ᠰᠢᠨ ᠶᠤᠸᠠᠨ ᠨᠡᠶᠢᠭᠡᠮ ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/4
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠤᠯᠠᠨ ᠨᠡᠶᠢᠭᠡᠮ ᠲᠣᠭᠤᠷᠢᠭ ᠤᠨ ᠺᠠᠳ᠋ᠷᠴᠤᠳ ᠤᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠳᠡᠭᠡᠷ᠎ᠡ ᠲᠥᠪᠯᠡᠷᠡᠭᠦᠯᠬᠦ ᠶᠢ ᠬᠥᠲᠥᠯᠥᠨ ᠵᠢᠯᠤᠭᠤᠳᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠼᠠᠢ ᠱᠥ᠋ᠨ ᠮᠢᠶᠣᠣ ᠵᠡᠭᠡᠯᠢ ᠭᠤᠳᠤᠮᠵᠢ ᠶᠢᠨ ᠰᠢᠨ ᠶᠤᠸᠠᠨ ᠨᠡᠶᠢᠭᠡᠮ ᠲᠣᠭᠤᠷᠢᠭ ᠲᠤ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ︾ ᠶᠢᠨ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠵᠡᠢ᠃      ᠰᠡᠳᠦᠪ ᠬᠠᠷᠢᠭᠤᠯᠬᠤ ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠺᠠᠳ᠋ᠷᠴᠤᠳ ᠪᠦᠬᠦ ᠠᠩᠬᠠᠷᠤᠯ ᠢᠶᠠᠨ ᠲᠥᠪᠯᠡᠷᠡᠭᠦᠯᠦᠨ ᠬᠠᠷᠢᠭᠤᠯᠲᠠ ᠥᠭᠴᠦ᠂ ᠨᠠᠷᠢᠨ ᠬᠢᠨᠠᠮᠠᠭᠠᠢ ᠪᠣᠳᠠᠲᠠᠢ ᠶᠢ ᠡᠷᠬᠢᠮᠯᠡᠬᠦ᠂ ᠴᠤᠭ ᠪᠠᠳᠠᠷᠠᠩᠭᠤᠢ ᠪᠠᠷ ᠥᠭᠡᠳᠡᠯᠡᠨ ᠲᠠᠪᠰᠢᠬᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠪᠡ᠃ᠰᠡᠳᠦᠪ ᠬᠠᠷᠢᠭᠤᠯᠵᠤ ᠳᠠᠭᠤᠰᠤᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠱᠦᠵᠢ ᠬᠢᠷᠢ ᠪᠦᠲᠦᠮᠵᠢ ᠪᠠᠨ ᠨᠡᠶᠢᠲᠡᠯᠡᠭᠰᠡᠨ ᠪᠥᠭᠡᠳ ᠬᠠᠮᠲᠤ ᠠᠵᠢᠯᠯᠠᠭᠴᠢᠳ ᠢᠶᠠᠨ ᠵᠣᠬᠢᠶᠠᠨ ᠪᠠᠶᠢᠭᠤᠯᠵᠤ ᠬᠠᠷᠢᠭᠤᠯᠲᠠ ᠶᠢ  ᠨᠢ ᠨᠠᠷᠢᠨ ᠬᠢᠨᠠᠮᠠᠭᠠᠢ ᠪᠠᠶᠢᠴᠠᠭᠠᠨ ᠲᠠᠶᠢᠯᠪᠤᠷᠢᠯᠠᠵᠤ ᠰᠤᠷᠤᠯᠴᠠᠭᠤᠯᠪᠠ᠃
     ᠬᠦᠰᠡᠯ ᠵᠡᠭᠦᠳᠦ ᠡᠮᠦᠨᠡᠬᠢ ᠶᠢ ᠭᠡᠶᠢᠭᠦᠯᠵᠦ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠳᠤ ᠲᠠᠭᠠᠷᠠᠨ᠎ᠠ᠃ᠲᠤᠰ ᠤᠳᠠᠭᠠᠨ ᠤ ᠠᠵᠢᠯᠯᠠᠭ᠎ᠠ  ᠶᠢᠨ ᠵᠣᠷᠢᠯᠭ᠎ᠠ ᠨᠢ ︽ᠥᠷᠢᠰᠦᠯᠳᠦᠬᠦ︾ ᠪᠠᠷ ᠰᠤᠷᠤᠯᠴᠠᠬᠤ ᠤᠷᠮ᠎ᠠ ᠵᠣᠷᠢᠭ  ᠢ ᠬᠥᠭᠵᠢᠭᠡᠵᠦ᠂ ︽ᠤᠷᠤᠯᠳᠤᠬᠤ︾ ᠪᠠᠷ ᠬᠦᠰᠡᠯᠡᠩ ᠢᠲᠡᠭᠡᠯ ᠵᠣᠷᠢᠭ  ᠢ ᠪᠠᠲᠤᠳᠬᠠᠵᠤ᠂ ︽ᠬᠠᠷᠢᠯᠴᠠᠨ ᠰᠤᠷᠤᠯᠴᠠᠵᠤ ᠬᠠᠷᠢᠯᠴᠠᠨ ᠠᠳᠠᠯᠢᠳᠬᠠᠬᠤ᠂ ᠬᠠᠮᠲᠤ ᠪᠠᠷ ᠳᠡᠭᠡᠭᠰᠢᠯᠡᠭᠦᠯᠬᠦ︾ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ  ᠢ ᠪᠤᠶ ᠪᠣᠯᠭᠠᠬᠤ  ᠶᠢᠨ ᠲᠥᠯᠥᠭᠡ ᠶᠤᠮ᠃ᠨᠡᠶᠢᠭᠡᠮ ᠲᠣᠭᠤᠷᠢᠭ ᠤᠨ ᠺᠠᠳ᠋ᠷᠴᠤᠳ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ ᠶᠢ ᠠᠬᠢᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ᠂ ᠬᠦᠴᠦᠯᠡᠬᠦ ᠴᠡᠭ ᠪᠠ ᠲᠤᠰᠤᠯᠲᠠ ᠶᠢ ᠣᠨᠣᠪᠴᠢᠲᠠᠶ ᠣᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠤᠨ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠴᠣ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠳᠦᠷᠰᠦ ᠪᠠᠶᠢᠳᠠᠯ ᠢᠶᠠᠷ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠬᠢᠨ ᠪᠤᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1