳᠦᠭᠡᠷ ᠲᠣᠮᠣ ᠤᠯᠤᠰ ᠪᠣᠯᠣᠨ ᠦᠳᠲᠡᠷ ᠲᠦᠷᠭᠡᠨ ᠬᠥᠭᠵᠢᠵᠦ᠂ ᠠᠵᠤ ᠦᠢᠯᠡᠳᠪᠦᠷᠢᠵᠢᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ 4 ᠳ᠋ᠦᠩᠰᠢᠭᠤᠷ ᠭᠠᠷᠤᠢ ᠬᠥᠮᠥᠨ ᠠᠮᠠ ᠶᠢᠨ ᠬᠡᠪᠴᠢᠶ᠎ᠡ ᠲᠠᠢ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠢ ᠪᠤᠢ ᠪᠣᠯᠭᠠᠵᠤ᠂ ᠬᠤᠳᠠ ᠪᠠᠯᠭᠠᠰᠤᠵᠢᠯᠲᠠ ᠶᠢᠨ ᠨᠤᠷᠮ᠎ᠠ 60% ᠶᠢ ᠳᠠᠪᠠᠵᠤ᠂ ᠬᠥᠳᠡᠭᠡ ᠲᠣᠰᠬᠤᠨ ᠤ 1 ᠳ᠋ᠦᠩᠰᠢᠭᠤᠷ ᠰᠢᠬᠠᠮ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠪᠠ᠃ᠬᠥᠭᠵᠢᠯᠲᠡ ᠶᠢᠨ ᠬᠤᠷᠳᠤᠴᠠ ᠶᠢᠨ ᠬᠤᠷᠳᠤᠴᠠ᠂ ᠠᠮᠵᠢᠯᠲᠠ ᠶᠢᠨ ᠶᠡᠭᠡ ᠨᠢ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠠᠬᠢ ᠭᠠᠶᠢᠬᠠᠮᠰᠢᠭ ᠲᠤ ᠲᠣᠭᠠᠴᠠᠭᠳᠠᠨ᠎ᠠ᠃      ᠲᠦᠷᠭᠡᠨ ᠬᠥᠭᠵᠢᠬᠦ  ᠶᠢᠨ ᠵᠡᠷᠭᠡ ᠳᠤ ᠳᠤᠮᠳᠠᠳᠤ ᠤᠯᠤᠰ ᠲᠤ ᠪᠠᠰᠠ ᠠᠯᠢ ᠣᠯᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠪᠠ ᠰᠢᠨ᠎ᠡ ᠥᠷᠢᠰᠦᠯᠳᠦᠭᠡᠨ ᠭᠠᠷᠴᠤ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ  ᠶᠢᠨ ᠡᠭᠦᠷᠭᠡ  ᠶᠢᠨ ᠬᠦᠨᠳᠦ᠂ ᠵᠥᠷᠢᠴᠡᠯ ᠠᠶᠤᠯ ᠲᠦᠭᠰᠢᠭᠦᠷᠢ  ᠶᠢᠨ ᠰᠢᠯᠭᠠᠯᠲᠠ  ᠶᠢᠨ ᠣᠯᠠᠨ᠂ ᠲᠥᠷᠥ  ᠶᠢ ᠵᠠᠰᠠᠵᠤ ᠵᠠᠰᠠᠭ ᠤᠨ ᠶᠠᠪᠤᠳᠠᠯ  ᠢ ᠡᠷᠭᠢᠯᠡᠬᠦ ᠰᠢᠯᠭᠠᠯᠲᠠ  ᠶᠢᠨ ᠶᠡᠬᠡᠩᠬᠢ ᠨᠢ ᠤᠷᠢᠳ ᠡᠮᠦᠨ᠎ᠡ ᠭᠠᠷᠤᠭ᠎ᠠ ᠦᠭᠡᠢ ᠶᠤᠮ ᠃ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠶᠡᠷᠦᠩᠬᠡᠢ ᠱᠦᠵᠢ ᠡᠷᠲᠡᠨ ᠡᠳᠦᠭᠡ ᠶᠢᠨ ᠬᠤᠪᠢᠷᠠᠯᠲᠠ ᠶᠢ ᠠᠵᠢᠭᠯᠠᠵᠤ᠂ ᠴᠠᠭ ᠦᠶ᠎ᠡ ᠶᠢᠨ ᠪᠠᠶᠢᠳᠠᠯ ᠢ ᠠᠵᠢᠭᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ︾ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠭᠠᠷᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠯᠲᠠ ᠡᠭᠦᠷᠭᠡ ᠪᠣᠯᠣᠨ ᠪᠣᠳᠠᠲᠠᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠳᠤᠷᠠᠳᠴᠤ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠬᠤ᠂ ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠡᠢ᠃ᠵᠠᠩᠭᠢᠯᠠᠭ᠎ᠠ  ᠶᠢᠨ ᠦᠭᠡ  ᠶᠢᠨ ᠭᠤᠷᠪᠠ᠄ ᠵᠠᠭᠤᠨ ᠵᠢᠯ ᠤᠨ ᠬᠤᠪᠢᠷᠠᠯᠲᠠ      ᠶᠡᠷᠦᠩᠬᠡᠢ ᠱᠦᠵᠢ ᠰᠢ ᠶᠢᠨ ᠫᠢᠩ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠳᠠᠭᠠᠨ᠄ ︽ᠵᠠᠭᠤᠨ ᠵᠢᠯ ᠤᠨ ᠲᠡᠮᠡᠴᠡᠯ ᠤᠨ ᠳᠤᠮᠳᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠢᠰᠤ ᠤᠷᠤᠰᠴᠤ᠂ ᠰᠡᠳᠬᠢᠯ ᠵᠢᠷᠦᠬᠡ ᠪᠠᠨ ᠨᠢᠭᠲᠠᠷᠠᠭᠤᠯᠤᠨ᠂ ᠬᠠᠮᠲᠤ ᠶᠢᠨ ᠴᠣᠭᠴᠠ ᠶᠢᠨ ᠤᠬᠠᠮᠰᠠᠷ ᠤᠷᠢᠳ ᠡᠮᠦᠨ᠎ᠡ ᠭᠠᠷᠤᠭ᠎ᠠ ᠦᠭᠡᠢ ᠴᠢᠩᠭᠠᠷᠠᠵᠤ᠂ ᠳᠤᠮᠳᠠᠳᠤ ᠶᠢᠨ ᠦᠨᠳᠦᠰᠦᠲᠡᠨ ᠠᠶᠠᠨᠳᠠᠭᠠᠨ ᠣᠷᠣᠰᠢᠵᠤ ᠪᠠᠶᠢᠭᠰᠠᠨ ᠠᠴᠠ ᠪᠠᠨ ᠤᠬᠠᠮᠰᠠᠷ ᠲᠤ ᠬᠦᠷᠬᠦ ᠠᠭᠤᠤ ᠶᠡᠭᠡ ᠬᠤᠪᠢᠷᠠᠯᠲᠠ ᠶᠢ ᠪᠡᠶᠡᠯᠡᠭᠦᠯᠪᠡ︾ ᠭᠡᠵᠦ ᠴᠢᠬᠤᠯᠠᠴᠢᠯᠠᠪᠠ᠃ᠳᠤᠮᠳᠠᠳᠤ ᠶᠢᠨ ᠦᠨᠳᠦᠰᠦᠲᠡᠨ ᠤ ᠠᠶᠠᠨᠳᠠᠭᠠᠨ ᠣᠷᠣᠰᠢᠬᠤᠢ ᠦᠨᠳᠦᠰᠦᠲᠡᠨ ᠤ ᠪᠣᠳᠠᠲᠤ ᠴᠣᠭᠴᠠ ᠶᠢᠨ ᠬᠤᠪᠢ ᠪᠠᠷ ᠪᠦᠷᠢᠯᠳᠦᠭᠰᠡᠨ ᠲᠡᠦᠬᠡ ᠪᠣᠯ ᠲᠤᠶᠢᠯ ᠤᠨ ᠤᠷᠳᠤ ᠤᠳᠠᠭᠠᠨ ᠶᠤᠮ᠂ ᠭᠡᠪᠡᠴᠦ ᠤᠬᠠᠮᠰᠠᠷᠲᠤ ᠦᠨᠳᠦᠰᠦᠲᠡᠨ ᠤ ᠪᠣᠳᠠᠲᠤ ᠴᠣᠭᠴᠠ ᠪᠣᠯᠤᠭᠰᠠᠨ ᠤ ᠬᠤᠪᠢ ᠳᠤ ᠪᠣᠯ ᠣᠶᠢᠷ᠎ᠠ ᠦᠶ᠎ᠡ ᠶᠢᠨ ᠥᠷᠥᠨᠡᠳᠠᠬᠢᠨ ᠤ ᠬᠦᠴᠦᠷᠬᠡᠭ ᠤᠯᠤᠰ ᠤᠳ ᠢ ᠡᠰᠡᠷᠭᠦᠴᠡᠭᠰᠡᠨ ᠵᠠᠭᠤᠨ ᠵᠢᠯ ᠤᠨ ᠲᠡᠮᠡᠴᠡᠯ ᠤᠨ ᠳᠤᠮᠳᠠ ᠢᠯᠡᠷᠡᠭᠰᠡᠨ ᠶᠤᠮ᠃ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠤᠨ ᠳᠤᠮᠳᠠ᠂ ᠡᠬᠡ ᠣᠷᠣᠨᠴᠢ ᠦᠵᠡᠯ ᠢᠶᠠᠷ ᠭᠤᠣᠯᠯᠠᠭᠤᠯᠤᠭᠰᠠᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠤᠷᠢᠳᠤ ᠡᠮᠦᠨ᠎ᠡ ᠭᠠᠷᠤᠭ᠎ᠠ ᠦᠭᠡᠢ ᠣᠷᠭᠢᠯᠤᠨ ᠪᠠᠳᠠᠷᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠠᠰᠤᠷᠠᠯᠳᠠ ᠦᠭᠡᠢ ᠴᠢᠩᠭᠠᠷᠠᠪᠠ᠃      ᠣᠳᠣᠬᠠᠨ ᠤ ᠳᠡᠯᠡᠬᠡᠢ ᠶᠢᠷᠲᠢᠨᠴᠦ ᠳᠤ᠂ ᠤᠯᠠᠨ ᠤᠯᠤᠰ ᠤᠨ ᠪᠠᠶᠢᠷᠢᠰᠢᠯ ᠲᠦᠷᠭᠡᠨ ᠤᠯᠠᠷᠢᠨ ᠬᠤᠪᠢᠰᠴᠤ᠂ ᠤᠯᠠᠨ ᠤᠯᠤᠰ ᠤᠨ ᠬᠠᠷᠢᠴᠠᠭ᠎ᠠ ᠭᠦᠨᠵᠡᠭᠡᠢ ᠲᠣᠬᠢᠷᠠᠭᠤᠯᠤᠭᠳᠠᠵᠤ᠂ ᠲᠣᠭᠲᠠᠭᠤᠨ ᠪᠤᠰᠤ ᠴᠢᠨᠠᠷ ᠪᠠ ᠲᠣᠭᠲᠠᠭᠠᠯᠲᠤ ᠪᠤᠰᠤ ᠴᠢᠨᠠᠷ ᠢᠯᠡᠳᠲᠡ ᠳᠡᠭᠡᠭᠰᠢᠯᠡᠵᠦ᠂ ᠳᠡᠯᠡᠬᠡᠢ ᠶᠢᠷᠲᠢᠨᠴᠦ ᠣᠷᠤᠭ᠎ᠠ ᠪᠤᠰᠬᠠᠭ᠎ᠠ ᠰᠢᠨ᠎ᠡ ᠬᠤᠪᠢᠰᠤᠯᠲᠠ ᠶᠢᠨ ᠬᠤᠭᠤᠴᠠᠭᠠᠨ ᠳᠤ ᠣᠷᠣᠭᠰᠠᠨ ᠪᠠᠶᠢᠨ᠎ᠠ᠃ᠨᠢᠭᠡ ᠲᠠᠯ᠎ᠠ ᠪᠠᠷ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤᠪᠠᠷ ᠠᠰᠢᠭ ᠬᠦᠷᠳᠡᠬᠦ ᠲᠡᠦᠬᠡᠨ ᠤᠷᠤᠰᠬᠠᠯ ᠬᠤᠷᠢᠭᠯᠠᠭᠳᠠᠰᠢ ᠦᠭᠡᠢ ᠶᠤᠮ;ᠨᠦᠭᠦᠭᠡ ᠲᠠᠯ᠎ᠠ ᠪᠠᠷ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠬᠦᠢᠲᠡᠨ ᠲᠠᠶᠢᠨ ᠤ ᠰᠡᠳᠬᠢᠬᠦᠢ ᠪᠠ ᠪᠦᠯᠦᠭᠯᠡᠯ ᠤᠨ ᠤᠯᠤᠰ ᠲᠦᠷᠦ ᠶᠢᠨ ᠤᠷᠤᠰᠬᠠᠯ ᠳᠤ ᠣᠷᠣᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠢ ᠥᠨᠳᠡᠶᠢᠪᠡ᠃ᠬᠥᠮᠥᠨ ᠲᠥᠷᠥᠯᠬᠢᠲᠡᠨ ᠤ ᠨᠡᠶᠢᠭᠡᠮ ᠶᠠᠭ ᠲᠣᠨᠣᠯᠵᠢᠨ ᠵᠠᠮ ᠳᠡᠭᠡᠷ᠎ᠡ ᠵᠣᠭᠰᠣᠵᠤ᠂ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ᠣᠳᠣᠬᠠᠨ ᠤ ᠳᠤᠮᠳᠠᠳᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠳᠡᠯᠡᠬᠡᠢ ᠳᠠᠬᠢ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠳᠡᠯᠡᠬᠡᠢ ᠶᠢᠨ ᠲᠠᠪᠴᠠᠩ ᠤᠨ ᠲᠥᠪ ᠲᠤ ᠡᠳᠦᠷ ᠢᠷᠡᠬᠦᠶ᠎ᠡ ᠣᠶᠢᠷᠠᠲᠤᠵᠤ ᠪᠠᠶᠢᠨ᠎ᠠ᠃ᠡᠭᠦᠨ ᠤ ᠵᠡᠷᠭᠡᠴᠡᠭᠡᠪᠡᠷ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠭᠠᠳᠠᠭᠠᠳᠤ ᠣᠷᠴᠢᠨ ᠨᠥᠬᠦᠴᠡᠯ ᠡᠳᠦᠷ ᠢᠷᠡᠬᠦᠶ᠎ᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠣᠯᠵᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ᠢᠯᠠᠩᠭᠤᠶ᠎ᠠ ᠠᠮᠧᠷᠢᠺᠠ ᠶᠢᠨ ᠥᠷᠥᠨᠡᠳᠠᠬᠢᠨ ᠤ ᠳᠤᠮᠳᠠᠳᠤ ᠤᠯᠤᠰ ᠢ ᠡᠰᠡᠷᠭᠦᠴᠡᠬᠦ ᠬᠦᠴᠦᠨ ᠦᠨᠳᠦᠰᠦᠲᠡᠨ ᠤ ᠲᠤᠬᠠᠢ ᠵᠥᠪᠯᠡᠬᠦ ᠰᠡᠳᠦᠪ ᠭᠡᠳᠡᠭ ᠢ ᠠᠰᠢᠭᠯᠠᠨ ᠳᠤᠮᠳᠠᠳᠤ ᠤᠯᠤᠰ ᠤᠨ ᠳᠣᠲᠣᠭᠠᠳᠤ ᠬᠡᠷᠡᠭ ᠲᠤ ᠭᠠᠷ ᠲᠦᠷᠦᠵᠤ᠂ ᠳᠤᠮᠳᠠᠳᠤ ᠤᠯᠤᠰ ᠤᠨ ᠦᠨᠳᠦᠰᠦᠲᠡᠨ ᠤ ᠬᠠᠷᠢᠴᠠᠭ᠎ᠠ ᠶᠢ ᠬᠠᠳᠬᠤᠨ ᠵᠠᠪᠰᠠᠷᠳᠠᠭᠤᠯᠵᠤ᠂ ᠳᠤᠮᠳᠠᠳᠤ ᠤᠯᠤᠰ ᠤᠨ ᠬᠥᠭᠵᠢᠨ ᠪᠤᠵᠠᠭᠠᠶᠢᠷᠠᠬᠤ ᠶᠢ ᠬᠤᠷᠢᠭᠯᠠᠬᠤ ᠪᠠᠷ ᠳᠡᠮᠡᠶᠢᠷᠡᠨ ᠭᠤᠷᠢᠳᠠᠵᠤ ᠪᠠᠶᠢᠨ᠎ᠠ᠃ᠡᠳᠦᠷ ᠢᠷᠡᠬᠦᠶ᠎ᠡ ᠳᠡᠭᠡᠭᠰᠢᠯᠡᠵᠦ ᠪᠠᠶᠢᠭ᠎ᠠ ᠭᠠᠳᠠᠭᠠᠳᠤ ᠶᠢᠨ ᠠᠶᠤᠯ ᠲᠦᠭᠰᠢᠭᠦᠷᠢ ᠶᠢᠨ ᠥᠷᠢᠰᠦᠯᠳᠦᠭᠡᠨ ᠤ ᠡᠮᠦᠨ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢ ᠨᠢᠭᠡᠨ ᠲᠤᠶᠢᠯ ᠤᠨ ᠴᠢᠬᠤᠯᠠ ᠶᠡᠭᠡ ᠪᠥᠭᠡᠳ ᠪᠠᠴᠢᠮ ᠲᠤᠯᠭᠠᠮ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠤᠭᠰᠠᠨ ᠪᠠᠶᠢᠨ᠎ᠠ᠃      ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠯᠡᠵᠦ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠨᠡᠮᠡᠭᠳᠡᠭᠦᠯᠦᠨ᠂ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠢᠯᠡ ᠪᠥᠭᠡᠳ ᠰᠡᠳᠬᠢᠭᠳᠡᠯ ᠲᠠᠢ ᠪᠥᠭᠡᠳ ᠪᠦᠲᠦᠮᠵᠢᠲᠡᠶ ᠪᠠᠷ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠤᠯᠤᠰ ᠣᠷᠣᠨ ᠤ ᠡᠷᠬᠡ ᠮᠡᠳᠡᠯ᠂ ᠠᠮᠤᠷ ᠲᠦᠪᠰᠢᠨ ᠪᠠ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃︵ᠵᠣᠬᠢᠶᠠᠭᠴᠢ ᠪᠣᠯ ᠤᠮᠠᠷᠠᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠰᠤᠷᠭᠠᠨ ᠬᠥᠮᠦᠵᠢᠯ ᠤᠨ ᠶᠠᠮᠤᠨ ᠤ ᠤᠯᠤᠰ ᠤᠨ ᠢᠯᠭᠠᠯ ᠤᠨ ᠣᠷᠣᠨ ᠤ ᠰᠤᠳᠤᠯᠭᠠᠨ ᠤ ᠡᠷᠬᠢᠯᠡᠭᠴᠢ︶ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠰᠣᠨᠢᠨ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1