ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ
ᠨᠡᠶᠢᠲᠡᠯᠡᠭᠰᠡᠨ ᠴᠠᠭ᠄
2023/4/4
     ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ ᠡᠳᠦᠷ᠂ ᠰᠢᠨ ᠶᠤᠸᠠᠨ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠠᠵᠢᠯᠲᠠᠳ ᠢ ᠵᠣᠬᠢᠶᠠᠨ ᠪᠠᠶᠢᠭᠤᠯᠤᠨ ︽ᠪᠤᠭᠤᠲᠤ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ︾ ᠋ ᠢ ᠲᠥᠪᠯᠡᠷᠡᠭᠦᠯᠦᠨ ᠰᠤᠷᠤᠯᠴᠠᠭᠤᠯᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠪᠠ᠃      ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠪᠠᠷ ᠳᠠᠮᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠤᠳ ᠢ ᠨᠢᠳᠦᠨ ᠡᠮᠦᠨ᠎ᠡ ᠲᠠᠯᠪᠢᠵᠤ᠂ ᠠᠳᠡᠯ ᠤᠨ ᠵᠢᠱᠢᠶ᠎ᠡ ᠪᠠᠷ ᠬᠥᠮᠥᠨ ᠢ ᠦᠨᠡᠨᠬᠦ ᠬᠥᠮᠥᠵᠢᠭᠦᠯᠵᠦ᠂ ᠠᠳᠡᠯ ᠤᠨ ᠵᠢᠱᠢᠶ᠎ᠡ ᠪᠠᠷ ᠬᠥᠮᠥᠨ ᠢ ᠰᠡᠷᠡᠮᠵᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠰᠤᠷᠭᠠᠮᠵᠢ ᠠᠪᠴᠤ᠂ ᠠᠵᠢᠯᠲᠠᠳ ᠤᠨ︽ᠤᠯᠠᠭᠠᠨ ᠱᠤᠭᠤᠮ︾᠎ ᠤᠨ ᠤᠬᠠᠮᠰᠠᠷ ᠢ ᠲᠠᠰᠤᠷᠠᠯᠳᠡ ᠦᠭᠡᠢ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠠᠮᠤᠷ ᠲᠦᠪᠰᠢᠨ ᠢ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠠᠮᠤᠷ ᠲᠦᠪᠰᠢᠨ ᠢ ᠪᠣᠳᠠᠲᠠᠢ ᠠᠳᠬᠤᠬᠤ ᠶᠢ ᠪᠠᠲᠤᠯᠠᠬᠤ ᠬᠡᠷᠡᠭᠲᠡᠢ︔︽ᠪᠤᠭᠤᠲᠤ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ︾᠎ ᠢ ᠵᠣᠬᠢᠶᠠᠨ ᠪᠠᠶᠢᠭᠤᠯᠤᠨ ᠰᠤᠷᠤᠯᠴᠠᠬᠤ ᠪᠠᠷ ᠳᠡᠮᠵᠢᠨ᠂ ᠠᠵᠢᠯᠲᠠᠳ ᠬᠠᠮᠤᠭ ᠤᠨ ᠰᠢᠨ᠎ᠡ ᠠᠶᠤᠯᠭᠦᠢ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠠ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠬᠤᠷᠠᠯ ᠠᠴᠠ ᠱᠠᠭᠠᠷᠳᠠᠭᠰᠠᠨ ᠨᠢ᠂ ᠪᠤᠢ ᠪᠤᠶᠢᠭᠦᠢ ᠠᠵᠢᠯᠲᠠᠳ ᠨᠢᠭᠡ ᠳᠤ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠬᠦᠢᠢᠴᠠᠣᠠ ᠲᠠᠨᠢᠵᠤ᠂ ᠠᠶᠤᠯᠭᠦᠢ ᠦᠢᠯᠡᠳᠪᠦᠷᠢᠯᠡᠯ ᠢ ᠠᠷᠠᠳ ᠲᠦᠮᠡᠨ ᠤ ᠠᠮᠢ ᠨᠠᠰᠤᠨ ᠤ ᠠᠶᠤᠯᠭᠦᠢ ᠶᠢᠨ ᠳᠡᠭᠡᠳᠦ ᠬᠡᠮᠵᠢᠶᠡᠨ ᠠᠴᠠ ᠠᠳᠬᠤᠨ᠂ ᠡᠯ᠎ᠡ ᠵᠦᠢᠯ ᠤᠨ ᠠᠳᠠᠯ ᠬᠡᠷᠠᠭ ᠤᠨ ᠲᠤᠷᠰᠢᠯᠭ᠎ᠠ ᠰᠤᠷᠭᠠᠮᠵᠢ ᠶᠢ ᠬᠢᠨᠠᠮᠠᠭᠠᠢ ᠬᠦᠢᠢᠴᠠᠣᠠ ᠠᠪᠴᠤ᠂ ᠮᠢᠨᠴᠦᠭᠦᠷᠡᠨ ᠬᠤᠶᠢᠷᠭᠤᠰᠢᠬᠤ ᠦᠵᠡᠯ ᠰᠠᠨᠠᠭ᠎ᠠ ᠶᠢ ᠡᠷᠡᠰ ᠢᠶᠠᠷ ᠲᠡᠪᠴᠢᠬᠦ ᠬᠡᠷᠠᠭᠲᠠᠢ᠃ᠬᠤᠶᠠᠷ ᠲᠤ ᠠᠶᠤᠯᠭᠦᠢ ᠦᠢᠯᠡᠳᠪᠦᠷᠢᠯᠡᠯ ᠤᠨ ᠲᠤᠬᠠᠢ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠰᠤᠷᠤᠯᠴᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ᠭᠤᠷᠪᠠ ᠳᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠴᠢᠩᠭ᠎ᠠ ᠠᠳᠬᠤᠨ ᠪᠣᠳᠠᠲᠠᠢ ᠨᠠᠷᠢᠯᠢᠭ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠩᠭ᠎ᠠ ᠠᠳᠬᠤᠵᠤ᠂ ᠬᠢᠨᠠᠯᠲᠠ ᠲᠠᠯᠪᠢᠬᠤ ᠠᠭᠤᠯᠭ᠎ᠠ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠢᠯᠡᠷᠡᠭᠦᠯᠦᠭᠰᠡᠨ ᠠᠰᠠᠭᠤᠳᠠᠯ ᠢ ᠳᠠᠷᠤᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠢ᠃      ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠢ ᠲᠤᠩᠭᠠᠨ ᠪᠣᠳᠣᠯᠬᠢᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠦᠨᠡᠨᠬᠦ ᠪᠡᠶᠡᠯᠡᠭᠦᠯᠵᠡᠢ᠃ᠬᠤᠶᠢᠰᠢᠳᠠ ᠶᠢᠨ ᠠᠵᠢᠯ ᠤᠨ ᠳᠤᠮᠳᠠ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠨᠡᠶᠢᠭᠡᠮ ᠤᠨ ᠣᠷᠴᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠢ ᠪᠤᠢ ᠪᠣᠯᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1