︽ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠲᠤ ᠴᠣᠭᠴᠠᠯᠠᠶ᠎ᠠ︾ ︱ ︱ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/4
     ᠠᠮᠤᠷ ᠲᠦᠪᠰᠢᠨ ᠳᠤ ᠪᠠᠭ᠎ᠠ ᠤᠴᠢᠷ ᠭᠡᠵᠦ ᠪᠠᠶᠢᠬᠤ ᠦᠭᠡᠢ᠂ ᠰᠠᠯᠠᠭ᠎ᠠ ᠨᠠᠮᠠᠭ᠎ᠠ ᠶᠡᠷᠦ ᠨᠢ ᠬᠠᠶᠢᠷ᠎ᠠ ᠰᠡᠳᠬᠢᠯᠭᠡ ᠲᠠᠢ ᠬᠤᠯᠪᠣᠭ᠎ᠠ ᠲᠠᠢ ᠪᠠᠶᠢᠳᠠᠭ︕ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠠᠵᠢᠯᠲᠠᠳ ᠪᠣᠯᠣᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠬᠦ ᠶᠢᠨ ᠲᠥᠯᠥᠭᠡ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠣᠶᠢᠯᠠᠭᠠᠵᠤ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠣᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ 3 ᠰᠠᠷ᠎ᠠ ᠶᠢᠨ 29  ᠤ ᠦᠳᠡ ᠶᠢᠨ ᠡᠮᠦᠨ᠎ᠡ᠂ ᠼᠠᠢ ᠱᠥ᠋ᠨ ᠮᠢᠶᠣᠣ ᠵᠡᠭᠡᠯᠢ ᠭᠤᠳᠤᠮᠵᠢ ᠵᠢᠴᠢ ᠨᠡᠶᠢᠭᠡᠮ ᠲᠣᠭᠤᠷᠢᠭ ᠤᠨ ᠬᠡᠰᠡᠭ ᠺᠠᠳ᠋ᠷ ᠳ᠋ᠦᠩ ᠾᠧ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠳᠤ︽ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠬᠤ·ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ︾ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠥᠷᠨᠢᠭᠦᠯᠬᠦ ᠳᠤ ᠣᠷᠣᠯᠴᠠᠪᠠ᠃
     ᠲᠠᠶᠢᠯᠤᠮᠵᠢ ᠳᠤ᠂ ᠯᠧᠺᠲ᠋ᠣᠷ ᠾᠧ ᠢ ᠴᠧᠩ ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠲᠤ ᠭᠠᠷᠤᠭᠰᠠᠨ ᠭᠠᠯ ᠤᠨ ᠭᠠᠮᠰᠢᠭ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠮᠡᠳᠡᠯᠭᠡ ᠠᠴᠠ ᠭᠠᠷᠳᠠᠵᠤ᠂ ᠡᠳᠦᠷ ᠲᠤᠲᠤᠮ ᠤᠨ ᠠᠮᠢᠳᠤᠷᠠᠯ ᠳᠤᠮᠳᠠᠬᠢ ᠴᠠᠬᠢᠯᠭᠠᠨ ᠬᠡᠷᠡᠭᠰᠡᠯ ᠤᠨ ᠲᠥᠷᠥᠯ᠂ ᠰᠢᠲᠠᠮᠠᠬᠠᠢ ᠬᠡᠢ ᠶᠢᠨ ᠲᠥᠷᠥᠯ ᠤᠨ ᠭᠠᠯ ᠤᠨ ᠭᠠᠮᠰᠢᠭ ᠢ ᠵᠢᠭᠰᠠᠭᠠᠨ ᠪᠠᠶᠢᠴᠠᠭᠠᠬᠤ ᠠᠷᠭ᠎ᠠ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠪᠠᠷ ᠲᠠᠶᠢᠯᠪᠤᠷᠢᠯᠠᠬᠤ ᠶᠢᠨ ᠬᠠᠮᠲᠤ᠂ ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠ ᠬᠡᠷᠬᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ᠂ ᠬᠥᠮᠥᠰ ᠢ ᠬᠡᠷᠬᠢᠨ ᠵᠣᠬᠢᠶᠠᠨ ᠪᠠᠶᠢᠭᠤᠯᠵᠤ ᠲᠠᠷᠬᠠᠭᠠᠬᠤ ᠵᠡᠷᠭᠡ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃      ᠲᠣᠰ ᠤᠳᠠᠭᠠᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢ ᠥᠷᠨᠢᠭᠦᠯᠦᠭᠰᠡᠨ ᠨᠢ ᠼᠠᠢ ᠱᠧᠨ ᠮᠢᠶᠣᠣ ᠵᠡᠭᠡᠯᠢ ᠭᠤᠳᠤᠮᠵᠢ ᠪᠣᠯᠣᠨ ᠨᠡᠶᠢᠭᠡᠮ ᠲᠣᠭᠤᠷᠢᠭ ᠤᠨ ᠠᠵᠢᠯᠲᠠᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠣᠯᠣᠨ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠥᠭᠡᠳ ᠣᠯᠠᠨ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠪᠠᠭ᠎ᠠ ᠶᠠᠪᠤᠳᠠᠯ ᠦᠭᠡᠢ ᠭᠡᠳᠡᠭ ᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠢ ᠭᠡᠵᠦ ᠰᠡᠷᠡᠮᠵᠢᠯᠡᠭᠦᠯᠵᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1