ᠸᠠᠩ ᠷᠦᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/12
     5 ᠰᠠᠷ᠎ᠠ ᠶᠢᠨ 4  ᠤ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠳ᠋ᠦᠩ ᠾᠧ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃      ᠸᠠᠩ ᠷᠦᠢ ᠤᠷᠢᠳ ᠬᠤᠵᠢᠳ ᠨᠣᠯᠤᠤᠷ ᠴᠠᠮᠴᠠ ᠶᠢᠨ ᠪᠠᠶᠢᠷᠢ᠂ 512 ᠳ᠋ᠤᠭᠠᠷ ᠠᠩᠭᠢ ᠶᠢᠨ ᠪᠠᠶᠢᠷᠢ᠂ ᠨᠢᠭᠡᠳᠦᠭᠡᠷ ᠳᠤᠮᠳᠠᠳᠤ ᠰᠤᠷᠭᠠᠭᠤᠯᠢ ᠶᠢ ᠳᠠᠭᠠᠭᠠᠴᠢᠯᠠᠬᠤ ᠪᠠᠶᠢᠷᠢ᠂ ᠪᠡᠯᠡ ᠴᠤᠭᠯᠠᠭᠤᠯᠬᠤ ᠠᠰᠠᠷ᠂ ᠴᠡᠷᠢᠭ ᠤᠨ ᠲᠣᠭᠤᠷᠢᠭ ᠤᠨ ᠶᠡᠭᠡ ᠬᠦᠷᠢᠶ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢ᠂ ᠠᠷᠢᠬᠢᠨ ᠦᠢᠯᠡᠳᠪᠦᠷᠢ ᠶᠢᠨ ᠠᠰᠠᠷ ᠵᠡᠷᠭᠡ ᠪᠠᠭ᠎ᠠ ᠲᠣᠭᠤᠷᠢᠭ ᠲᠤ ᠬᠦᠷᠴᠦ᠂ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠴᠠᠢ᠃
     5 ᠰᠠᠷ᠎ᠠ ᠶᠢᠨ 4  ᠤ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠴᠡᠷᠢᠭ ᠤᠨ ᠲᠣᠭᠤᠷᠢᠭ ᠤᠨ ᠶᠡᠭᠡ ᠬᠦᠷᠢᠶᠡᠨ ᠳᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠠᠢ᠃      ᠸᠠᠩ ᠷᠦᠢ ᠴᠢᠬᠤᠯᠠᠴᠢᠯᠠᠭᠰᠠᠨ ᠨᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃︽ᠪᠦᠷᠢᠨ ᠪᠦᠲᠦᠨ ᠨᠡᠶᠢᠭᠡᠮ ᠲᠣᠭᠤᠷᠢᠭ︾ ᠤᠨ ᠱᠠᠭᠠᠷᠳᠠᠯᠭ᠎ᠠ ᠶᠢ ᠪᠠᠷᠢᠮᠵᠢᠶᠠᠯᠠᠵᠤ᠂ ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠬᠦ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠪᠠᠶᠢᠳᠠᠯ ᠢ ᠵᠦᠢ ᠵᠣᠬᠢᠰᠲᠠᠢ ᠨᠢᠭᠡᠳᠦᠯᠲᠡᠢ ᠲᠥᠯᠥᠪᠯᠡᠨ᠂ ᠣᠷᠣᠰᠢᠨ ᠰᠠᠭᠤᠬᠤ ᠳᠤ ᠲᠠᠭᠠᠯᠠᠮᠵᠢᠲᠠᠢ ᠂ ᠲᠣᠰ ᠲᠣᠰ ᠤᠨ ᠣᠨᠴᠠᠯᠢᠭ ᠲᠠᠢ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠥᠯᠢᠭᠡᠷ ᠳᠠᠭᠤᠷᠢᠶᠠᠯ ᠤᠨ ᠢᠨᠵᠧᠨᠧᠷᠢᠩ ᠢ ᠪᠠᠶᠢᠭᠤᠯᠬᠤ ᠬᠡᠷᠡᠭᠲᠡᠢ᠃ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠬᠤᠳᠠ ᠶᠢᠨ ᠠᠷᠠᠳ ᠢᠶᠠᠷ ᠭᠤᠣᠯ ᠪᠣᠯᠭᠠᠵᠤ᠂ ᠬᠤᠳᠠ ᠶᠢᠨ ᠠᠷᠠᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠢᠯᠡᠷᠡᠭᠦᠯᠵᠦ᠂ ᠰᠠᠭᠤᠭᠠᠯᠢ ᠠᠷᠠᠳ ᠤᠨ ᠪᠦᠬᠦ ᠶᠠᠪᠤᠴᠠ ᠳᠤ ᠣᠷᠣᠯᠴᠠᠬᠤ ᠶᠢ ᠪᠡᠶᠡᠯᠡᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠷᠠᠳ ᠤᠨ ᠰᠡᠳᠬᠢᠯ ᠢ ᠣᠯᠬᠤ ᠢᠨᠵᠧᠨᠧᠷᠢᠩ᠂ ᠰᠠᠨᠠᠭ᠎ᠠ ᠠᠮᠤᠷ ᠪᠠᠶᠢᠬᠤ ᠢᠨᠵᠧᠨᠧᠷᠢᠩ ᠢ ᠪᠠᠶᠢᠭᠤᠯᠬᠤ ᠬᠡᠷᠡᠭᠲᠡᠢ᠃ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ᠂︽ᠬᠤᠪᠢᠰᠬᠠᠯ ᠤᠨ ᠠᠳᠠᠯ ᠠᠬᠤᠢ︾ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠥᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠠᠳᠠᠯ ᠠᠬᠤᠢ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠢ ᠨᠢᠭᠲᠠᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠪᠣᠯᠭᠠᠨ ᠴᠣᠭᠴᠠᠯᠠᠬᠤ ᠬᠡᠷᠡᠭᠲᠡᠢ᠃ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠢ ᠵᠠᠰᠠᠬᠤ ᠪᠠ ᠪᠣᠯᠪᠠᠰᠤᠨ ᠬᠤᠳᠠ ᠶᠢᠨ ᠵᠢᠱᠢᠶ᠎ᠡ ᠦᠵᠡᠭᠦᠯᠬᠦ ᠵᠡᠭᠡᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠳᠠ ᠶᠢᠨ ᠲᠣᠭᠤᠷᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃        ᠲᠣᠭᠤᠷᠢᠭ ᠤᠨ ᠤᠳᠤᠷᠢᠳᠤᠯᠭ᠎ᠠ ᠴᠧᠩ ᠯᠢ ᠰᠢᠶᠠᠩ᠂ ᠬᠧ ᠭᠦᠸᠧ ᠷᠦᠢ᠂ ᠶᠠᠩ ᠵᠢᠶᠠᠨ ᠵᠢᠶᠦ᠋ᠨ ᠵᠢᠴᠢ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢ ᠨᠣᠣ ᠪᠦᠦ ᠵᠡᠭᠡᠯᠢ ᠭᠤᠳᠤᠮᠵᠢ᠂ ᠳ᠋ᠦᠩ ᠵᠠᠨ ᠵᠡᠭᠡᠯᠢ ᠭᠤᠳᠤᠮᠵᠢ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1