ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ ᠡᠳᠦᠷ᠂ ᠰᠢᠨ ᠶᠤᠸᠠᠨ ᠨᠡᠶᠢᠭᠡᠮ | ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠠᠵᠢᠯᠲᠠᠳ ᠢ ᠵᠣᠬᠢᠶᠠᠨ ᠪᠠᠶᠢᠭᠤᠯᠤᠨ ︽ᠪᠤᠭᠤᠲᠤ ᠬᠤᠳᠠ ᠶᠢᠨ | ᠠᠶᠤᠯᠭᠦᠢ ᠦᠢᠯᠡᠳᠪᠦᠷᠢᠯᠡᠯ ᠤᠨ ᠳᠦᠷᠢᠮ︾ ᠋ ᠢ ᠲᠥᠪᠯᠡᠷᠡᠭᠦᠯᠦᠨ ᠰᠤᠷᠤᠯᠴᠠᠭᠤᠯᠬᠤ ᠶᠢᠨ ᠬᠠᠮᠲᠤ ᠠᠶᠤᠯᠭᠦᠢ | ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠪᠠ᠃ | ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠪᠠᠷ ᠳᠠᠮᠵᠢᠭᠤᠯᠵᠤ᠂ | ᠠᠶᠤᠯᠭᠦᠢ ᠦᠢᠯᠡᠳᠪᠦᠷᠢᠯᠡᠯ ᠤᠨ ᠠᠳᠡᠯ ᠤᠳ ᠢ ᠨᠢᠳᠦᠨ ᠡᠮᠦᠨ᠎ᠡ ᠲᠠᠯᠪᠢᠵᠤ᠂ ᠠᠳᠡᠯ ᠤᠨ ᠵᠢᠱᠢᠶ᠎ᠡ ᠪᠠᠷ ᠬᠥᠮᠥᠨ ᠢ | ᠦᠨᠡᠨᠬᠦ ᠬᠥᠮᠥᠵᠢᠭᠦᠯᠵᠦ᠂ ᠠᠳᠡᠯ ᠤᠨ ᠵᠢᠱᠢᠶ᠎ᠡ ᠪᠠᠷ ᠬᠥᠮᠥᠨ ᠢ ᠰᠡᠷᠡᠮᠵᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ | ᠠᠳᠡᠯ ᠠᠴᠠ ᠰᠤᠷᠭᠠᠮᠵᠢ ᠠᠪᠴᠤ᠂ ᠠᠵᠢᠯᠲᠠᠳ ᠤᠨ︽ᠤᠯᠠᠭᠠᠨ ᠱᠤᠭᠤᠮ︾ ᠤᠨ ᠤᠬᠠᠮᠰᠠᠷ ᠢ ᠲᠠᠰᠤᠷᠠᠯᠳᠡ ᠦᠭᠡᠢ | ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠠᠮᠤᠷ ᠲᠦᠪᠰᠢᠨ ᠢ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ | ᠲᠠᠯ᠎ᠠ ᠪᠠᠷ ᠠᠮᠤᠷ ᠲᠦᠪᠰᠢᠨ ᠢ ᠪᠣᠳᠠᠲᠠᠢ ᠠᠳᠬᠤᠬᠤ ᠶᠢ ᠪᠠᠲᠤᠯᠠᠬᠤ ᠬᠡᠷᠡᠭᠲᠡᠢ︔︽ᠪᠤᠭᠤᠲᠤ ᠬᠤᠲᠠ ᠶᠢᠨ ᠠᠶᠤᠯᠭᠦᠢ | ᠦᠢᠯᠡᠳᠪᠦᠷᠢᠯᠡᠯ ᠤᠨ ᠳᠦᠷᠢᠮ︾ ᠢ ᠵᠣᠬᠢᠶᠠᠨ ᠪᠠᠶᠢᠭᠤᠯᠤᠨ ᠰᠤᠷᠤᠯᠴᠠᠬᠤ ᠪᠠᠷ ᠳᠡᠮᠵᠢᠨ᠂ ᠠᠵᠢᠯᠲᠠᠳ ᠬᠠᠮᠤᠭ ᠤᠨ | ᠰᠢᠨ᠎ᠡ ᠠᠶᠤᠯᠭᠦᠢ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠵᠤ᠂ ᠠᠶᠤᠯᠭᠦᠢ | ᠦᠢᠯᠡᠳᠪᠦᠷᠢᠯᠡᠯ ᠤᠨ ᠤᠬᠠᠮᠰᠠᠷ ᠪᠠ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | | | | ᠬᠤᠷᠠᠯ ᠠᠴᠠ ᠱᠠᠭᠠᠷᠳᠠᠭᠰᠠᠨ ᠨᠢ᠂ ᠪᠤᠢ ᠪᠤᠶᠢᠭᠦᠢ ᠠᠵᠢᠯᠲᠠᠳ ᠨᠢᠭᠡ ᠳᠤ ᠣᠳᠣᠬᠠᠨ ᠤ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠢ ᠬᠦᠢᠢᠴᠠᠣᠠ ᠲᠠᠨᠢᠵᠤ᠂ ᠠᠶᠤᠯᠭᠦᠢ ᠦᠢᠯᠡᠳᠪᠦᠷᠢᠯᠡᠯ ᠢ ᠠᠷᠠᠳ ᠲᠦᠮᠡᠨ ᠤ ᠠᠮᠢ | ᠨᠠᠰᠤᠨ ᠤ ᠠᠶᠤᠯᠭᠦᠢ ᠶᠢᠨ ᠳᠡᠭᠡᠳᠦ ᠬᠡᠮᠵᠢᠶᠡᠨ ᠠᠴᠠ ᠠᠳᠬᠤᠨ᠂ ᠡᠯ᠎ᠡ ᠵᠦᠢᠯ ᠤᠨ ᠠᠳᠠᠯ ᠬᠡᠷᠠᠭ ᠤᠨ ᠲᠤᠷᠰᠢᠯᠭ᠎ᠠ | ᠰᠤᠷᠭᠠᠮᠵᠢ ᠶᠢ ᠬᠢᠨᠠᠮᠠᠭᠠᠢ ᠬᠦᠢᠢᠴᠠᠣᠠ ᠠᠪᠴᠤ᠂ ᠮᠢᠨᠴᠦᠭᠦᠷᠡᠨ ᠬᠤᠶᠢᠷᠭᠤᠰᠢᠬᠤ ᠦᠵᠡᠯ ᠰᠠᠨᠠᠭ᠎ᠠ ᠶᠢ ᠡᠷᠡᠰ ᠢᠶᠠᠷ | ᠲᠡᠪᠴᠢᠬᠦ ᠬᠡᠷᠠᠭᠲᠠᠢ᠃ᠬᠤᠶᠠᠷ ᠲᠤ ᠠᠶᠤᠯᠭᠦᠢ ᠦᠢᠯᠡᠳᠪᠦᠷᠢᠯᠡᠯ ᠤᠨ ᠲᠤᠬᠠᠢ ᠡᠯ᠎ᠡ ᠵᠦᠢᠯ ᠤᠨ ᠬᠠᠤᠯᠢ ᠴᠠᠭᠠᠵᠠ | ᠬᠠᠤᠯᠢ ᠲᠣᠭᠲᠠᠭᠠᠯ ᠢ ᠬᠢᠨᠠᠮᠠᠭᠠᠢ ᠰᠤᠷᠤᠯᠴᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ᠭᠤᠷᠪᠠ ᠳᠤ᠂ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠴᠢᠩᠭ᠎ᠠ ᠠᠳᠬᠤᠨ ᠪᠣᠳᠠᠲᠠᠢ ᠨᠠᠷᠢᠯᠢᠭ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠩᠭ᠎ᠠ ᠠᠳᠬᠤᠵᠤ᠂ ᠬᠢᠨᠠᠯᠲᠠ ᠲᠠᠯᠪᠢᠬᠤ ᠠᠭᠤᠯᠭ᠎ᠠ ᠶᠢ ᠤᠯᠠᠮ | ᠴᠢᠨᠠᠭᠰᠢᠳᠠ ᠨᠠᠷᠢᠯᠢᠭᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ | ᠢᠯᠡᠷᠡᠭᠦᠯᠦᠭᠰᠡᠨ ᠠᠰᠠᠭᠤᠳᠠᠯ ᠢ ᠳᠠᠷᠤᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠲᠠᠩᠰᠠ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠢ᠃ | ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠢ | ᠲᠤᠩᠭᠠᠨ ᠪᠣᠳᠣᠯᠬᠢᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ | ᠳᠡᠭᠡᠭᠰᠢᠯᠡᠭᠦᠯᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠦᠨᠡᠨᠬᠦ ᠪᠡᠶᠡᠯᠡᠭᠦᠯᠵᠡᠢ᠃ᠬᠤᠶᠢᠰᠢᠳᠠ ᠶᠢᠨ | ᠠᠵᠢᠯ ᠤᠨ ᠳᠤᠮᠳᠠ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠨᠡᠶᠢᠭᠡᠮ ᠤᠨ ᠣᠷᠴᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠢ | ᠪᠤᠢ ᠪᠣᠯᠭᠠᠨ᠎ᠠ᠃ | | |