ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠤᠯᠠᠷᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 17 ᠣᠷᠣᠭᠤᠯᠪᠠ
ᠨᠡᠶᠢᠲᠡᠯᠡᠭᠰᠡᠨ ᠴᠠᠭ᠄
2023/5/12
     ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠵᠣᠭᠰᠣᠭᠠᠵᠤ᠂ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠢᠭᠡᠳᠦᠭᠡᠷ ᠤᠯᠠᠷᠢᠯ ᠪᠣᠯᠲᠠᠯ᠎ᠠ᠂ ᠪᠤᠭᠤᠲᠤ ᠶᠢᠨ ᠬᠥᠩᠭᠡᠨ ᠴᠠᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠨᠢᠭᠡᠨᠲᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 17 ᠣᠷᠣᠭᠤᠯᠤᠨ ᠠᠪᠴᠢᠷᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠪᠡ᠃      ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠬᠦ ᠳᠤ᠂ ᠡᠯ᠎ᠡ ᠲᠣᠮᠣ ᠲᠦᠷᠦᠯ ᠵᠦᠢᠯ ᠶᠠᠭ ᠱᠠᠯᠠᠪᠳᠠᠨ ᠠᠬᠢᠵᠤ ᠪᠤᠢ᠃ᠪᠢᠴᠢᠯ ᠰᠠᠯᠠᠭ᠎ᠠ︵ᠥᠪᠥᠷ ᠮᠣᠩᠭᠤᠯ︶ ᠶᠢᠨ ᠰᠢᠨ᠎ᠡ ᠮᠠᠲᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ 20 ᠲᠦᠮᠡᠨ ᠲᠣᠨ ᠤ ᠪᠣᠬᠢᠷᠲᠤᠯ ᠦᠭᠡᠢ ᠬᠥᠩᠭᠡᠨ ᠬᠡᠮᠵᠢᠶᠡᠨ ᠤ ᠳᠡᠭᠡᠳᠦ ᠲᠡᠰ ᠤᠨ ᠬᠥᠩᠭᠡᠨ ᠴᠠᠭᠠᠨ ᠤ ᠬᠠᠶᠢᠯᠤᠰᠢ ᠶᠢᠨ ᠰᠢᠨ᠎ᠡ ᠮᠠᠲᠧᠷᠢᠶᠠᠯ ᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠳᠤ ᠪᠣᠯᠣᠳ ᠪᠦᠲᠦᠴᠡ ᠶᠢ ᠳᠡᠭᠦᠵᠢᠯᠡᠨ ᠤᠭᠰᠠᠷᠠᠵᠤ ᠪᠤᠢ᠃ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 20 ᠳ᠋ᠦᠩᠰᠢᠭᠤᠷ ᠲᠥᠭᠦᠷᠢᠭ ᠪᠠᠶᠢᠵᠤ᠂ ᠣᠳᠣᠬᠠᠨ ᠳᠤ ᠨᠢᠭᠡᠨᠲᠡ ᠦᠢᠯᠡᠳᠪᠦᠷᠢ ᠶᠢᠨ ᠭᠡᠷ ᠪᠠᠶᠢᠰᠢᠩ ᠵᠢᠴᠢ ᠠᠯᠪᠠᠨ ᠠᠰᠠᠷ ᠤᠨ 50% ᠶᠢᠨ ᠪᠠᠷᠢᠯᠭ᠎ᠠ ᠶᠢᠨ ᠬᠡᠮᠵᠢᠶ᠎ᠡ ᠶᠢ ᠪᠡᠶᠡᠯᠡᠭᠦᠯᠵᠦ᠂ ᠵᠢᠯ ᠤᠨ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ᠲᠦᠷᠦᠯ ᠵᠦᠢᠯ ᠪᠦᠬᠦᠨ ᠢᠶᠠᠷ ᠢᠶᠠᠨ ᠦᠢᠯᠡᠳᠪᠦᠷᠢᠯᠡᠯ ᠳᠤ ᠣᠷᠣᠵᠤ᠂ ᠦᠢᠯᠡᠳᠬᠦᠨ ᠤ ᠪᠦᠬᠦ ᠦᠷᠳᠡᠭ 80 ᠳ᠋ᠦᠩᠰᠢᠭᠤᠷ ᠲᠥᠭᠦᠷᠢᠭ ᠲᠤ ᠬᠦᠷᠴᠦ᠂ ᠠᠰᠢᠭ ᠬᠤᠨᠵᠢᠪᠤᠷᠢ 9 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃
     ᠪᠢᠴᠢᠯ ᠰᠠᠯᠠᠭ᠎ᠠ ︵ᠥᠪᠥᠷ ᠮᠣᠩᠭᠤᠯ︶ ᠶᠢᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠭᠤᠸᠠᠩ ᠫᠢᠩ ᠲᠠᠨᠢᠯᠴᠠᠭᠤᠯᠬᠤ ᠳᠠᠭᠠᠨ᠄ ︽ᠲᠥᠷᠥᠯ ᠵᠦᠢᠯ ᠳᠤ 10 ᠲᠦᠮᠡᠨ ᠲᠣᠨ ᠨᠡᠷᠡᠨ ᠡᠨᠧᠷᠭᠢ ᠶᠢᠨ ᠬᠡᠷᠡᠯ ᠴᠡᠨᠡᠭ ᠤᠨ ᠬᠠᠪᠢᠰᠤ ᠶᠢᠨ ᠢᠵᠢ ᠪᠦᠷᠢᠳᠦᠭᠦᠯᠬᠦ ᠦᠢᠯᠡᠳᠬᠦᠨ ᠪᠠ 2 ᠲᠦᠮᠡᠨ ᠲᠣᠨ ᠮᠠᠰᠢᠨ ᠲᠡᠷᠭᠡᠨ ᠤ ᠬᠥᠩᠭᠡᠨ ᠬᠡᠮᠵᠢᠶᠡᠨ ᠤ ᠦᠢᠯᠡᠳᠬᠦᠨ ᠢ ᠦᠢᠯᠡᠳᠪᠦᠷᠢᠯᠡᠨ᠎ᠡ᠂ ᠡᠭᠦᠨ ᠳᠤ ᠮᠠᠰᠢᠨ ᠲᠡᠷᠭᠡᠨ ᠤ ᠰᠠᠭᠤᠷᠢ ᠲᠠᠪᠠᠭ᠂ ᠳ᠋ᠢᠶᠠᠨ ᡂᠢ ᠶᠢᠨ ᠲᠠᠪᠠᠭ᠂ ABS ᠨᠡᠭᠡᠯᠡᠭᠡᠢ ᠶᠢᠨ ᠴᠣᠭᠴᠠ ᠵᠡᠷᠭᠡ ᠨᠠᠷᠢᠯᠢᠭ ᠪᠣᠯᠪᠠᠰᠤᠷᠠᠭᠤᠯᠬᠤ ᠵᠦᠢᠯᠡᠰ ᠪᠠᠭᠲᠠᠨ᠎ᠠ᠃ ᠰᠡᠭᠦᠯᠴᠢ  ᠶᠢᠨ ᠬᠤᠭᠤᠴᠠᠭᠠᠨ ᠳᠤ 20 ᠲᠦᠮᠡᠨ ᠲᠣᠨ ᠤ ᠳᠡᠭᠡᠳᠦ ᠳᠡᠰ ᠤᠨ ᠬᠠᠶᠢᠯᠤᠰᠢ  ᠶᠢ ᠪᠦᠬᠦᠨ  ᠢᠶᠠᠷ ᠨᠢ ᠨᠠᠷᠢᠯᠢᠭ ᠪᠣᠯᠪᠠᠰᠤᠷᠠᠭᠤᠯᠵᠤ᠂ ᠰᠢᠨ᠎ᠡ ᠡᠨᠧᠷᠭᠢ  ᠶᠢᠨ ᠰᠤᠷᠪᠤᠯᠵᠢ  ᠶᠢᠨ ᠭᠡᠷᠡᠯ ᠴᠡᠨᠡᠭ ᠤᠨ ᠢᠵᠢ ᠪᠦᠷᠢᠳᠦᠭᠦᠯᠬᠦ ᠲᠣᠨᠣᠭᠯᠠᠯ ᠦᠢᠯᠡᠳᠬᠦᠨ ᠪᠠ ᠰᠢᠨ᠎ᠡ ᠡᠨᠧᠷᠭᠢ  ᠶᠢᠨ ᠰᠤᠷᠪᠤᠯᠵᠢ  ᠶᠢᠨ ᠮᠠᠰᠢᠨ ᠲᠡᠷᠭᠡᠨ ᠤ ᠢᠵᠢ ᠪᠦᠷᠢᠳᠦᠭᠦᠯᠬᠦ ᠪᠦᠲᠦᠴᠡ  ᠶᠢᠨ ᠬᠡᠯᠪᠡᠷᠢ  ᠶᠢᠨ ᠮᠠᠲ᠋ᠧᠷᠢᠶᠠᠯ ᠵᠢᠴᠢ ᠰᠡᠯᠪᠢᠭ ᠲᠣᠨᠤᠭ ᠤᠨ ᠦᠢᠯᠡᠳᠬᠦᠨ ᠪᠣᠯᠭᠠᠨ᠎ᠠ︾ ᠭᠡᠵᠡᠢ᠃
     ᠪᠣᠬᠢᠷᠲᠤᠯ ᠦᠭᠡᠢ ᠬᠥᠩᠭᠡᠨ ᠬᠡᠮᠵᠢᠶᠡᠨ ᠤ ᠳᠡᠭᠡᠳᠦ ᠲᠠᠰ ᠤᠨ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠵᠢᠴᠢ ᠨᠠᠷᠢᠯᠢᠭ ᠡᠳ᠋ᠰᠢᠭᠦᠯᠦᠭᠰᠡᠨ ᠦᠢᠯᠡᠳᠬᠦᠨ ᠢ ᠲᠤᠰᠬᠠᠢ ᠦᠢᠯᠡᠳᠪᠦᠷᠢᠯᠡᠳᠡᠭ ᠣᠳᠣᠬᠢᠴᠢᠯᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠢᠴᠢᠯ ᠰᠢᠨᠵᠢᠯᠡᠬᠦ ᠤᠬᠠᠭᠠᠨ ︵ᠥᠪᠥᠷ ᠮᠣᠩᠭᠤᠯ︶ ᠤ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠬᠦᠨ ᠢ ᠨᠡᠷᠡᠨ ᠡᠨᠧᠷᠭᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ᠂ ᠬᠤᠳᠠᠯᠳᠤᠭᠠᠨ ᠤ ᠬᠡᠷᠡᠭᠯᠡᠭᠡᠨ ᠤ ᠮᠠᠰᠢᠨ ᠵᠡᠷᠭᠡ ᠪᠣᠬᠢᠷᠲᠤᠯ ᠦᠭᠡᠢ ᠰᠢᠨ᠎ᠡ ᠡᠨᠧᠷᠭᠢ ᠶᠢᠨ ᠠᠵᠤ ᠦᠢᠯᠡᠰ ᠲᠤ ᠥᠷᠭᠡᠨ ᠢᠶᠠᠷ ᠬᠡᠷᠡᠭᠯᠡᠵᠦ ᠪᠣᠯᠣᠨ᠎ᠠ᠃ᠲᠥᠷᠥᠯ ᠵᠦᠢᠯ ᠨᠢ ᠬᠥᠩᠭᠡᠨ ᠴᠠᠭᠠᠨ ᠤ ᠤᠰᠤ ᠶᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠦᠢᠯᠡᠳᠬᠦᠨ ᠢ ᠪᠣᠶ ᠪᠣᠯᠭᠠᠵᠤ᠂ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠦᠢᠯᠡᠳᠬᠦᠨ ᠤ ᠦᠵᠦᠭᠦᠷ ᠤᠨ ᠬᠡᠷᠡᠭᠯᠡᠭᠡᠨ ᠤ ᠬᠦᠷᠢᠶ᠎ᠡ ᠴᠠᠷᠠᠭ᠎ᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠬᠦᠴᠦᠨ ᠨᠡᠮᠡᠷᠢᠯᠡᠨ᠎ᠡ᠃
     ᠡᠨᠡ ᠵᠢᠯ ᠠᠴᠠ ᠨᠠᠰᠢ᠂ ᠳ᠋ᠦᠩ ᠡᡁᠸ ᠲᠣᠭᠤᠷᠢᠭ ᠤᠨ ᠬᠢᠨ ᠬᠥᠩᠭᠡᠨ ᠴᠠᠭᠠᠨ ᠤ ᠨᠠᠷᠢᠯᠢᠭ ᠪᠣᠯᠪᠠᠰᠤᠷᠠᠭᠤᠯᠤᠯᠲᠠ ᠶᠢᠨ ᠲᠤᠭ ᠲᠡᠮᠳᠡᠭ ᠤᠨ ᠬᠡᠯᠪᠡᠷᠢ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠠᠵᠢᠯ ᠢ ᠰᠠᠶᠢᠲᠤᠷ ᠬᠢᠵᠦ᠂ ᠨᠡᠮᠡᠭᠳᠡᠯ ᠤᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠴᠢᠨᠠᠷ ᠰᠠᠶᠢᠲᠠᠢ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠲᠦᠷᠦᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠲᠦᠷᠭᠡᠨ ᠪᠡᠶᠡᠯᠡᠭᠦᠯᠵᠦ᠂ ᠬᠥᠩᠭᠡᠨ ᠴᠠᠭᠠᠨ ᠤ ᠠᠵᠤ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠴᠢᠭᠯᠡᠯ ᠲᠡᠰᠢ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ᠃      ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠡᠯᠡ ᠣᠷᠤᠭᠤᠯᠤᠯᠲᠠ ᠶᠢ ᠠᠬᠢᠭᠤᠯᠬᠤ ᠬᠡᠯᠲᠡᠰ ᠤᠨ ᠬᠠᠷᠢᠭᠤᠴᠠᠯᠭᠠᠲᠠᠨ ᠦ᠋ ᠵᠧᠨ ᠵᠦᠩ᠄︽ᠣᠳᠣᠬᠠᠨ ᠳᠤ᠂ ᠬᠤᠸᠠ ᠶᠦᠨ ᠭᠤᠷᠪᠠᠳᠤᠭᠠᠷ ᠬᠤᠭᠤᠴᠠᠭᠠᠨ ᠤ 42 ᠲᠦᠮᠡᠨ ᠲᠣᠨ ᠬᠥᠩᠭᠡᠨ ᠬᠠᠶᠢᠯᠤᠰᠢ ᠶᠢᠨ ᠲᠦᠷᠦᠯ ᠵᠦᠢᠯ᠂ ᠪᠢᠴᠢᠯ ᠰᠠᠯᠠᠭᠠᠨ ᠤ 20 ᠲᠦᠮᠡᠨ ᠲᠣᠨ ᠪᠣᠬᠢᠷᠲᠤᠯ ᠦᠭᠡᠢ ᠬᠥᠩᠭᠡᠨ ᠬᠡᠮᠵᠢᠶᠡᠨ ᠤ ᠳᠡᠭᠡᠳᠦ ᠲᠡᠰ ᠤᠨ ᠬᠥᠩᠭᠡᠨ ᠴᠠᠭᠠᠨ ᠤ ᠬᠠᠶᠢᠯᠤᠰᠢ ᠶᠢᠨ ᠰᠢᠨ᠎ᠡ ᠮᠠᠲ᠋ᠧᠷᠢᠶᠠᠯ ᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ᠂ ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ 9.1 ᠲᠦᠮᠡᠨ ᠲᠣᠨ ᠳ᠋ᠢᠶᠠᠨ ᡂᠢ ᠴᠠᠭᠠᠰᠤᠨ ᠤ ᠲᠦᠷᠦᠯ ᠵᠦᠢᠯ ᠵᠡᠷᠭᠡ ᠨᠢᠭᠡ ᠪᠦᠯᠦᠭ ᠲᠦᠷᠦᠯ ᠵᠦᠢᠯ ᠢ ᠶᠠᠭ ᠲᠦᠷᠭᠡᠨ ᠪᠦᠲᠦᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠬᠥᠭᠵᠢᠯᠲᠡ ᠮᠠᠰᠢ ᠰᠠᠶᠢᠨ ᠪᠠᠶᠢᠨ᠎ᠠ︾ᠭᠡᠵᠦ ᠲᠠᠨᠢᠯᠴᠠᠭᠤᠯᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1